—2018 ᠣᠨ ᠤ 1 ᠳ᠋ᠣᠭᠡᠷ ᠰᠠᠷ᠎ᠠ ᠶᠢᠨ 7 ᠤ ᠡᠳᠦᠷ ᠣᠷᠳᠣᠰ ᠬᠤᠲᠠ ᠶᠢᠨ | ᠲᠥᠷᠪᠡᠳᠦᠬᠡᠷ ᠬᠤᠭᠤᠴᠠᠭᠠᠨ ᠤ ᠠᠷᠠᠳ ᠤᠨ ᠲᠦᠯᠦᠬᠡᠯᠡᠭᠴᠢᠳ ᠤᠨ | ᠶᠡᠭᠡ ᠬᠤᠷᠠᠯ ᠤᠨ ᠠᠩᠬᠠᠳᠤᠭᠠᠷ ᠤᠳᠠᠭᠠᠨ ᠤ ᠬᠤᠷᠠᠯᠳᠤᠭᠠᠨ ᠳᠡᠭᠡᠷ᠎ᠡ | ᠬᠤᠲᠠ ᠶᠢᠨ ᠳᠠᠷᠤᠭ᠎ᠠ ᠭᠦᠩ ᠮᠢᠩ ᠵᠤ᠋ | | | ᠲᠥᠯᠦᠭᠡᠯᠡᠭᠴᠢᠳ ᠡ᠄ | ᠲᠤᠰ ᠬᠤᠭᠤᠴᠠᠭᠠᠨ ᠤ ᠵᠠᠰᠠᠭ ᠤᠨ ᠤᠷᠳᠤᠨ 2013 ᠣᠨ ᠤ 1 ᠳ᠋ᠣᠭᠡᠷ ᠰᠠᠷ᠎ᠠ ᠳᠤ ᠳᠣᠰᠢᠶᠠᠯ ᠬᠠᠷᠢᠭᠤᠴᠠᠵᠤ᠂ ᠳᠣᠰᠢᠶᠠᠯ ᠤᠨ ᠬᠤᠭᠤᠴᠠᠭ᠎ᠠ ᠤᠳᠠᠯ | ᠦᠬᠡᠢ ᠲᠡᠭᠦᠰᠬᠦ ᠪᠠᠷ ᠪᠠᠶᠢᠨ᠎ᠠ᠃ ᠣᠳᠣ ᠪᠢ ᠬᠤᠲᠠ ᠶᠢᠨ ᠠᠷᠠᠳ ᠤᠨ ᠵᠠᠰᠠᠭ ᠤᠨ ᠤᠷᠳᠤᠨ ᠢ ᠲᠥᠯᠦᠬᠡᠯᠡᠨ ᠶᠡᠭᠡ ᠬᠤᠷᠠᠯ ᠳᠤ ᠠᠵᠢᠯ ᠤᠨ ᠢᠯᠡᠳᠭᠡᠯ ᠬᠢᠶ᠎ᠡ᠂ | ᠬᠢᠨᠠᠨ ᠵᠦᠪᠯᠡᠬᠦ ᠪᠣᠯᠪᠠᠣ᠂ ᠲᠡᠷᠡᠴᠢᠯᠡᠨ ᠬᠤᠲᠠ ᠶᠢᠨ ᠣᠯᠣᠰ ᠲᠥᠷᠦ ᠶᠢᠨ ᠵᠦᠪᠯᠡᠯᠬᠡᠨ ᠤ ᠭᠡᠰᠢᠬᠦᠳ ᠪᠠ ᠬᠤᠷᠠᠯ ᠳᠤ ᠰᠤᠯᠠ ᠤᠷᠤᠯᠴᠠᠭᠰᠠᠳ ᠰᠠᠨᠠᠯ ᠢᠶᠠᠨ | ᠳᠣᠷᠠᠳᠬᠤ ᠪᠤᠯᠪᠠᠣ᠃ | | ᠨᠢᠬᠡ᠂ ᠥᠩᠬᠡᠷᠡᠭᠰᠡᠨ ᠲᠠᠪᠤᠨ ᠵᠢᠯ ᠤᠨ ᠠᠵᠢᠯ ᠤᠨ ᠡᠷᠬᠢᠴᠡᠬᠦᠯᠦᠯ | | ᠬᠤᠲᠠ ᠶᠢᠨ ᠭᠤᠷᠪᠠᠳᠣᠭᠠᠷ ᠬᠤᠭᠤᠴᠠᠭᠠᠨ ᠤ ᠠᠷᠠᠳ ᠤᠨ ᠲᠥᠯᠦᠬᠡᠯᠡᠭᠴᠢᠳ ᠤᠨ ᠠᠩᠬᠠᠳᠤᠭᠠᠷ ᠤᠳᠠᠭᠠᠨ ᠤ ᠬᠤᠷᠠᠯᠳᠤᠭᠠᠨ ᠠᠴᠠ ᠨᠠᠰᠢᠬᠢ ᠲᠠᠪᠤᠨ ᠵᠢᠯ | ᠳᠤ᠂ ᠤᠷᠳᠤᠰ ᠲᠦᠢᠯ ᠤᠨ ᠶᠡᠷᠦ ᠪᠤᠰᠤ ᠶᠢᠨ ᠴᠠᠭ ᠦᠶ᠎ᠡ ᠶᠢ ᠥᠩᠬᠡᠷᠡᠭᠦᠯᠪᠡ᠃ ᠲᠠᠪᠤᠨ ᠵᠢᠯ ᠤᠨ ᠲᠤᠷᠰᠢ᠂ ᠠᠵᠤ ᠠᠬᠤᠢ ᠤᠷᠤᠭᠤᠳᠠᠵᠤ ᠪᠠᠶᠢᠭ᠎ᠠ ᠳᠠᠷᠤᠯᠲᠠ | ᠶᠡᠬᠡᠰᠴᠦ᠂ ᠪᠦᠲᠦᠴᠡ ᠶᠢᠨ ᠲᠣᠬᠢᠷᠠᠭᠤᠯᠤᠯᠲᠠ ᠬᠦᠴᠢᠷᠳᠡᠯ ᠳᠤ ᠲᠣᠯᠭᠠᠷᠠᠵᠤ᠂ ᠵᠥᠷᠢᠴᠡᠯ ᠲᠦᠭᠰᠢᠬᠦᠷᠢ ᠲᠥᠪᠯᠡᠷᠡᠩᠬᠦᠢ ᠪᠠᠷ ᠢᠯᠡᠷᠡᠭᠰᠡᠨ ᠵᠡᠷᠭᠡ ᠠᠯᠢ ᠤᠯᠠᠨ | ᠪᠡᠷᠬᠡ ᠬᠠᠳᠠᠭᠤ ᠰᠢᠯᠭᠠᠯᠲᠠ ᠶᠢᠨ ᠡᠮᠦᠨ᠎ᠡ᠂ ᠪᠢᠳᠡ ᠲᠥᠪ ᠬᠤᠷᠢᠶ᠎ᠠ᠂ ᠥᠪᠡᠷᠲᠡᠭᠡᠨ ᠵᠠᠰᠠᠬᠤ ᠤᠷᠤᠨ ᠪᠠ ᠬᠤᠲᠠ ᠶᠢᠨ ᠨᠠᠮ ᠤᠨ ᠬᠤᠷᠢᠶ᠎ᠠ ᠶᠢᠨ ᠡᠷᠡᠰ ᠴᠢᠩᠭ᠎ᠠ | ᠤᠳᠣᠷᠢᠳᠤᠯᠭᠠ ᠳᠣᠣᠷ᠎ᠠ᠂ ᠶᠡᠷᠦᠩᠬᠡᠢ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶ᠎ᠠ ᠪᠠ ᠥᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ | ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠦᠨᠵᠡᠬᠡᠢ ᠲᠣᠣᠱᠯᠠᠭᠤᠯᠤᠨ ᠨᠠᠶᠢᠲᠠᠪᠤᠷᠢᠵᠢᠭᠤᠯᠵᠤ᠂ ᠬᠠᠲᠠᠭᠤ ᠰᠢᠯᠭᠠᠯᠲᠠ ᠶᠢ ᠢᠳᠡᠪᠬᠢᠲᠠᠢ ᠪᠠᠷ ᠠᠷᠭᠠᠴᠠᠵᠤ᠂ ᠬᠦᠴᠢᠷ | ᠪᠡᠷᠡᠰᠢᠶᠡᠯ ᠢ ᠵᠣᠷᠢᠭᠲᠠᠢ ᠪᠠᠷ ᠢᠯᠠᠨ ᠳᠠᠪᠠᠵᠤ᠂ ᠪᠦᠬᠦ ᠬᠤᠲᠠ ᠶᠢᠨ ᠡᠯ᠎ᠡ ᠲᠥᠷᠦᠯ ᠤᠨ ᠠᠵᠢᠯ ᠦᠢᠯᠡᠰ ᠤᠨ ᠬᠥᠭᠵᠢᠯᠲᠡ ᠰᠢᠨ᠎ᠡ ᠠᠮᠵᠢᠯᠲᠠ ᠪᠦᠲᠦᠮᠵᠢ ᠤᠯᠵᠤ᠂ | ᠰᠢᠨ᠎ᠡ ᠠᠯᠬᠤᠮ ᠢ ᠠᠯᠬᠤᠵᠤ᠂ ᠴᠢᠨᠡᠬᠡᠯᠢᠭ ᠨᠡᠶᠢᠬᠡᠮ ᠢ ᠪᠦᠬᠦ ᠲᠠᠯ᠎ᠠ ᠪᠠᠷ ᠪᠦᠲᠦᠬᠡᠨ ᠪᠠᠶᠢᠭᠤᠯᠬᠤ ᠳᠤ ᠨᠡᠩ ᠪᠠᠲᠤ ᠪᠠᠬᠢ ᠰᠠᠭᠤᠷᠢ ᠶᠢ ᠲᠠᠯᠪᠢᠪᠠ᠃ | ᠡᠨᠡ ᠲᠠᠪᠤᠨ ᠵᠢᠯ ᠳᠤ᠂ ᠶᠡᠷᠦᠩᠬᠡᠶᠢᠯᠡᠭᠰᠡᠨ ᠪᠤᠲᠠᠲᠤ ᠬᠦᠴᠦᠨ ᠦᠷᠬᠦᠯᠵᠢᠯᠡᠨ ᠳᠡᠭᠡᠭᠰᠢᠯᠡᠪᠡ᠃ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠬᠡᠢ | ᠥᠷᠲᠡᠭ ᠵᠢᠯ ᠪᠦᠷᠢ ᠳᠤᠮᠳᠠᠴᠢ ᠪᠠᠷ 7.9% ᠪᠠᠷ ᠨᠡᠮᠡᠭᠳᠡᠵᠤ᠂ ᠨᠡᠮᠡᠭᠳᠡᠯ ᠤᠨ ᠬᠤᠷᠳᠤᠴᠠ ᠨᠢ ᠪᠦᠬᠦ ᠤᠯᠤᠰ᠂ ᠪᠦᠬᠦ ᠤᠷᠤᠨ ᠤ ᠳᠤᠮᠳᠠᠴᠢ ᠬᠢᠷᠢ ᠳᠥᠪᠰᠢᠨ | ᠠᠴᠠ ᠦᠨᠳᠦᠷ ᠪᠤᠯᠪᠠ︔ ᠣᠯᠠᠨ ᠨᠡᠶᠢᠲᠡ ᠶᠢᠨ ᠡᠳ᠋ ᠤᠨ ᠵᠠᠰᠠᠭ ᠤᠨ ᠳᠥᠰᠦᠪ ᠤᠨ ᠤᠷᠤᠯᠭ᠎ᠠ ᠶᠢ ᠨᠡᠶᠢᠲᠡ 2122 ᠳ᠋ᠦᠩᠰᠢᠭᠤᠷ ᠲᠥᠬᠦᠷᠢᠭ ᠪᠡᠶᠡᠯᠡᠬᠦᠯᠵᠤ᠂ | ᠭᠠᠶᠢᠯᠢ ᠶᠢᠨ ᠤᠷᠤᠯᠭ᠎ᠠ ᠶᠢᠨ ᠡᠵᠡᠯᠡᠬᠦ ᠬᠠᠷᠢᠴᠠᠯ ᠨᠢ ᠵᠠᠭᠤᠨ ᠤ ᠬᠤᠪᠢ ᠶᠢᠨ ᠬᠠᠷᠢᠴᠠᠯ ᠢᠶᠠᠷ 9 ᠨᠡᠮᠡᠭᠳᠡᠵᠤ᠂ ᠤᠷᠤᠯᠭ᠎ᠠ ᠶᠢᠨ ᠶᠠᠰᠣ ᠴᠢᠨᠠᠷ ᠮᠡᠳᠡᠭᠳᠡᠮ᠎ᠡ | ᠳᠡᠭᠡᠭᠰᠢᠯᠡᠪᠡ︔ ᠲᠤᠭᠳᠠᠮᠠᠯ ᠬᠥᠷᠦᠩᠬᠡ ᠶᠢᠨ ᠪᠡᠯᠡ ᠣᠷᠤᠭᠤᠯᠤᠯᠲᠠ ᠶᠢ 1.4 ᠳ᠋ᠦᠩᠰᠢᠭᠤᠷ ᠲᠥᠬᠦᠷᠢᠭ ᠪᠡᠶᠡᠯᠡᠬᠦᠯᠵᠤ᠂ ᠵᠢᠯ ᠪᠦᠷᠢ ᠳᠣᠮᠳᠠᠴᠢ ᠪᠠᠷ 11.5% | ᠪᠠᠷ ᠨᠡᠮᠡᠭᠳᠡᠵᠤ᠂ ᠨᠢᠬᠡ ᠶᠡᠭᠡ ᠪᠦᠯᠦᠭ ᠠᠵᠤ ᠦᠢᠯᠡᠰ ᠤᠨ ᠶᠠᠰᠣ ᠴᠢᠨᠠᠷ ᠢ ᠳᠡᠭᠡᠭᠰᠢᠯᠡᠬᠦᠯᠬᠦ ᠪᠠ ᠰᠠᠭᠤᠷᠢ ᠶᠢ ᠰᠠᠶᠢᠵᠢᠷᠠᠭᠤᠯᠬᠤ᠂ ᠠᠷᠠᠳ ᠤᠨ ᠠᠮᠢᠳᠤᠷᠠᠯ ᠢ | ᠪᠠᠲᠤᠯᠠᠬᠤ ᠲᠥᠷᠦᠯ ᠤᠨ ᠴᠢᠬᠤᠯᠠ ᠲᠤᠮᠤ ᠲᠥᠷᠦᠯ ᠵᠦᠢᠯ ᠪᠠᠶᠢᠭᠤᠯᠤᠭᠳᠠᠨ ᠠᠰᠢᠭᠯᠠᠯᠲᠠ ᠳᠤ ᠤᠷᠤᠪᠠ︔ ᠨᠡᠶᠢᠬᠡᠮ ᠤᠨ ᠬᠡᠷᠡᠭᠯᠡᠬᠡᠨ ᠤ ᠵᠦᠢᠯ ᠢ ᠵᠢᠵᠢᠭᠯᠡᠨ | ᠪᠤᠷᠤᠯᠠᠭᠤᠯᠬᠤ ᠶᠡᠷᠦᠩᠬᠡᠢ ᠲᠤᠭ᠎ᠠ ᠵᠢᠯ ᠪᠦᠷᠢ ᠳᠤᠮᠳᠠᠴᠢ ᠪᠠᠷ 9.4% ᠪᠠᠷ ᠨᠡᠮᠡᠭᠳᠡᠵᠤ᠂ ᠨᠡᠶᠢᠲᠡ 3300 ᠳ᠋ᠦᠩᠰᠢᠭᠤᠷ ᠲᠥᠬᠦᠷᠢᠭ ᠲᠤ ᠬᠦᠷᠴᠦ᠂ ᠬᠡᠷᠡᠭᠯᠡᠬᠡᠨ | ᠤ ᠳᠡᠰ ᠲᠠᠪᠰᠢᠬᠦ ᠠᠯᠬᠤᠴᠠ ᠲᠦᠷᠭᠡᠳᠪᠡ︔ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠬᠦᠮᠦᠨ ᠳᠤᠮᠳᠠᠴᠢ ᠳᠣᠬᠢᠷᠠᠭᠤᠯᠵᠤ ᠪᠤᠯᠬᠤ ᠤᠷᠤᠯᠭ᠎ᠠ 43519 | ᠲᠥᠬᠦᠷᠢᠭ ᠪᠠ 16703 ᠲᠥᠬᠦᠷᠢᠭ ᠲᠤ ᠬᠦᠷᠴᠦ᠂ ᠵᠢᠯ ᠪᠦᠷᠢ ᠳᠤᠮᠳᠠᠴᠢ ᠪᠠᠷ ᠲᠣᠰᠪᠤᠷᠢ 8% ᠪᠠ 9.1% ᠨᠡᠮᠡᠭᠳᠡᠵᠤ᠂ ᠣᠯᠠᠨ ᠲᠦᠮᠡᠨ ᠤ ᠠᠮᠢᠳᠤᠷᠠᠯ | ᠨᠡᠩ ᠪᠠᠶᠠᠨ ᠴᠢᠨᠡᠭᠡᠯᠢᠭ ᠪᠣᠯᠪᠠ᠃ ᠭᠤᠣᠯ ᠠᠵᠤ ᠠᠬᠤᠢ ᠶᠢᠨ ᠬᠦᠢᠴᠡᠳᠬᠡᠯ ᠲᠤᠭ᠎ᠠ ᠪᠦᠬᠦ ᠤᠷᠤᠨ ᠳᠠᠭᠠᠨ ᠲᠦᠷᠦᠬᠦᠯᠡᠵᠤ᠂ ᠶᠡᠷᠦᠩᠬᠡᠶᠢᠯᠡᠭᠰᠡᠨ ᠪᠤᠲᠠᠲᠤ ᠬᠦᠴᠦᠨ | ᠳᠣᠮᠳᠠᠳᠣ ᠪᠠᠷᠠᠭᠤᠨ ᠤᠷᠤᠨ ᠳᠠᠭᠠᠨ ᠡᠮᠦᠨ᠎ᠡ ᠪᠠᠶᠢᠷᠢᠨ ᠳᠤ ᠵᠢᠭᠰᠠᠭᠠᠭᠳᠠᠪᠠ᠃ | ᠡᠨᠡ ᠲᠠᠪᠤᠨ ᠵᠢᠯ ᠳᠤ᠂ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦᠯᠬᠦ ᠠᠯᠬᠤᠮ ᠢ ᠯᠠᠪᠳᠠᠭᠤᠨ ᠪᠠᠲᠤᠲᠠᠢ ᠠᠯᠬᠤᠪᠠ᠃ ᠨᠡᠬᠦᠷᠡᠰᠦᠨ ᠤ ᠠᠵᠢᠯ ᠲᠥᠷᠦᠯ | ᠤᠨ ᠮᠡᠷᠭᠡᠵᠢᠯ ᠲᠤᠨᠤᠭᠯᠠᠯ ᠪᠠ ᠠᠶᠣᠯᠬᠦᠢ ᠦᠢᠯᠡᠳᠪᠦᠷᠢᠯᠡᠯ ᠤᠨ ᠬᠢᠷᠢ ᠲᠥᠪᠰᠢᠨ ᠦᠷᠬᠦᠯᠵᠢᠯᠡᠨ ᠳᠡᠭᠡᠭᠰᠢᠯᠡᠵᠤ᠂ 635 ᠲᠦᠮᠡᠨ ᠺᠢᠯᠤᠸᠠᠲ ᠤᠨ ᠴᠠᠬᠢᠯᠭᠠᠨ | ᠬᠦᠴᠦᠨ ᠤ ᠮᠠᠰᠢᠨ ᠴᠣᠭᠴᠠᠯᠠᠪᠤᠷᠢ᠂ 1180 ᠲᠦᠮᠡᠨ ᠲᠤᠨ ᠤ ᠨᠡᠭᠦᠷᠡᠰᠤᠨ ᠤ ᠬᠢᠮᠢ ᠶᠢᠨ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠴᠢᠳᠠᠪᠤᠷᠢ ᠶᠢ | ᠰᠢᠨ᠎ᠡ ᠪᠠᠷ ᠨᠡᠮᠡᠭᠳᠡᠬᠦᠯᠵᠤ᠂ ᠨᠡᠬᠦᠷᠡᠰᠦ ᠶᠢ ᠳᠣᠬᠠᠢ ᠶᠢᠨ ᠭᠠᠵᠠᠷ ᠲᠤᠨᠢ ᠬᠤᠪᠢᠷᠠᠭᠤᠯᠬᠤ ᠨᠣᠷᠮ᠎ᠠ 19% ᠳᠤ ᠬᠦᠷᠴᠦ᠂ ᠣᠯᠣᠰ ᠤᠨ 4 ᠤᠳᠤ ᠦᠶ᠎ᠡ ᠶᠢᠨ | ᠨᠡᠭᠦᠷᠡᠰᠤᠨ ᠤ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠵᠢᠱᠢᠶ᠎ᠡ ᠦᠵᠡᠬᠦᠯᠬᠦ ᠤᠷᠤᠨ ᠤ ᠨᠢᠬᠡ ᠨᠢ ᠪᠤᠯᠪᠠ᠃ ᠰᠢᠨ᠎ᠡ ᠪᠠᠷ ᠬᠥᠭᠵᠢᠭᠰᠡᠨ ᠠᠵᠤ | ᠦᠢᠯᠡᠰ ᠪᠤᠵᠠᠭᠠᠶᠢᠷᠠᠨ ᠬᠥᠭᠵᠢᠵᠤ᠂ ᠣᠯᠠᠮᠵᠢᠯᠠᠯᠲᠤ ᠠᠵᠤ ᠦᠢᠯᠡᠰ ᠢ ᠰᠢᠨᠡᠳᠭᠡᠨ ᠬᠠᠯᠠᠵᠤ᠂ ᠨᠡᠬᠦᠷᠡᠰᠦᠨ ᠤ ᠪᠤᠰᠤ ᠠᠵᠤ ᠦᠢᠯᠡᠰ ᠤᠨ ᠨᠡᠮᠡᠭᠳᠡᠯ ᠥᠷᠲᠡᠭ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ 50% ᠶᠢ ᠡᠵᠡᠯᠡᠵᠤ᠂ ᠵᠠᠭᠤᠨ ᠤ ᠬᠤᠪᠢ ᠶᠢᠨ ᠬᠠᠷᠢᠴᠠᠯ ᠢᠶᠠᠷ 18.4 | ᠳᠡᠭᠡᠭᠰᠢᠯᠡᠪᠡ᠃ ᠲᠠᠷᠢᠶᠠᠯᠠᠩ ᠮᠠᠯ ᠠᠵᠤ ᠠᠬᠤᠢ ᠶᠢᠨ ᠶᠠᠰᠣ ᠴᠢᠨᠠᠷ ᠳᠡᠭᠡᠭᠰᠢᠯᠡᠨ ᠦᠷ᠎ᠡ ᠠᠰᠢᠭ ᠨᠢ ᠨᠡᠮᠡᠭᠳᠡᠵᠤ᠂ ᠠᠮᠤ ᠪᠤᠳᠠᠭᠠᠨ ᠤ ᠵᠢᠯ ᠤᠨ ᠣᠨᠠᠯᠲᠠ 30 | ᠳ᠋ᠦᠩᠰᠢᠭᠤᠷ ᠵᠢᠩ ᠢ ᠳᠠᠪᠠᠵᠤ᠂ ᠮᠠᠯᠵᠢᠯ ᠤᠨ ᠣᠨ ᠤ ᠲᠡᠵᠢᠬᠡᠵᠤ ᠪᠠᠶᠢᠭ᠎ᠠ ᠮᠠᠯ ᠤᠨ ᠲᠤᠭ᠎ᠠ 1300 ᠲᠦᠮᠡᠨ ᠲᠤᠯᠤᠭᠠᠢ ᠤᠷᠴᠢᠮ ᠳᠣᠭᠲᠠᠪᠤᠷᠢᠵᠢᠪᠠ᠃ ᠤᠳᠤ | ᠦᠶ᠎ᠡ ᠶᠢᠨ ᠦᠢᠯᠡᠴᠢᠯᠡᠬᠡᠨ ᠤ ᠦᠢᠯᠡᠰ ᠲᠦᠷᠬᠡᠨ ᠢᠶᠠᠷ ᠬᠥᠭᠵᠢᠵᠤ᠂ ᠵᠣᠭᠠᠴᠠᠭᠰᠠᠳ ᠮᠢᠩᠭᠠᠨ ᠲᠦᠮᠡᠨ ᠬᠦᠮᠦᠨ ᠣᠳᠠᠭ᠎ᠠ ᠶᠢ ᠳᠠᠪᠠᠵᠤ᠂ ᠦᠢᠯᠡᠴᠢᠯᠡᠬᠡᠨ ᠤ | ᠦᠢᠯᠡᠰ ᠤᠨ ᠡᠵᠡᠯᠡᠬᠦ ᠬᠠᠷᠢᠴᠠᠯ 42% ᠬᠦᠷᠴᠦ᠂ ᠣᠯᠠᠨ ᠴᠢᠭ ᠢᠶᠠᠷ ᠲᠣᠯᠭᠠᠭᠤᠷᠢᠯᠠᠨ᠂ ᠣᠯᠠᠨ ᠡᠰᠢᠵᠢᠯ ᠢᠶᠠᠷ ᠨᠥᠬᠦᠪᠦᠷᠢᠯᠡᠭᠰᠡᠨ ᠣᠳᠣ ᠦᠶ᠎ᠡ ᠶᠢᠨ ᠠᠵᠤ | ᠦᠢᠯᠡᠰ ᠤᠨ ᠳᠣᠭᠳᠠᠯᠴᠠᠭ᠎ᠠ ᠪᠦᠷᠢᠯᠳᠦᠵᠤ᠂ ᠠᠵᠤ ᠠᠬᠤᠢ ᠶᠢᠨ ᠬᠥᠭᠵᠢᠯᠲᠡ ᠨᠡᠩ ᠠᠮᠢᠵᠢᠷᠠᠯ ᠤᠨ ᠬᠦᠴᠦᠨ ᠲᠠᠢ᠂ ᠣᠶᠠᠨ ᠬᠠᠳᠠᠨ ᠴᠢᠨᠠᠷ ᠲᠠᠢ ᠪᠣᠯᠪᠠ᠃ | ᠡᠨᠡ ᠲᠠᠪᠤᠨ ᠵᠢᠯ ᠳᠤ᠂ ᠦᠬᠡᠷᠡᠴᠢᠯᠡᠯᠲᠡ ᠬᠢᠵᠤ ᠴᠢᠯᠦᠬᠡᠲᠠᠢ ᠶᠠᠪᠤᠯᠴᠠᠬᠤ ᠶᠢ ᠳᠠᠰᠣᠷᠠᠯᠲᠠ ᠦᠬᠡᠢ ᠬᠦᠨᠵᠡᠬᠡᠶᠢᠷᠡᠬᠦᠯᠪᠡ᠃ ᠠᠵᠤ ᠠᠬᠤᠢ᠂ ᠠᠮᠢ ᠠᠬᠤᠢ ᠪᠠ | ᠨᠡᠶᠢᠬᠡᠮ ᠤᠨ ᠦᠢᠯᠡᠰ ᠤᠨ ᠬᠡᠪᠴᠢᠶᠡᠨ ᠳᠤ ᠨᠡᠶᠢᠲᠡ 349 ᠦᠬᠡᠷᠡᠴᠢᠯᠡᠯᠲᠡ ᠶᠢᠨ ᠦᠷ᠎ᠡ ᠪᠦᠲᠦᠬᠡᠯ ᠭᠠᠷᠭᠠᠵᠤ᠂ ᠬᠡᠷᠡᠭ ᠵᠦᠪᠳᠡᠬᠦ ᠲᠥᠷᠢᠮ᠂ ᠤᠶᠤᠨᠲᠤ ᠵᠠᠰᠠᠭ | ᠤᠨ ᠶᠠᠪᠤᠳᠠᠯ᠂ ᠪᠠᠶᠢᠭᠠᠯᠢ ᠶᠢᠨ ᠡᠬᠢ ᠪᠠᠶᠠᠯᠢᠭ ᠢ ᠬᠢᠨᠠᠨ ᠪᠤᠳᠤᠬᠤ᠂ ᠣᠯᠣᠰ ᠪᠠ ᠤᠷᠤᠨ ᠨᠤᠲᠤᠭ ᠤᠨ ᠭᠠᠶᠢᠯᠢ ᠶᠢᠨ ᠶᠠᠪᠤᠳᠠᠯ ᠤᠨ ᠬᠠᠮᠲᠤᠷᠠᠯᠴᠠᠭ᠎ᠠ ᠵᠡᠷᠭᠡ ᠲᠠᠯ᠎ᠠ | ᠪᠠᠷ ᠨᠢᠬᠡ ᠪᠦᠯᠦᠭ ︽ᠤᠷᠳᠣᠰ ᠤᠨ ᠳᠣᠷᠰᠢᠯᠭ᠎ᠠ︾ ᠶᠢ ᠪᠣᠢ ᠪᠣᠯᠭᠠᠪᠠ᠃ ᠭᠠᠳᠠᠭᠠᠳᠤ ᠲᠠᠢ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠣᠯᠠᠨ ᠣᠯᠣᠰ | ᠤᠨ ᠠᠭᠠᠷ ᠤᠨ ᠭᠠᠷᠠᠮ ᠢ ᠵᠢᠩᠬᠢᠨᠢ ᠪᠠᠷ ᠨᠡᠬᠡᠬᠡᠵᠤ᠂ ᠬᠥᠬᠡᠬᠤᠲᠠ ᠪᠤᠭᠤᠲᠤ ᠤᠷᠳᠤᠰ ᠤᠨ ᠬᠠᠮᠵᠢᠯᠴᠠᠨ ᠬᠥᠭᠵᠢᠬᠦ ᠲᠠᠯ᠎ᠠ ᠪᠠᠷ ᠰᠢᠨ᠎ᠡ ᠠᠯᠬᠤᠮ ᠢ ᠠᠯᠬᠤᠪᠠ᠃ | ᠴᠢᠳᠠᠪᠤᠷᠢᠲᠠᠨ ᠤᠷᠳᠤᠰ ᠤᠨ ᠪᠠᠶᠢᠯᠳᠤᠬᠤ ᠪᠤᠳᠤᠯᠭ᠎ᠠ ᠶᠢ ᠭᠦᠨᠵᠡᠬᠡᠢ ᠬᠡᠷᠡᠭᠵᠢᠬᠦᠯᠵᠤ᠂ ᠡᠯ᠎ᠡ ᠲᠥᠷᠦᠯ ᠤᠨ ᠴᠢᠳᠠᠪᠤᠷᠢᠲᠠᠨ ᠢ 9.7 ᠲᠦᠮᠡ ᠤᠷᠤᠭᠤᠯᠤᠨ | ᠠᠪᠴᠢᠷᠠᠪᠠ︔ ᠰᠢᠨ᠎ᠡ ᠶᠢ ᠡᠬᠦᠳᠦᠨ ᠬᠥᠭᠵᠢᠬᠦᠯᠬᠦ ᠶᠢ ᠭᠦᠨᠵᠡᠬᠡᠶᠢᠷᠡᠬᠦᠯᠵᠤ᠂ ᠡᠯ᠎ᠡ ᠲᠥᠷᠦᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠬᠦᠳᠬᠦ | ᠠᠴᠢᠶᠠᠯᠠᠪᠤᠷᠢ ᠶᠢ 54 ᠪᠠᠶᠢᠭᠤᠯᠤᠨ ᠪᠦᠲᠦᠬᠡᠵᠤ᠂ ᠣᠯᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠰᠢᠨ᠎ᠡ ᠪᠠᠷ 31 ᠨᠡᠮᠡᠭᠳᠡᠬᠦᠯᠵᠣ᠂ ᠬᠤᠲᠠ | ᠶᠢᠨ ᠳᠡᠭᠡᠳᠦ ᠰᠢᠨ᠎ᠡ ᠮᠡᠷᠭᠡᠵᠢᠯ ᠤᠨ ᠬᠦᠷᠢᠶᠡᠯᠡᠩ ᠢ ᠤᠯᠤᠰ ᠤᠨ ᠳᠡᠰ ᠤᠨ ᠳᠡᠭᠡᠳᠦ ᠰᠢᠨ᠎ᠡ ᠮᠡᠷᠭᠡᠵᠢᠯ ᠤᠨ ᠬᠦᠷᠢᠶᠡᠯᠡᠩ ᠪᠣᠯᠭᠠᠨ ᠳᠡᠰ ᠳᠡᠪᠰᠢᠬᠦᠯᠵᠤ᠂ ᠣᠯᠣᠰ | ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠵᠥᠪᠰᠢᠶᠡᠷᠡᠭᠳᠡᠵᠤ᠂ ᠮᠠᠨ ᠤ ᠬᠤᠲᠠ ᠲᠤᠮᠳᠠᠳᠣ ᠤᠯᠤᠰ ᠤᠨ ᠬᠠᠮᠤᠭ ᠠᠴᠠ ᠪᠣᠶᠢᠵᠢᠯᠲᠠ | ᠶᠢᠨ ᠬᠦᠴᠦᠨ ᠲᠠᠢ ᠰᠢᠨ᠎ᠡ ᠶᠢ ᠡᠬᠦᠳᠬᠦ ᠮᠠᠶ᠋ᠢᠭ ᠤᠨ ᠬᠤᠲᠠ ᠶᠢᠨ ᠡᠩᠨᠡᠭᠡᠨ ᠳᠤ ᠤᠷᠤᠪᠠ᠃ | ᠡᠨᠡ ᠲᠠᠪᠤᠨ ᠵᠢᠯ ᠳᠤ᠂ ᠬᠤᠲᠠ ᠬᠦᠳᠡᠭᠡ ᠶᠢᠨ ᠤᠷᠴᠢᠨ ᠲᠣᠭᠤᠷᠢᠨ ᠤ ᠶᠠᠰᠣ ᠴᠢᠨᠠᠷ ᠳᠠᠬᠢᠨ ᠢᠶᠠᠷ ᠳᠡᠭᠡᠭᠰᠢᠯᠡᠪᠡ᠃ ᠬᠤᠲᠠ ᠶᠢᠨ ᠭᠤᠣᠯ ᠲᠣᠭᠤᠷᠢᠭ ᠤᠨ | ᠴᠤᠭᠴᠠᠵᠢᠭᠰᠠᠨ ᠠᠯᠬᠤᠴᠠ ᠲᠦᠷᠭᠡᠰᠴᠦ᠂ ᠬᠤᠲᠠ ᠶᠢᠨ ᠲᠠᠭᠠᠭᠠᠬᠤ ᠴᠢᠳᠠᠪᠤᠷᠢ ᠮᠡᠳᠡᠭᠳᠡᠮ᠎ᠡ ᠳᠡᠭᠡᠭᠰᠢᠯᠡᠪᠡ᠃ ᠬᠢᠶ᠎ᠠ ᠪᠠᠭᠰᠢ ᠲᠣᠭᠤᠷᠢᠭ ᠲᠥᠷᠦ ᠶᠢᠨ ᠶᠠᠪᠤᠳᠠᠯ | ᠤᠨ ᠬᠤᠷᠢᠶᠠᠨ ᠤ ᠵᠥᠪᠰᠢᠶᠡᠷᠡᠯ ᠢᠶᠠᠷ ᠳᠠᠮᠵᠢᠨ ᠵᠢᠩᠬᠢᠨᠢ ᠪᠠᠷ ᠪᠠᠶᠢᠭᠤᠯᠤᠭᠳᠠᠪᠠ᠃ ᠣᠨᠴᠠᠯᠢᠭᠲᠦ ᠬᠤᠲᠠ ᠪᠠᠯᠭᠠᠰᠣᠨ ᠤ ᠪᠦᠲᠦᠭᠡᠨ ᠪᠠᠶᠢᠭᠤᠯᠤᠯᠲᠠ ᠢᠯᠡᠳᠳᠡ | ᠦᠷ᠎ᠡ ᠪᠦᠲᠦᠮᠵᠢ ᠤᠯᠵᠤ᠂ 10 ᠰᠢᠶᠠᠩ ᠪᠠᠯᠭᠠᠰᠣ ᠪᠦᠬᠦ ᠤᠯᠤᠰ ᠤᠨ ᠣᠨᠴᠠᠯᠢᠭᠲᠦ ᠦᠵᠡᠮᠦᠷᠢ ᠶᠢᠨ ᠵᠢᠭᠤᠯᠴᠢᠯᠠᠯ ᠤᠨ ᠨᠡᠷᠡᠲᠦ ᠪᠠᠯᠭᠠᠰᠣ ᠪᠠᠷ ᠦᠨᠡᠯᠡᠭᠳᠡᠪᠡ᠃ | ᠦᠵᠡᠰᠬᠦᠯᠡᠩᠲᠦ ᠰᠠᠶᠢᠬᠠᠨ ᠬᠦᠳᠡᠭᠡ ᠲᠤᠰᠬᠤᠨ ᠤ ᠪᠦᠲᠦᠬᠡᠨ ᠪᠠᠶᠢᠭᠤᠯᠤᠯᠲᠠ ᠶᠢ ᠬᠦᠨᠵᠡᠬᠡᠢ ᠬᠡᠷᠡᠭᠵᠢᠬᠦᠯᠵᠤ᠂ ᠮᠠᠯᠵᠢᠬᠤ ᠲᠠᠷᠢᠶᠠᠯᠠᠬᠤ ᠤᠷᠤᠨ ᠤ ᠣᠷᠤᠰᠢᠨ | ᠰᠠᠭᠤᠬᠤ ᠤᠷᠴᠢᠨ ᠲᠣᠭᠤᠷᠢᠨ ᠪᠠ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠬᠡᠨ ᠤ ᠬᠢᠷᠢ ᠲᠥᠪᠰᠢᠨ ᠶᠡᠬᠡᠪᠡᠷ ᠳᠡᠭᠡᠭᠰᠢᠯᠡᠪᠡ᠃ ᠰᠠᠭᠤᠷᠢ ᠲᠥᠬᠦᠬᠡᠷᠦᠮᠵᠢ ᠶᠢ | ᠦᠷᠬᠦᠯᠵᠢᠯᠡᠨ ᠰᠠᠶᠢᠵᠢᠷᠠᠭᠤᠯᠵᠤ᠂ ᠳᠡᠭᠡᠳᠦ ᠵᠡᠷᠭᠡ ᠳᠡᠰ ᠤᠨ ᠵᠠᠰᠠᠮᠠᠯ ᠵᠠᠮ ᠢ ᠰᠢᠨ᠎ᠡ ᠪᠠᠷ 1100 ᠺᠢᠯᠤᠮᠧᠲᠷ ᠨᠡᠮᠡᠭᠳᠡᠬᠦᠯᠵᠤ᠂ ᠬᠦᠬᠡᠬᠤᠲᠠ ᠪᠤᠭᠤᠲᠤ ᠤᠷᠳᠤᠰ᠂ | ᠬᠦᠬᠡᠬᠤᠲᠠ ᠵᠡᠬᠦᠡᠭᠠᠷ ᠤᠷᠳᠤᠰ ᠤᠨ ᠬᠦᠳᠡᠯᠬᠡᠬᠦ ᠬᠦᠴᠦᠨ ᠤ ᠭᠠᠯᠲᠤ ᠲᠡᠷᠭᠡ ᠡᠬᠢᠯᠡᠨ ᠠᠰᠢᠭᠯᠠᠯᠲᠠ ᠳᠤ ᠤᠷᠤᠵᠤ᠂ ᠣᠷᠳᠣᠰ ᠨᠢᠰᠭᠡᠯ ᠤᠨ ᠪᠠᠭᠤᠳᠠᠯ ᠪᠦᠬᠦ | ᠤᠯᠤᠰ ᠤᠨ ᠲᠤᠮᠳᠠ ᠬᠡᠯᠪᠡᠷᠢ ᠶᠢᠨ ᠨᠢᠰᠭᠡᠯ ᠤᠨ ᠪᠠᠭᠤᠳᠠᠯ ᠤᠨ ᠡᠩᠨᠡᠭᠡᠨ ᠳᠤ ᠤᠷᠤᠵᠤ᠂ ᠤᠰᠤ ᠬᠠᠩᠭᠠᠬᠤ᠂ ᠴᠠᠬᠢᠯᠭᠠᠨ ᠬᠠᠩᠭᠠᠬᠤ ᠪᠠ ᠴᠢᠮᠡᠭᠡ ᠨᠡᠪᠳᠡᠷᠡᠯᠬᠡ ᠶᠢᠨ | ᠰᠦᠯᠵᠢᠶᠡᠨ ᠤ ᠪᠠᠲᠤᠯᠠᠭ᠎ᠠ ᠶᠢᠨ ᠴᠢᠳᠠᠪᠤᠷᠢ ᠪᠦᠬᠦ ᠲᠠᠯ᠎ᠠ ᠪᠠᠷ ᠳᠡᠭᠡᠭᠰᠢᠯᠡᠪᠡ᠃ ᠮᠠᠨ ᠤ ᠬᠤᠳᠠ ᠲᠠᠬᠢᠨ ᠪᠦᠬᠦ ᠤᠯᠤᠰ ᠤᠨ ᠪᠤᠯᠪᠠᠰᠤᠨ ᠬᠤᠳᠠ ᠪᠤᠯᠵᠤ᠂ | ᠤᠳᠤᠭ ᠤᠨ ᠡᠮᠦᠨᠡᠳᠤ ᠬᠤᠰᠢᠭᠤ᠂ ᠵᠡᠭᠦᠨᠭᠠᠷ ᠬᠤᠰᠢᠭᠤ ᠪᠦᠬᠦ ᠤᠯᠤᠰ ᠤᠨ ᠰᠢᠶᠠᠨ ᠤ ᠲᠡᠰ ᠤᠨ ᠪᠤᠯᠪᠠᠰᠤᠨ ᠬᠤᠳᠠ ᠪᠠᠷ ᠰᠢᠯᠭᠠᠨ ᠰᠤᠩᠭᠤᠭᠳᠠᠵᠤ᠂ | ᠲᠤᠮᠳᠠᠳᠣ ᠤᠯᠤᠰ ᠤᠨ ᠪᠠᠷᠠᠭᠤᠨ ᠤᠷᠤᠨ ᠤ ᠠᠩᠬᠠᠳᠠᠭᠴᠢ ᠪᠤᠯᠪᠠᠰᠣᠨ ᠬᠤᠲᠠ ᠶᠢᠨ ᠰᠦᠷᠦᠭᠵᠢᠯ ᠢ ᠪᠠᠶᠢᠭᠤᠯᠤᠨ ᠪᠦᠲᠦᠬᠡᠵᠤ᠂ ᠤᠯᠤᠰ ᠤᠨ ᠡᠷᠡᠬᠦᠯ ᠬᠠᠮᠠᠭᠠᠯᠠᠯ | ᠤᠨ ᠬᠤᠲᠠ᠂ ᠣᠯᠣᠰ ᠤᠨ ᠴᠡᠴᠡᠷᠯᠢᠭᠵᠢᠬᠦᠯᠦᠭᠰᠡᠨ ᠬᠤᠲᠠ ᠶᠢᠨ ᠨᠡᠷᠡᠶᠢᠳᠦᠯ ᠢ ᠣᠯᠵᠤ᠂ ᠣᠯᠣᠰ ᠤᠨ ᠣᠶᠤᠨᠲᠤ ᠬᠤᠲᠠ ᠶᠢᠨ ᠲᠤᠷᠰᠢᠯᠲᠠ ᠶᠢᠨ ᠴᠢᠭ ᠢᠶᠠᠷ | ᠵᠢᠭᠰᠠᠭᠠᠭᠳᠠᠪᠠ᠃ | ᠡᠨᠡ ᠲᠠᠪᠤᠨ ᠵᠢᠯ ᠳᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠳᠤ ᠢᠯᠡᠳᠳᠡ ᠦᠷ᠎ᠡ ᠪᠦᠲᠦᠮᠵᠢ ᠤᠯᠪᠠ᠃ ᠪᠠᠶᠢᠭᠠᠯᠢᠯᠢᠭ ᠣᠢ ᠶᠢ ᠬᠠᠮᠠᠭᠠᠯᠠᠬᠤ᠂ | ᠲᠠᠷᠢᠶᠠᠯᠠᠬᠤ ᠪᠠᠨ ᠵᠣᠭᠰᠣᠵᠣ ᠣᠢ ᠮᠣᠲᠣ ᠰᠡᠷᠬᠦᠨ ᠲᠠᠷᠢᠬᠤ᠂ ᠭᠤᠣᠯᠳᠠᠯᠭ᠎ᠠ ᠲᠠᠢ ᠤᠷᠤᠨ ᠪᠦᠰᠡ ᠶᠢ ᠨᠤᠭᠤᠭᠠᠷᠠᠭᠤᠯᠬᠤ ᠵᠡᠷᠭᠡ ᠨᠢᠬᠡ ᠪᠦᠯᠦᠭ ᠭᠤᠣᠯᠳᠠᠯᠭ᠎ᠠ | ᠲᠠᠢ ᠠᠮᠢ ᠠᠬᠤᠢ ᠶᠢᠨ ᠪᠦᠲᠦᠬᠡᠨ ᠪᠠᠶᠢᠭᠤᠯᠤᠯᠲᠠ ᠶᠢᠨ ᠢᠨᠵᠧᠨᠧᠷᠢᠩ ᠢ ᠬᠦᠨᠵᠡᠬᠡᠢ ᠬᠡᠷᠡᠭᠵᠢᠬᠦᠯᠵᠤ᠂ 712 ᠲᠦᠮᠡᠨ ᠮᠤ᠋ ᠶᠢᠨ ᠣᠢ ᠰᠢᠭᠤᠢ ᠶᠢᠨ ᠦᠢᠯᠡᠰ ᠤᠨ | ᠪᠦᠲᠦᠬᠡᠨ ᠪᠠᠶᠢᠭᠤᠯᠤᠯᠲᠠ᠂ 2251 ᠲᠦᠮᠡᠨ ᠮᠤ᠋ ᠶᠢᠨ ᠨᠤᠲᠤᠭ ᠪᠡᠯᠴᠢᠬᠡᠷ ᠤᠨ ᠬᠠᠮᠠᠭᠠᠯᠠᠯᠲᠠ ᠶᠢᠨ ᠪᠦᠲᠦᠬᠡᠨ ᠪᠠᠶᠢᠭᠤᠯᠤᠯᠲᠠ᠂ 907 ᠲᠦᠮᠡᠨ ᠮᠤ᠋ ᠶᠢᠨ ᠤᠰᠤ | ᠬᠦᠷᠦᠰᠤ ᠰᠢᠷᠤᠢ ᠶᠢᠨ ᠢᠳᠡᠭᠳᠡᠯ ᠤᠨ ᠶᠡᠷᠦᠩᠬᠡᠢ ᠵᠠᠰᠠᠯᠲᠠ ᠶᠢ ᠪᠡᠶᠡᠯᠡᠬᠦᠯᠵᠤ᠂ ᠣᠢ ᠰᠢᠭᠤᠢ ᠶᠢᠨ ᠪᠦᠷᠬᠦᠯᠲᠡ ᠶᠢᠨ ᠨᠤᠷᠮ᠎ᠠ 26.8% ᠬᠦᠷᠴᠦ᠂ ᠭᠠᠵᠠᠷ | ᠤᠷᠤᠨ ᠤ ᠠᠮᠢ ᠠᠬᠤᠢ ᠶᠢᠨ ᠤᠷᠴᠢᠨ ᠲᠣᠭᠤᠷᠢᠨ ᠢᠯᠡᠳᠳᠡ ᠰᠠᠶᠢᠵᠢᠷᠠᠵᠤ᠂ ᠤᠯᠤᠰ ᠤᠨ ᠣᠢ ᠰᠢᠭᠤᠢ ᠶᠢᠨ ᠬᠤᠲᠠ᠂ ᠪᠦᠬᠦ ᠤᠯᠤᠰ ᠤᠨ ᠨᠤᠭᠤᠭᠠᠷᠠᠭᠤᠯᠤᠯᠳᠠ | ᠶᠢᠨ ᠵᠢᠱᠢᠶᠡᠴᠢ ᠬᠤᠲᠠ ᠵᠡᠷᠭᠡ ᠣᠨᠴᠠᠭᠠᠢ ᠢᠷᠠᠭᠤ ᠠᠯᠳᠠᠷ ᠢ ᠬᠦᠷᠳᠡᠪᠡ᠃ ᠡᠬᠢ ᠪᠠᠶᠠᠯᠢᠭ ᠢ ᠠᠷᠪᠢᠯᠠᠬᠤ ᠮᠠᠶ᠋ᠢᠭ᠂ ᠤᠷᠴᠢᠨ ᠲᠣᠭᠤᠷᠢᠨ ᠯᠤᠭ᠎ᠠ ᠨᠥᠬᠦᠷᠰᠡᠭ | ᠭᠡᠯᠪᠡᠷᠢ ᠶᠢᠨ ᠨᠡᠶᠢᠬᠡᠮ ᠤᠨ ᠪᠦᠲᠦᠬᠡᠨ ᠪᠠᠶᠢᠭᠤᠯᠤᠯᠲᠠ ᠰᠢᠨ᠎ᠡ ᠰᠢᠪᠲᠤᠯᠤᠯᠲᠠ ᠤᠯᠵᠤ᠂ ᠠᠭᠠᠷ ᠮᠠᠨᠳᠠᠯ᠂ ᠣᠰᠣ᠂ ᠬᠦᠷᠦᠰᠦ ᠰᠢᠷᠤᠢ ᠶᠢᠨ ᠪᠣᠬᠢᠷᠳᠤᠯ ᠢ | ᠰᠡᠷᠭᠡᠶᠢᠯᠡᠨ ᠵᠠᠰᠠᠬᠤ ᠲᠥᠯᠦᠪᠯᠡᠭᠡ ᠶᠢ ᠪᠦᠬᠦ ᠲᠠᠯ᠎ᠠ ᠪᠠᠷ ᠬᠡᠷᠡᠭᠵᠢᠬᠦᠯᠵᠤ᠂ ᠨᠢᠬᠡ ᠪᠦᠯᠦᠭ ᠲᠣᠪᠣᠶᠢᠮ᠎ᠠ ᠤᠷᠴᠢᠨ ᠲᠣᠭᠤᠷᠢᠨ ᠤ ᠠᠰᠠᠭᠤᠳᠠᠯ ᠢ ᠰᠢᠢᠳᠪᠦᠷᠢᠯᠡᠵᠤ᠂ | ᠡᠨᠧᠷᠬᠢ ᠠᠷᠪᠢᠯᠠᠨ ᠭᠠᠳᠠᠭᠰᠢᠯᠠᠭᠤᠯᠤᠯᠲᠠ ᠶᠢ ᠪᠠᠭᠠᠰᠬᠠᠬᠤ ᠡᠬᠦᠷᠭᠡ ᠶᠢ ᠳᠠᠪᠠᠭᠤᠯᠤᠨ ᠪᠡᠶᠡᠯᠡᠬᠦᠯᠵᠤ᠂ ᠠᠭᠠᠷ ᠮᠠᠨᠳᠠᠯ ᠤᠨ ᠰᠢᠯᠢᠳᠡᠭ ᠤᠨ ᠨᠣᠷᠮ᠎ᠠ 85% ᠠᠴᠠ | ᠲᠡᠭᠡᠭᠰᠢ ᠬᠦᠷᠴᠦ᠂ ᠪᠦᠬᠦ ᠤᠯᠤᠰ ᠤᠨ ᠡᠮᠦᠨ᠎ᠡ ᠡᠩᠨᠡᠭᠡᠨ ᠳᠤ ᠤᠷᠤᠵᠤ᠂ ᠴᠡᠪᠡᠷ ᠰᠠᠶᠢᠬᠠᠨ ᠠᠮᠢ ᠠᠬᠤᠢ ᠶᠢᠨ ᠤᠷᠴᠢᠨ ᠲᠣᠭᠤᠷᠢᠨ ᠨᠢ ᠨᠢᠬᠡᠨᠲᠡ ᠤᠷᠳᠤᠰ ᠤᠨ | ᠰᠢᠨ᠎ᠡ ᠬᠢᠯᠠᠯᠵᠠᠮ᠎ᠠ ᠨᠡᠷ᠎ᠡ ᠶᠢᠨ ᠬᠠᠭᠤᠳᠠᠰᠣ ᠪᠣᠯᠪᠠ᠃ | ᠡᠨᠡ ᠲᠠᠪᠤᠨ ᠵᠢᠯ ᠳᠤ᠂ ᠠᠷᠠᠳ ᠤᠨ ᠠᠮᠢᠳᠤᠷᠠᠯ ᠦᠷᠬᠦᠯᠵᠢᠯᠡᠨ ᠰᠠᠶᠢᠵᠢᠷᠠᠵᠤ ᠪᠣᠶᠠᠨ ᠭᠡᠰᠢᠭ ᠨᠡᠮᠡᠭᠳᠡᠪᠡ᠃ ᠶᠠᠳᠠᠭᠤ ᠠᠴᠠ ᠠᠩᠬᠢᠵᠢᠷᠠᠭᠤᠯᠬᠤ | ᠰᠢᠪᠲᠤᠯᠤᠯᠲᠠ ᠰᠢᠪᠲᠤᠯᠬᠤ ᠲᠠᠯ᠎ᠠ ᠪᠠᠷ ᠰᠢᠢᠳᠪᠦᠷᠢᠲᠦ ᠴᠢᠨᠠᠷ ᠲᠠᠢ ᠠᠬᠢᠯᠲᠠ ᠲᠠᠢ ᠪᠤᠯᠵᠤ᠂ ᠤᠯᠤᠰ ᠤᠨ ᠪᠠᠷᠢᠮᠵᠢᠶᠠᠲᠤ ᠱᠣᠭᠤᠮ ᠠᠴᠠ ᠲᠣᠣᠷᠠᠬᠢ 4.98 | ᠲᠦᠮᠡᠨ ᠶᠠᠳᠠᠭᠤ ᠬᠦᠴᠢᠷᠳᠡᠯᠲᠠᠢ ᠬᠦᠮᠦᠨ ᠢ ᠯᠠᠪᠳᠠᠭᠤᠨ ᠢᠶᠠᠷ ᠶᠠᠳᠠᠭᠤ ᠠᠴᠠ ᠠᠩᠬᠢᠵᠢᠷᠠᠭᠤᠯᠵᠤ᠂ ᠶᠠᠳᠠᠭᠤ ᠬᠦᠴᠢᠷᠳᠡᠯ ᠤᠨ ᠡᠭᠦᠰᠦᠯᠲᠡ ᠶᠢᠨ ᠨᠤᠷᠮ᠎ᠠ ᠶᠢ 4. | 74% ᠠᠴᠠ ᠪᠠᠭᠤᠷᠠᠭᠤᠯᠤᠭᠠᠳ 0.13% ᠪᠣᠯᠵᠣ᠂ ᠬᠠᠷᠢᠴᠠᠯᠠᠰᠢ ᠦᠬᠡᠢ ᠶᠠᠳᠠᠭᠤ ᠬᠦᠴᠢᠷᠳᠡᠯ ᠢ ᠦᠨᠳᠦᠰᠦᠨ ᠳᠡᠭᠡᠨ ᠠᠷᠢᠯᠭᠠᠪᠠ᠃ ᠣᠯᠠᠨ ᠢᠶᠠᠷ ᠢᠶᠠᠨ | ᠦᠢᠯᠡᠰ ᠪᠦᠲᠦᠭᠡᠵᠤ᠂ ᠰᠢᠨ᠎ᠡ ᠶᠢ ᠡᠬᠦᠳᠬᠦ ᠠᠵᠢᠯᠯᠠᠭ᠎ᠠ ᠥᠷᠨᠢᠨ ᠬᠥᠭᠵᠢᠵᠤ᠂ ᠬᠤᠲᠠ ᠪᠠᠯᠭᠠᠰᠣᠨ ᠳᠤ ᠰᠢᠨ᠎ᠡ ᠪᠠᠷ 15.7 ᠲᠦᠮᠡᠨ ᠬᠦᠮᠦᠨ ᠳᠤ ᠠᠵᠢᠯ | ᠤᠯᠭᠤᠵᠤ᠂ 5.6 ᠲᠦᠮᠡᠨ ᠡᠷᠦᠬᠡ ᠶᠢᠨ ᠵᠠᠬ᠎ᠠ ᠳᠡᠯᠬᠡᠬᠦᠷ ᠤᠨ ᠭᠤᠣᠯ ᠴᠤᠭᠴᠠ ᠶᠢ ᠰᠢᠨ᠎ᠡ ᠪᠠᠷ ᠨᠡᠮᠡᠭᠳᠡᠬᠦᠯᠪᠡ᠃ ᠨᠡᠶᠢᠬᠡᠮ ᠤᠨ ᠪᠠᠲᠤᠯᠠᠭ᠎ᠠ ᠶᠢᠨ ᠳᠣᠭᠳᠠᠯᠴᠠᠭ᠎ᠠ | ᠨᠡᠩ ᠪᠦᠷᠢᠨᠰᠢᠵᠤ᠂ ᠪᠠᠲᠤᠯᠠᠭ᠎ᠠ ᠶᠢᠨ ᠪᠠᠷᠢᠮᠵᠢᠶ᠎ᠠ ᠶᠢ ᠦᠷᠬᠦᠯᠵᠢᠯᠡᠨ ᠳᠡᠭᠡᠭᠰᠢᠯᠡᠬᠦᠯᠪᠡ᠃ 1.4 ᠲᠦᠮᠡ ᠢᠯᠡᠬᠦᠤ ᠪᠠᠲᠤᠯᠠᠭ᠎ᠠ ᠶᠢᠨ ᠭᠡᠷ ᠪᠠᠶᠢᠰᠢᠩ ᠢ ᠪᠠᠷᠢᠯᠭ᠎ᠠ | ᠡᠬᠢᠯᠡᠬᠦᠯᠦᠨ ᠪᠦᠲᠦᠬᠡᠨ ᠪᠠᠶᠢᠭᠤᠯᠵᠤ᠂ 6.1 ᠲᠦᠮᠡ ᠢᠯᠡᠬᠦᠤ ᠪᠦᠷᠭᠡ ᠭᠡᠷ ᠢ ᠦᠬᠡᠷᠡᠴᠢᠯᠡᠪᠡ᠃ ᠰᠣᠷᠭᠠᠨ ᠬᠦᠮᠦᠵᠢᠯ ᠤᠨ ᠶᠡᠷᠦᠩᠬᠡᠶᠢᠯᠡᠭᠰᠡᠨ ᠪᠣᠲᠠᠲᠤ ᠬᠦᠴᠦᠨ | ᠪᠦᠬᠦ ᠤᠷᠤᠨ ᠤ ᠡᠮᠦᠨ᠎ᠡ ᠡᠩᠨᠡᠬᠡᠨ ᠳᠤ ᠲᠤᠭᠳᠠᠭᠤᠨ ᠪᠠᠶᠢᠷᠢᠯᠠᠵᠤ᠂ ᠡᠮ ᠡᠮᠨᠡᠯᠬᠡ ᠡᠷᠡᠬᠦᠯ ᠬᠠᠮᠠᠭᠠᠯᠠᠯ ᠤᠨ ᠪᠠᠶᠢᠭᠤᠯᠤᠯ ᠤᠨ ᠦᠬᠡᠷᠡᠴᠢᠯᠡᠯᠲᠡ ᠶᠢ ᠪᠦᠬᠦ ᠲᠠᠯ᠎ᠠ ᠪᠠᠷ | ᠭᠦᠨᠵᠡᠬᠡᠶᠢᠷᠡᠬᠦᠯᠵᠤ᠂ ᠰᠣᠶᠣᠯ ᠲᠠᠮᠢᠷ ᠤᠨ ᠦᠢᠯᠡᠰ ᠦᠳᠳᠡᠷ ᠲᠦᠷᠬᠡᠨ ᠬᠥᠭᠵᠢᠪᠡ᠃ ᠨᠡᠶᠢᠬᠡᠮ ᠤᠨ ᠴᠡᠭᠴᠡᠯᠡᠨ ᠵᠠᠰᠠᠯᠲᠠ ᠶᠢᠨ ᠲᠤᠭᠳᠠᠯᠴᠠᠭ᠎ᠠ ᠴᠢᠨᠠᠭᠰᠢᠳᠠ | ᠪᠦᠷᠢᠨᠰᠢᠵᠤ᠂ ᠨᠡᠶᠢᠬᠡᠮ ᠤᠨ ᠶᠡᠭᠡ ᠪᠠᠶᠢᠳᠠᠯ ᠡᠶ᠎ᠡ ᠵᠣᠬᠢᠴᠠᠯ ᠲᠠᠢ ᠠᠮᠤᠷ ᠲᠣᠭᠳᠠᠭᠤᠨ ᠪᠠᠶᠢᠵᠤ᠂ ᠪᠦᠬᠦ ᠬᠤᠲᠠ ᠶᠢᠨ ᠠᠷᠠᠳ ᠲᠦᠮᠡᠨ ᠤ ᠣᠯᠣᠯᠲᠠ ᠶᠢᠨ | ᠲᠥᠷᠦᠭᠳᠡᠯ᠂ ᠵᠣᠯ ᠵᠢᠷᠭᠠᠯ ᠤᠨ ᠲᠥᠷᠦᠭᠳᠡᠯ᠂ ᠠᠮᠤᠷ ᠲᠥᠪᠰᠢᠨ ᠤ ᠲᠥᠷᠦᠭᠳᠡᠯ ᠦᠷᠬᠦᠯᠵᠢᠯᠡᠨ ᠳᠡᠭᠡᠭᠰᠢᠯᠡᠪᠡ᠃ | ᠡᠨᠡ ᠲᠠᠪᠤᠨ ᠵᠢᠯ ᠳᠤ᠂ ᠲᠤᠰ ᠪᠡᠶ᠎ᠡ ᠶᠢᠨ ᠪᠠᠶᠢᠭᠤᠯᠤᠯᠲᠠ ᠪᠦᠬᠦ ᠲᠠᠯ᠎ᠠ ᠪᠠᠷ ᠴᠢᠩᠭᠠᠷᠠᠪᠠ᠃ ᠨᠠᠮ ᠤᠨ ᠣᠯᠠᠨ ᠲᠦᠮᠡᠨᠴᠢ ᠱᠣᠭᠤᠮ ᠤᠨ ᠬᠦᠮᠦᠵᠢᠯ | ᠦᠢᠯᠡᠳᠦᠯᠬᠡ ᠶᠢᠨ ᠠᠵᠢᠯᠯᠠᠭ᠎ᠠ᠂ ︽ᠭᠤᠷᠪᠠᠨ ᠴᠢᠩᠭ᠎ᠠ ᠭᠤᠷᠪᠠᠨ ᠪᠤᠲᠠᠲᠠᠢ ᠪᠠᠶᠢᠬᠤ︾ ᠳᠣᠰᠬᠠᠢ ᠰᠡᠳᠦᠪᠲᠦ ᠬᠦᠮᠦᠵᠢᠯ ᠪᠠ ︽ᠬᠤᠶᠠᠷ ᠢ ᠰᠣᠷᠤᠯᠴᠠᠨ ᠬᠢᠷᠢ | ᠲᠡᠩᠴᠡᠭᠰᠡᠨ ᠨᠠᠮ ᠤᠨ ᠭᠡᠰᠢᠬᠦᠨ ᠪᠤᠯᠬᠤ︾ ᠰᠤᠷᠤᠯᠴᠠᠯᠭ᠎ᠠ ᠬᠦᠮᠦᠵᠢᠯ ᠢ ᠬᠦᠨᠵᠡᠬᠡᠢ ᠦᠷᠨᠢᠬᠦᠯᠵᠤ᠂ ᠲᠥᠪ ᠤᠨ ᠨᠠᠢᠮᠠᠨ ᠵᠣᠷᠪᠤᠰ ᠳᠣᠭᠳᠠᠭᠠᠯ ᠤᠨ ᠵᠣᠷᠢᠭ | ᠰᠠᠨᠠᠭ᠎ᠠ ᠪᠠ ᠲᠥᠷᠦ ᠶᠢᠨ ᠶᠠᠪᠤᠳᠠᠯ ᠤᠨ ᠬᠤᠷᠢᠶ᠎ᠠ ᠶᠢᠨ ︽ᠳᠥᠷᠢᠮ ᠰᠠᠬᠢᠯᠭ᠎ᠠ ᠶᠢᠨ ᠳᠤᠭᠲᠠᠭᠠᠯ︾ ᠢ ᠴᠢᠩᠭ᠎ᠠ ᠨᠠᠶᠢᠲᠠᠪᠤᠷᠢᠵᠢᠭᠤᠯᠵᠤ᠂ ᠲᠥᠪ᠂ ᠥᠪᠡᠷᠲᠡᠭᠡᠨ | ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠵᠤ ᠴᠡᠭᠴᠡᠯᠡᠨ ᠵᠠᠰᠠᠬᠤ ᠠᠰᠠᠭᠤᠳᠠᠯ ᠢ ᠦᠩᠭᠡ ᠦᠨᠳᠦᠰᠦ ᠶᠢ ᠨᠢ ᠬᠠᠮᠲᠤᠳᠠ ᠨᠢ ᠵᠠᠰᠠᠬᠤ ᠶᠢ | ᠰᠠᠶᠢᠲᠤᠷ ᠠᠳᠬᠤᠵᠤ᠂ ᠵᠠᠰᠠᠭ ᠤᠨ ᠤᠷᠳᠤᠨ ᠤ ᠰᠢᠰᠲ᠋ᠧᠮ ᠤᠨ ᠠᠵᠢᠯ ᠤᠨ ᠰᠣᠷᠲᠠᠯ ᠢᠯᠡᠳᠳᠡ ᠰᠠᠶᠢᠵᠢᠷᠠᠪᠠ᠃ ᠠᠯᠪᠠᠨ ᠲᠡᠷᠭᠡᠨ ᠤ ᠦᠬᠡᠷᠡᠴᠢᠯᠡᠯᠲᠡ ᠶᠢ ᠪᠦᠬᠦ | ᠲᠠᠯ᠎ᠠ ᠪᠠᠷ ᠪᠡᠶᠡᠯᠡᠬᠦᠯᠵᠤ᠂ ᠬᠤᠲᠠ ᠶᠢᠨ ᠲᠤᠰ ᠱᠠᠲᠤᠨ ᠤ ︽ᠭᠤᠷᠪᠠᠨ ᠠᠯᠪᠠᠨ︾ ᠤ ᠵᠠᠷᠤᠳᠠᠯ ᠢ 12% ᠢᠶᠠᠷ ᠪᠠᠭᠤᠷᠠᠭᠤᠯᠪᠠ᠃ ︽ᠲᠠᠯᠪᠢᠬᠤ ᠬᠠᠮᠢᠶᠠᠷᠬᠤ | ᠦᠢᠯᠡᠴᠢᠯᠡᠬᠦ︾ ᠦᠭᠡᠷᠡᠴᠢᠯᠡᠯᠲᠡ ᠶᠢ ᠭᠦᠨᠵᠡᠬᠡᠶᠢᠷᠡᠬᠦᠯᠵᠤ᠂ ᠲᠥᠷᠪᠡᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠤᠭᠳᠠᠯᠴᠠᠭ᠎ᠠ ᠶᠢ ᠦᠨᠳᠦᠰᠦᠨ | ᠳᠡᠭᠡᠨ ᠪᠠᠶᠢᠭᠤᠯᠤᠨ ᠪᠦᠲᠦᠬᠡᠵᠤ᠂ ᠡᠷᠬᠡ ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠪᠦᠬᠦᠨ ᠢ ᠨᠡᠶᠢᠲᠡᠯᠡᠵᠤ᠂ 1040 ᠲᠥᠷᠦᠯ ᠤᠨ ᠵᠠᠰᠠᠭ ᠵᠠᠬᠢᠷᠭᠠᠨ ᠤ ᠡᠷᠬᠡ | ᠶᠢᠨ ᠵᠦᠢᠯ ᠢ ᠴᠤᠮᠬᠠᠳᠬᠠᠨ ᠰᠢᠯᠢᠳᠡᠭᠵᠢᠭᠦᠯᠵᠤ᠂ ᠬᠢᠨᠠᠨ ᠵᠥᠪᠰᠢᠶᠡᠷᠡᠬᠦ ᠴᠠᠭ ᠬᠤᠭᠤᠴᠠᠭ᠎ᠠ ᠶᠢ ᠬᠠᠭᠠᠰ ᠢᠶᠠᠷ ᠤᠬᠤᠷᠲᠤᠭᠤᠯᠪᠠ᠃ ᠠᠷᠠᠳ ᠤᠨ ᠲᠥᠯᠦᠭᠡᠯᠡᠭᠴᠢᠳ | ᠤᠨ ᠶᠡᠭᠡ ᠬᠤᠷᠠᠯ ᠤᠨ ᠬᠠᠤᠯᠢ ᠶᠤᠰᠤᠭᠠᠷ ᠬᠢᠨᠠᠯᠲᠠ ᠲᠠᠯᠪᠢᠬᠤ ᠪᠠ ᠤᠯᠤᠰ ᠲᠥᠷᠦ ᠶᠢᠨ ᠵᠦᠪᠯᠡᠯᠬᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ | ᠰᠠᠨᠠᠭᠠᠴᠢᠯᠠᠭ᠎ᠠ ᠠᠴᠠ ᠪᠠᠨ ᠬᠦᠯᠢᠶᠡᠵᠤ᠂ ᠬᠠᠤᠯᠢ ᠶᠤᠰᠤᠭᠠᠷ ᠵᠠᠰᠠᠭ ᠶᠠᠪᠤᠭᠤᠯᠬᠤ ᠶᠢ ᠴᠢᠩᠳᠠᠯᠠᠵᠤ᠂ ᠬᠠᠤᠯᠢ ᠪᠠᠷ ᠵᠠᠰᠠᠬᠤ ᠵᠠᠰᠠᠭ ᠤᠨ ᠤᠷᠳᠤᠨ ᠤ ᠪᠠᠶᠢᠭᠤᠯᠤᠯᠲᠠ | ᠰᠢᠨ᠎ᠡ ᠲᠡᠭᠳᠡᠷ ᠲᠤ ᠭᠠᠷᠪᠠ᠃ | ᠲᠥᠯᠦᠬᠡᠯᠡᠭᠴᠢᠳ ᠡ᠂ 2017 ᠣᠨ ᠪᠤᠯ ᠶᠡᠭᠡ ᠣᠴᠢᠷ᠂ ᠴᠢᠬᠤᠯᠠ ᠣᠴᠢᠷ᠂ ᠬᠦᠴᠢᠷ ᠶᠠᠪᠤᠳᠠᠯ ᠣᠯᠠᠨ ᠨᠢᠭᠡ ᠵᠢᠯ ᠪᠤᠯᠤᠨ᠎ᠠ᠂ ᠪᠢᠳᠡ ᠪᠦᠬᠦ ᠬᠦᠴᠦᠨ | ᠢᠶᠠᠷ ᠭᠤᠣᠯᠳᠠᠯᠭ᠎ᠠ ᠶᠢ ᠠᠳᠬᠤᠵᠤ᠂ ᠬᠦᠴᠢᠷ ᠪᠡᠷᠭᠡ ᠶᠢ ᠲᠤᠭᠤᠯᠤᠨ᠂ ᠬᠢᠯᠠᠰ ᠴᠡᠭ ᠢ ᠡᠭᠦᠳᠴᠦ᠂ ᠪᠦᠬᠦ ᠬᠤᠲᠠ ᠶᠢᠨ ᠠᠵᠤ ᠠᠬᠤᠢ ᠨᠡᠶᠢᠬᠡᠮ ᠲᠤᠭᠳᠠᠭᠤᠨ ᠤ | ᠳᠤᠮᠳᠠ ᠠᠬᠢᠯᠲᠠ ᠲᠠᠢ᠂ ᠲᠤᠭᠳᠠᠭᠤᠨ ᠤ ᠲᠤᠮᠳᠠ ᠰᠠᠶᠢᠨ ᠲᠡᠰᠢ ᠬᠠᠨᠲᠤᠬᠤ ᠬᠥᠭᠵᠢᠯᠲᠡ ᠶᠢᠨ ᠪᠠᠶᠢᠳᠠᠯ ᠢ ᠪᠠᠲᠤᠯᠠᠪᠠ᠃ ᠪᠣᠢ ᠪᠣᠯᠣᠭᠰᠠᠨ ᠰᠢᠯᠲᠠᠭᠠᠨ ᠨᠢ | ᠪᠣᠳᠣᠯᠢᠶᠠᠨᠲᠠᠢ᠂ ᠣᠳᠠᠭᠠᠨ ᠵᠢᠯ ᠤᠨ ᠲᠤᠷᠰᠢ ᠬᠤᠷᠠᠮᠳᠣᠭᠰᠠᠨ ᠵᠠᠷᠢᠮ ᠠᠵᠤ ᠠᠬᠤᠢ ᠶᠢᠨ ᠲᠤᠭ᠎ᠠ ᠪᠠᠷᠢᠮᠲᠠ ᠬᠤᠭᠤᠰᠣᠨ ᠢᠶᠠᠷ ᠨᠡᠮᠡᠭᠳᠡᠵᠤ ᠪᠠᠶᠢᠬᠤ ᠠᠰᠠᠭᠤᠳᠠᠯ ᠳᠤ | ᠴᠢᠭᠯᠡᠬᠦᠯᠦᠨ᠂ ᠬᠠᠭᠤᠷᠮᠠᠭ ᠢᠯᠡᠬᠦᠴᠡ ᠵᠦᠢᠯ ᠢ ᠭᠠᠷᠭᠠᠬᠤ ᠪᠠᠷ ᠵᠣᠷᠢᠭ ᠰᠢᠭᠤᠳᠴᠤ᠂ ᠬᠥᠭᠵᠢᠯᠲᠡ ᠶᠢᠨ ᠲᠠᠷᠤᠭᠠᠰᠣ ᠶᠢ ᠬᠦᠩᠭᠡᠯᠡᠵᠤ᠂ ᠬᠦᠩᠬᠡᠨ ᠱᠠᠯᠠᠮᠠᠭᠠᠢ ᠪᠠᠷ | ᠯᠠᠪᠳᠠᠭᠤᠨ ᠪᠠᠲᠤᠲᠠᠢ ᠤᠷᠤᠭᠰᠢᠯᠠᠬᠤ ᠳᠤ ᠰᠠᠶᠢᠨ ᠰᠠᠶᠢᠬᠠᠨ ᠨᠥᠬᠦᠴᠡᠯ ᠡᠬᠦᠳᠪᠡ᠃ ᠬᠠᠰᠣᠨ ᠲᠣᠬᠢᠷᠠᠭᠤᠯᠤᠭᠰᠠᠨ ᠤ ᠳᠠᠷᠠᠭ᠎ᠠ᠂ ᠵᠢᠱᠢᠭᠰᠡᠨ ᠢᠶᠠᠷ ᠭᠠᠵᠠᠷ ᠤᠷᠤᠨ | ᠤ ᠦᠢᠯᠡᠳᠪᠦᠷᠢᠯᠡᠯ ᠤᠨ ᠶᠡᠷᠦᠩᠬᠡᠢ ᠥᠷᠲᠡᠭ 7% ᠨᠡᠮᠡᠭᠳᠡᠵᠤ᠂ ᠣᠯᠠᠨ ᠨᠡᠶᠢᠲᠡ ᠶᠢᠨ ᠳᠥᠰᠦᠪ ᠤᠨ ᠤᠷᠤᠯᠭ᠎ᠠ 5.1% ᠨᠡᠮᠡᠭᠳᠡᠵᠤ᠂ ᠬᠤᠲᠠ ᠬᠦᠳᠡᠭᠡ ᠶᠢᠨ | ᠰᠠᠭᠤᠭᠠᠯᠢ ᠠᠷᠠᠳ ᠤᠨ ᠬᠦᠮᠦᠨ ᠳᠣᠮᠳᠠᠴᠢ ᠳᠣᠬᠢᠷᠠᠭᠤᠯᠵᠤ ᠪᠤᠯᠬᠤ ᠤᠷᠤᠯᠭ᠎ᠠ ᠲᠤᠰᠪᠤᠷᠢ 8.2% ᠪᠠ 7.9% ᠨᠡᠮᠡᠭᠳᠡᠨ᠎ᠡ᠃ ᠨᠢᠭᠡ ᠵᠢᠯ ᠤᠨ ᠳᠣᠷᠰᠢ᠂ ᠪᠢᠳᠡ | ᠣᠨᠢᠨ ᠳᠡᠭᠡᠷ᠎ᠡ ᠨᠢ ᠬᠦᠴᠦᠯᠡᠵᠤ ᠨᠡᠮᠡᠭᠳᠡᠯ ᠢ ᠲᠤᠭᠳᠠᠪᠤᠷᠢᠵᠢᠭᠤᠯᠪᠠ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢ | ᠭᠦᠨᠵᠡᠬᠡᠶᠢᠷᠡᠬᠦᠯᠵᠤ᠂ ᠠᠵᠤ ᠦᠢᠯᠡᠳᠪᠦᠷᠢ ᠶᠢᠨ ᠳᠤᠭᠲᠠᠭᠤᠨ ᠢᠶᠠᠷ ᠨᠡᠮᠡᠭᠳᠡᠬᠦ ᠶᠢ ᠠᠬᠢᠭᠤᠯᠬᠤ᠂ ᠮᠥᠩᠬᠦᠨ ᠬᠦᠢᠯᠬᠡᠬᠡ ᠪᠠᠷ ᠪᠤᠲᠠᠲᠤ ᠴᠤᠭᠴᠠ ᠶᠢᠨ ᠠᠵᠤ ᠠᠬᠤᠢ | ᠶᠢ ᠳᠡᠮᠵᠢᠬᠦ᠂ ᠨᠡᠶᠢᠬᠡᠮ ᠤᠨ ᠪᠡᠯᠡ ᠤᠷᠤᠭᠤᠯᠤᠯᠲᠠ ᠶᠢ ᠵᠤᠷᠢᠭᠵᠢᠭᠤᠯᠤᠨ ᠬᠥᠲᠦᠯᠬᠦ ᠵᠡᠷᠭᠡ ᠠᠯᠢ ᠤᠯᠠᠨ ᠲᠥᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠭᠠᠷᠭᠠᠵᠤ᠂ | ᠨᠡᠬᠦᠷᠡᠰᠦᠨ ᠤ ᠦᠢᠯᠡᠳᠪᠦᠷᠢᠯᠡᠯ ᠤᠨ ᠴᠢᠳᠠᠪᠤᠷᠢ ᠶᠢᠨ ᠪᠠᠭᠠᠰᠬᠠᠯᠲᠠ ᠶᠢ 495 ᠳ᠋ᠦᠩᠰᠢᠭᠤᠷ ᠲᠤᠨ ᠪᠡᠶᠡᠯᠡᠬᠦᠯᠵᠤ᠂ ᠭᠡᠷ ᠪᠠᠶᠢᠰᠢᠩ ᠭᠠᠵᠠᠷ ᠬᠥᠷᠦᠩᠬᠡ ᠶᠢᠨ | ᠬᠦᠮᠦᠷᠭᠡᠯᠡᠯᠲᠡ ᠶᠢ 511 ᠲᠦᠮᠡᠨ ᠬᠠᠪᠲᠠᠭᠠᠢ ᠲᠥᠷᠪᠡᠯᠵᠢᠨ ᠮᠧᠲᠷ ᠪᠠᠭᠠᠰᠬᠠᠵᠤ᠂ ᠠᠵᠤ ᠠᠬᠤᠶᠢᠯᠠᠯ ᠤᠨ ᠡᠯ᠎ᠡ ᠲᠦᠷᠦᠯ ᠤᠨ ᠥᠪᠡᠷ ᠤᠨ ᠥᠷᠲᠡᠭ ᠢ 79 | ᠳ᠋ᠦᠩᠰᠢᠭᠤᠷ ᠲᠥᠬᠦᠷᠢᠭ ᠪᠠᠭᠤᠷᠠᠭᠤᠯᠪᠠ᠃ ᠳ᠋ᠦᠩᠰᠢᠭᠤᠷ ᠲᠥᠬᠦᠷᠢᠭ ᠠᠴᠠ ᠲᠡᠭᠡᠭᠰᠢᠬᠢ ᠭᠤᠣᠯᠳᠠᠯᠭ᠎ᠠ ᠲᠠᠢ ᠲᠥᠷᠦᠯ ᠵᠦᠢᠯ ᠢ 304 ᠵᠦᠢᠯ ᠬᠡᠷᠡᠭᠵᠢᠬᠦᠯᠵᠤ᠂ | ᠪᠦᠬᠦ ᠬᠤᠲᠠ ᠪᠠᠷ ᠢᠶᠠᠨ 3050 ᠳ᠋ᠦᠩᠰᠢᠭᠤᠷ ᠲᠥᠬᠦᠷᠢᠭ ᠤᠨ ᠳᠣᠭᠲᠠᠮᠠᠯ ᠬᠥᠷᠦᠩᠬᠡ ᠶᠢᠨ ᠪᠡᠯᠡ ᠤᠷᠤᠭᠤᠯᠤᠯᠲᠠ ᠶᠢ ᠪᠡᠶᠡᠯᠡᠬᠦᠯᠪᠡ᠃ ᠨᠠᠷᠢᠨ᠋ᠭᠤᠤᠯ᠂ ᠵᠡᠬᠦᠡᠭᠠᠷ | ᠤᠨ ᠲᠤᠮᠳᠠ ᠭᠡᠰᠡᠭ᠂ ᠰᠢᠨ᠎ᠡ ᠵᠡᠬᠡᠯᠢ ᠶᠢᠨ ᠲᠣᠶᠢᠭ ᠰᠦᠮ᠎ᠡ ᠵᠡᠷᠭᠡ ᠠᠭᠤᠷᠬᠠᠢ ᠶᠢᠨ ᠤᠷᠤᠨ ᠤ ᠶᠡᠷᠦᠩᠬᠡᠢ ᠲᠥᠯᠦᠪᠵᠢᠬᠦᠯᠬᠡ ᠵᠦᠪᠰᠢᠶᠡᠷᠡᠯ ᠢ ᠳᠠᠮᠵᠢᠪᠠ︔ ᠮᠧᠩ | ᠰᠢ ᠠᠴᠠ ᠲᠢᠶᠠᠨᠵᠢᠨ ᠤ ᠡᠮᠦᠨ᠎ᠡ ᠭᠡᠰᠡᠭ᠂ ᠱᠠᠩᠬᠠᠢ ᠶᠢᠨ ᠰᠦᠮ᠎ᠡ ᠠᠴᠠ ᠱᠠᠨᠳᠦ᠋ᠩ ᠬᠦᠷᠬᠦ ᠴᠠᠬᠢᠯᠭᠠᠨ ᠬᠦᠴᠦᠨ ᠢ ᠭᠠᠳᠠᠭᠰᠢ ᠬᠦᠷᠭᠡᠬᠦ ᠵᠠᠮ ᠱᠣᠭᠤᠮ ᠪᠦᠬᠦ | ᠱᠣᠭᠤᠮ ᠢᠶᠠᠷ ᠨᠡᠪᠳᠡᠷᠡᠵᠤ᠂ ᠭᠡᠰᠡᠭ ᠢᠵᠢ ᠪᠦᠷᠢᠳᠦᠭᠰᠡᠨ ᠴᠠᠬᠢᠯᠭᠠᠨ ᠡᠬᠦᠰᠬᠡᠭᠴᠢ ᠴᠢᠭ ᠢ ᠡᠬᠢᠯᠡᠬᠦᠯᠦᠨ ᠪᠠᠶᠢᠭᠤᠯᠪᠠ︔ ᠵᠦᠩ ᠲᠢᠶᠠᠨ ᠾᠧ ᠴᠤᠸᠠᠩ ᠤᠨ 133 | ᠲᠦᠮᠡᠨ ᠲᠤᠨ ᠤ ᠨᠡᠭᠦᠷᠡᠰᠣ ᠪᠠᠷ ᠠᠯᠺᠧᠨ ᠣᠶᠢᠯᠡᠳᠬᠦ᠂ ᠢ ᠲᠠᠢ ᠶᠢᠨ 120 ᠲᠦᠮᠡᠨ ᠲᠤᠨ ᠤ ᠨᠠᠷᠢᠯᠢᠭᠵᠢᠭᠤᠯᠤᠭᠰᠠᠨ ᠬᠢᠮᠢ ᠶᠢᠨ ᠦᠢᠯᠡᠳᠬᠦᠨ ᠵᠡᠷᠭᠡ 36 | ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠲᠥᠷᠦᠯ ᠵᠦᠢᠯ ᠢ ᠪᠠᠶᠢᠭᠤᠯᠤᠨ ᠠᠰᠢᠭᠯᠠᠯᠲᠠ ᠳᠤ ᠤᠷᠤᠭᠤᠯᠪᠠ᠃ ᠨᠢᠬᠡ ᠵᠢᠯ ᠤᠨ ᠲᠤᠷᠰᠢ᠂ ᠪᠢᠳᠡ ᠡᠷᠡᠰ | ᠭᠤᠶᠢᠪᠢᠰᠢ ᠦᠬᠡᠢ ᠪᠠᠷ ᠪᠦᠲᠦᠴᠡ ᠶᠢᠨ ᠲᠤᠬᠢᠷᠠᠭᠤᠯᠤᠯᠲᠠ ᠬᠢᠪᠡ᠃ ᠵᠢᠩ ᠳ᠋ᠦᠩ ᠹᠠᠩ ᠤᠨ ᠬᠤᠶᠠᠳᠣᠭᠠᠷ ᠬᠤᠭᠤᠴᠠᠭ᠎ᠠ᠂ ᠶᠦᠨ ᠲᠠᠢ ᠬᠤ᠋ ᠯᠢᠶᠠᠨ᠂ ᠬᠠᠩᠬᠢᠨ | ᠬᠤᠰᠢᠭᠤᠨ ᠤ ᠭᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠥᠷᠲᠡᠭᠡ᠂ ᠵᠢᠦ ᠺᠧ ᠣᠷᠴᠢᠨ ᠲᠣᠭᠤᠷᠢᠨ ᠢ ᠬᠠᠮᠠᠭᠠᠯᠠᠬᠤ ᠠᠵᠤ ᠦᠢᠯᠡᠰ ᠤᠨ ᠬᠦᠷᠢᠶᠡᠯᠡᠩ᠂ ᠲᠤᠮᠳᠠᠳᠣ | ᠤᠯᠤᠰ ᠤᠨ ᠨᠢᠭᠡᠳᠦᠮᠡᠯ ᠬᠤᠯᠪᠤᠭᠠᠨ ᠤ ᠡᠬᠦᠯᠡᠨ ᠪᠤᠳᠤᠯᠲᠠ ᠶᠢᠨ ᠰᠠᠭᠤᠷᠨ ᠭᠠᠵᠠᠷ ᠵᠡᠷᠭᠡ ᠲᠥᠷᠦᠯ ᠵᠦᠢᠯ ᠢ ᠤᠷᠤᠭᠰᠢᠲᠠᠢ ᠠᠬᠢᠭᠤᠯᠵᠤ᠂ ᠰᠢᠨ᠎ᠡ ᠪᠠᠷ | ᠬᠥᠭᠵᠢᠭᠰᠡᠨ ᠠᠵᠤ ᠦᠢᠯᠡᠰ ᠤᠨ ᠬᠡᠪᠴᠢᠶ᠎ᠡ ᠳᠠᠰᠣᠷᠠᠯᠲᠠ ᠦᠬᠡᠢ ᠪᠤᠵᠠᠭᠠᠶᠢᠷᠠᠪᠠ᠃ ᠤᠲᠤᠭ ᠤᠨ ᠡᠮᠦᠨᠡᠲᠦ ᠬᠤᠰᠢᠭᠤᠨ ᠤ ᠬᠤᠪᠢᠰᠬᠠᠯ ᠤᠨ ᠪᠤᠯᠪᠠᠰᠣᠷᠠᠯ | ᠬᠦᠮᠦᠵᠢᠯ ᠤᠨ ᠰᠠᠭᠤᠷᠢᠨ ᠭᠠᠵᠠᠷ᠂ ᠬᠢᠶ᠎ᠠ ᠪᠠᠭᠰᠢ ᠶᠢᠨ ᠬᠢᠶ᠎ᠠ ᠪᠠᠯᠭᠠᠰᠣ ᠵᠡᠷᠭᠡ ᠵᠢᠭᠤᠯᠴᠢᠯᠠᠯ ᠤᠨ ᠬᠢᠯᠠᠰ ᠲᠥᠷᠦᠯ ᠵᠦᠢᠯ ᠠᠰᠢᠭᠯᠠᠯᠲᠠ ᠳᠤ ᠤᠷᠤᠵᠤ᠂ | ᠵᠣᠭᠠᠴᠠᠭᠰᠠᠳ ᠢ ᠬᠦᠯᠢᠶᠡᠨ ᠠᠪᠬᠤ ᠪᠠ ᠵᠢᠭᠤᠯᠴᠢᠯᠠᠯ ᠤᠨ ᠤᠷᠤᠯᠭ᠎ᠠ ᠴᠦᠮ 20% ᠠᠴᠠ ᠳᠡᠭᠡᠭᠰᠢ ᠨᠡᠮᠡᠭᠳᠡᠪᠡ᠃ ᠰᠢᠨ᠎ᠡ ᠪᠠᠷ 2 ᠮᠥᠩᠬᠦᠨ ᠬᠦᠢᠯᠬᠡᠬᠡᠨ ᠤ | ᠪᠠᠶᠢᠭᠤᠯᠤᠮᠵᠢ ᠶᠢ ᠤᠷᠤᠭᠤᠯᠤᠨ ᠠᠪᠴᠢᠷᠠᠵᠤ᠂ ᠥᠪᠦᠷ ᠮᠤᠩᠭᠤᠯ ᠤᠨ ᠰᠲ᠋ᠤᠺ ᠤᠨ ᠡᠷᠬᠡ ᠶᠢᠨ ᠠᠷᠠᠯᠵᠢᠶᠠᠨ ᠤ ᠲᠥᠪ ᠲᠤ ᠫᠠᠶᠢᠰᠠ ᠡᠯᠬᠦᠭᠰᠡᠨ ᠠᠵᠤ ᠠᠬᠤᠶᠢᠯᠠᠯ | ᠰᠢᠨ᠎ᠡ ᠪᠠᠷ 62 ᠨᠡᠮᠡᠭᠳᠡᠪᠡ᠃ ᠲᠢᠶᠠᠨᠵᠢᠨ ᠤ ᠡᠳ᠋ ᠭᠠᠷᠤᠯᠲᠠ ᠶᠢᠨ ᠪᠦᠯᠦᠭᠯᠡᠯ ᠲᠠᠢ ᠬᠠᠮᠲᠤᠪᠠᠷ ᠵᠣᠬᠢᠶᠠᠨ ᠪᠠᠶᠢᠭᠤᠯᠤᠭᠰᠠᠨ ᠬᠠᠩᠭᠠᠯᠭ᠎ᠠ ᠶᠢᠨ ᠬᠡᠯᠬᠢᠶᠡᠵᠢᠯ ᠤᠨ | ᠺᠣᠮᠫᠠᠨᠢ ᠠᠰᠢᠭᠯᠠᠯᠲᠠ ᠳᠤ ᠣᠷᠣᠵᠣ᠂ ᠱᠧᠨ ᠬᠤᠸᠠ ᠶᠢᠨ ᠣᠯᠠᠨ ᠮᠠᠶ᠋ᠢᠭ ᠤᠨ ᠬᠤᠯᠪᠤᠭᠠᠲᠤ ᠵᠦᠬᠡᠬᠡᠪᠦᠷᠢ ᠶᠢᠨ ᠤᠶᠤᠨᠲᠤ ᠪᠤᠳᠠᠰ ᠤᠨ ᠬᠦᠢᠯᠬᠡᠬᠡᠨ ᠤ | ᠬᠦᠷᠢᠶᠡᠯᠡᠩ ᠢ ᠡᠬᠢᠯᠡᠬᠦᠯᠦᠨ ᠪᠦᠲᠦᠭᠡᠨ ᠪᠠᠶᠢᠭᠤᠯᠪᠠ᠃ ᠪᠡᠭᠡᠵᠢᠩ ᠤᠨ ᠠᠮᠢᠲᠠᠨ ᠤ ᠬᠦᠷᠢᠶᠡᠯᠡᠩ ᠤᠨ ᠪᠦᠬᠡᠮ ᠢᠶᠠᠷ ᠬᠤᠳᠠᠯᠳᠤᠬᠤ ᠵᠠᠬ᠎ᠠ ᠳᠡᠯᠬᠡᠬᠦᠷ ᠰᠠᠭᠤᠷᠢᠰᠢᠵᠤ᠂ | ᠬᠢᠶ᠎ᠠ ᠪᠠᠭᠰᠢ ᠶᠢᠨ ᠯᠧ ᠺᠠᠩ ᠪᠠ ᠵᠡᠷᠭᠡ ᠰᠢᠨ᠎ᠡ ᠮᠠᠶ᠋ᠢᠭ ᠤᠨ ᠬᠤᠳᠠᠯᠳᠤᠭᠠᠨ ᠤ ᠲᠥᠷᠦᠯ ᠵᠦᠢᠯ ᠢ ᠪᠠᠶᠢᠭᠤᠯᠤᠨ ᠪᠦᠲᠦᠬᠡᠪᠡ᠃ ᠰᠢᠨ᠎ᠡ ᠪᠠᠷ 44 ᠲᠠᠷᠢᠶᠠᠯᠠᠩ ᠮᠠᠯ | ᠠᠵᠤ ᠠᠬᠤᠢ ᠶᠢᠨ ᠳᠠᠭᠠᠭᠤᠯᠤᠭᠴᠢ ᠠᠵᠤ ᠠᠬᠤᠶᠢᠯᠠᠯ᠂ 10 ᠺᠣᠮᠫᠠᠨᠢᠴᠢᠯᠠᠭᠰᠠᠨ ᠲᠡᠵᠢᠬᠡᠪᠦᠷᠢ ᠶᠢᠨ ᠬᠦᠷᠢᠶᠡᠯᠡᠩ ᠪᠠ 300 ᠲᠡᠵᠢᠬᠡᠪᠦᠷᠢ ᠶᠢᠨ ᠲᠤᠮᠤ ᠡᠷᠦᠬᠡ ᠶᠢ | ᠪᠣᠶᠢᠵᠢᠭᠤᠯᠵᠤ᠂ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠣᠰᠣ ᠠᠷᠪᠢᠯᠠᠬᠤ ᠰᠠᠭᠤᠷᠢᠨ ᠭᠠᠵᠠᠷ ᠢ ᠰᠢᠨ᠎ᠡ ᠪᠠᠷ 20 ᠲᠦᠮᠡᠨ ᠮᠤ᠋ ᠨᠡᠮᠡᠭᠳᠡᠬᠦᠯᠪᠡ᠃ | ᠨᠢᠬᠡ ᠵᠢᠯ ᠤᠨ ᠳᠣᠷᠰᠢ᠂ ᠪᠢᠳᠡ ᠠᠯᠬᠤᠴᠠ ᠪᠠᠨ ᠲᠦᠷᠭᠡᠳᠭᠡᠨ ᠦᠬᠡᠷᠡᠴᠢᠯᠡᠯᠲᠡ ᠶᠢ ᠯᠠᠪᠳᠠᠭᠤᠨ ᠢᠶᠠᠷ ᠠᠳᠬᠤᠪᠠ᠃ ︽ᠣᠯᠠᠨ ᠦᠨᠡᠮᠯᠡᠯ ᠢ ᠨᠢᠭᠡᠳᠭᠡᠵᠤ ᠨᠢᠬᠡ | ᠪᠤᠯᠭᠠᠬᠤ᠂ ᠨᠢᠬᠡ ᠦᠨᠡᠮᠯᠡᠯ ᠨᠢᠭᠡ ᠺᠣᠳ᠋︾ ᠤᠨ ᠳᠥᠷᠢᠮ ᠢ ᠪᠦᠬᠦ ᠲᠠᠯ᠎ᠠ ᠪᠠᠷ ᠳᠡᠯᠬᠡᠷᠡᠬᠦᠯᠵᠤ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ | ᠦᠬᠡᠷᠡᠴᠢᠯᠡᠯᠲᠡ ᠶᠢ ᠦᠨᠳᠦᠰᠦᠨ ᠳᠡᠭᠡᠨ ᠪᠡᠶᠡᠯᠡᠬᠦᠯᠵᠤ᠂ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠥᠪ ᠤᠯᠤᠰ ᠤᠨ ᠪᠠᠷᠢᠮᠵᠢᠶᠠᠵᠢᠭᠰᠠᠨ | ᠲᠤᠷᠰᠢᠯᠲᠠ ᠶᠢᠨ ᠴᠢᠭ ᠤᠨ ᠰᠢᠯᠭᠠᠨ ᠬᠤᠷᠢᠶᠠᠯᠲᠠ ᠶᠢ ᠳᠠᠮᠵᠢᠪᠠ᠃ ᠬᠥᠬᠡᠬᠤᠲᠠ ᠪᠤᠭᠤᠲᠤ ᠤᠷᠳᠤᠰ ᠤᠨ ᠬᠠᠮᠵᠢᠯᠴᠠᠨ ᠬᠥᠭᠵᠢᠬᠦ ᠳᠤ ᠰᠠᠨᠠᠭᠠᠴᠢᠯᠠᠭ᠎ᠠ ᠠᠴᠠ ᠪᠠᠨ | ᠠᠭᠤᠰᠴᠣ᠂ ᠪᠤᠭᠤᠲᠤ ᠬᠤᠲᠠ ᠲᠠᠢ ᠬᠠᠮᠲᠤ ᠤᠯᠤᠰ ᠤᠨ ᠠᠩᠬᠠᠳᠠᠭᠴᠢ ᠪᠦᠯᠦᠭ ᠡᠬᠢ ᠪᠠᠶᠠᠯᠢᠭ ᠤᠨ ᠬᠡᠯᠪᠡᠷᠢ ᠶᠢᠨ ᠬᠤᠲᠠ ᠶᠢᠨ ᠠᠵᠤ ᠦᠢᠯᠡᠰ ᠤᠨ ᠬᠡᠯᠪᠡᠷᠢ ᠶᠢ | ᠬᠤᠪᠢᠷᠠᠭᠤᠯᠤᠨ ᠳᠡᠰ ᠳᠡᠪᠰᠢᠬᠦᠯᠬᠦ ᠵᠢᠱᠢᠶ᠎ᠡ ᠦᠵᠡᠬᠦᠯᠬᠦ ᠤᠷᠤᠨ ᠢᠶᠠᠷ ᠳᠣᠭᠲᠠᠭᠠᠭᠳᠠᠪᠠ᠃ ᠪᠦᠬᠦ ᠬᠤᠲᠠ ᠶᠢᠨ ᠣᠯᠠᠨ ᠢᠶᠠᠷ ᠢᠶᠠᠨ ᠦᠢᠯᠡᠰ ᠪᠦᠲᠦᠬᠡᠬᠦ ᠤᠷᠤᠨ | ᠵᠠᠢ ᠶᠢᠨ ᠬᠤᠯᠪᠤᠭᠠᠯᠠᠯ ᠢ ᠪᠠᠶᠢᠭᠤᠯᠵᠤ᠂ ᠥᠪᠦᠷ ᠮᠤᠩᠭᠤᠯ ᠤᠨ ᠨᠡᠬᠦᠷᠡᠰᠦ ᠪᠠᠷ ᠰᠠᠭᠤᠷᠢᠯᠠᠭᠰᠠᠨ ᠰᠢᠨ᠎ᠡ ᠮᠠᠲ᠋ᠧᠷᠢᠶᠠᠯ ᠤᠨ ᠰᠣᠳᠣᠯᠭᠠᠨ ᠤ ᠬᠦᠷᠢᠶᠡᠯᠡᠩ᠂ ᠲᠤᠮᠳᠠᠳᠣ | ᠤᠯᠤᠰ ᠤᠨ ᠦᠢᠯᠡᠳᠪᠦᠷᠢᠯᠡᠯ ᠤᠨ ᠬᠦᠴᠦᠨ ᠤ ᠳᠡᠭᠡᠳᠦ ᠰᠣᠷᠭᠠᠭᠤᠯᠢ ᠶᠢᠨ ᠣᠷᠳᠣᠰ ᠲᠠᠬᠢ ᠬᠤᠪᠢᠶᠠᠷᠢ ᠰᠣᠷᠭᠠᠭᠤᠯᠢ ᠶᠢ ᠪᠠᠶᠢᠭᠤᠯᠵᠤ᠂ ᠰᠢᠨ᠎ᠡ ᠪᠠᠷ 2 | ᠠᠺᠠᠳᠧᠮᠢᠴᠢ ᠶᠢᠨ ᠠᠵᠢᠯᠯᠠᠬᠤ ᠦᠷᠲᠡᠭᠡ᠂ 17 ᠥᠪᠡᠷᠲᠡᠭᠡᠨ ᠵᠠᠰᠠᠬᠤ ᠤᠷᠤᠨ ᠤ ᠲᠡᠰ ᠤᠨ ᠣᠯᠠᠨ ᠢᠶᠠᠷ ᠢᠶᠠᠨ ᠦᠢᠯᠡᠰ ᠪᠦᠲᠦᠬᠡᠬᠦ ᠤᠷᠤᠨ ᠵᠠᠢ᠂ 2 ᠣᠯᠣᠰ | ᠤᠨ ᠲᠡᠰ ᠤᠨ ᠵᠢᠵᠢᠭ ᠪᠢᠴᠢᠯ ᠠᠵᠤ ᠠᠬᠤᠶᠢᠯᠠᠯ ᠤᠨ ᠦᠢᠯᠡᠰ ᠪᠤᠰᠬᠠᠨ ᠰᠢᠨ᠎ᠡ ᠶᠢ ᠡᠬᠦᠳᠬᠦ ᠰᠠᠭᠤᠷᠢᠨ ᠭᠠᠵᠠᠷ ᠢ ᠪᠠᠶᠢᠭᠤᠯᠪᠠ᠃ ᠤᠷᠳᠤᠰ ᠤᠨ ᠶᠡᠷᠦᠩᠬᠡᠶᠢᠯᠡᠭᠰᠡᠨ | ᠭᠠᠶᠢᠯᠢ ᠪᠠᠲᠤᠯᠠᠬᠤ ᠤᠷᠤᠨ ᠵᠥᠪᠰᠢᠶᠡᠷᠡᠭᠳᠡᠨ ᠪᠠᠷᠢᠯᠭ᠎ᠠ ᠪᠠᠨ ᠡᠬᠢᠯᠡᠬᠦᠯᠪᠡ᠃ ᠨᠢᠭᠡ ᠵᠢᠯ ᠤᠨ ᠳᠣᠷᠰᠢ᠂ ᠪᠢᠳᠡ ᠪᠦᠬᠦ ᠬᠦᠴᠦᠨ ᠢᠶᠠᠷ ᠤᠷᠴᠢᠨ ᠲᠣᠭᠤᠷᠢᠨ ᠢ | ᠰᠢᠯᠢᠳᠡᠭᠵᠢᠬᠦᠯᠪᠡ᠃ ᠬᠤᠲᠠ ᠶᠢᠨ ᠣᠶᠢᠵᠢᠭᠤᠯᠤᠯᠲᠠ ᠶᠢ ᠰᠠᠶᠢᠵᠢᠷᠠᠭᠤᠯᠬᠤ ᠪᠠᠷᠢᠯᠭ᠎ᠠ ᠶᠢ 112 ᠵᠦᠢᠯ ᠬᠡᠷᠡᠭᠵᠢᠬᠦᠯᠵᠤ᠂ ᠬᠤᠲᠠ ᠶᠢᠨ ᠲᠤᠭᠤᠷᠢᠭ ᠤᠨ | ᠨᠤᠭᠤᠭᠠᠨ ᠭᠠᠵᠠᠷ ᠤᠨ ᠲᠠᠯᠠᠪᠠᠢ ᠶᠢ 570 ᠬᠠᠪᠲᠠᠭᠠᠢ ᠲᠥᠷᠪᠡᠯᠵᠢᠨ ᠮᠧᠲᠷ ᠰᠢᠨ᠎ᠡ ᠪᠠᠷ ᠨᠡᠮᠡᠭᠳᠡᠬᠦᠯᠵᠤ᠂ ᠲᠠᠯᠠᠳ᠂ ᠵᠡᠬᠦᠡᠭᠠᠷ᠂ ᠤᠲᠤᠭ ᠤᠨ ᠡᠮᠦᠨᠡᠲᠦ | ᠬᠤᠰᠢᠭᠤ ᠤᠯᠤᠰ ᠤᠨ ᠴᠡᠴᠡᠷᠯᠢᠭᠵᠢᠬᠦᠯᠦᠭᠰᠡᠨ ᠬᠤᠲᠠ ᠰᠢᠶᠠᠨ ᠢᠶᠠᠷ ᠦᠨᠡᠯᠡᠭᠳᠡᠪᠡ᠃ ︽ ᠲᠤᠯᠤᠭᠠᠨ ᠲᠤᠤᠷ ︾ ᠢ ᠵᠡᠷᠭᠡᠪᠡᠷ ᠪᠠᠶᠢᠭᠤᠯᠬᠤ ᠶᠢ ᠠᠬᠢᠭᠤᠯᠵᠤ᠂ ᠴᠢ | ᠫᠠᠨ ᠵᠢᠩ ᠠᠴᠠ ᠦᠬᠠᠢ ᠬᠦᠷᠬᠦ᠂ ᠤᠯᠵᠠᠴᠢ ᠠᠴᠠ ᠳ᠋ᠦᠩ ᠳ᠋ᠣᠣ ᠯᠢᠶᠠᠩ ᠬᠦᠷᠬᠦ ᠵᠡᠷᠭᠡ ᠦᠨᠳᠦᠷ ᠬᠤᠷᠳᠣᠴᠠᠲᠤ ᠵᠠᠰᠠᠮᠠᠯ ᠵᠠᠮ ᠢ ᠪᠠᠶᠢᠭᠤᠯᠤᠨ ᠪᠦᠲᠦᠬᠡᠵᠤ᠂ | ᠬᠠᠲᠤᠨ ᠭᠤᠣᠯ ᠲᠠᠭᠠᠤ᠂ ᠲᠣᠭᠤᠷᠢᠮ ᠤᠨ ᠰᠦᠮ᠎ᠡ ᠠᠴᠠ ᠤᠲᠤᠭ ᠤᠨ ᠡᠮᠦᠨᠡᠲᠦ ᠬᠤᠰᠢᠭᠤ ᠬᠦᠷᠬᠦ ᠵᠡᠷᠭᠡ ᠲᠡᠮᠦᠷ ᠵᠠᠮ ᠤᠨ ᠪᠠᠷᠢᠯᠭ᠎ᠠ ᠳᠠᠭᠤᠰᠴᠣ᠂ ᠤᠲᠤᠭ ᠤᠨ | ᠡᠮᠦᠨᠡᠲᠦ ᠬᠤᠰᠢᠭᠤ ᠶᠢᠨ ᠨᠡᠶᠢᠲᠡᠮ ᠬᠡᠷᠡᠭᠯᠡᠬᠡᠨ ᠤ ᠨᠢᠰᠭᠡᠯ ᠤᠨ ᠪᠠᠭᠤᠳᠠᠯ ᠢ ᠡᠬᠢᠯᠡᠬᠦᠯᠦᠨ ᠪᠦᠲᠦᠬᠡᠨ ᠪᠠᠶᠢᠭᠤᠯᠵᠤ᠂ ᠤᠷᠳᠤᠰ ᠠᠴᠠ ᠪᠡᠬᠡᠵᠢᠩ ᠬᠦᠷᠬᠦ ᠬᠤᠤᠰ | ᠵᠠᠮᠨᠠᠯ ᠤᠨ ᠲᠤᠭ᠎ᠠ ᠪᠠᠷᠢᠮᠲᠠ ᠳᠠᠮᠵᠢᠭᠤᠯᠬᠤ ᠱᠣᠭᠤᠮ ᠢ ᠪᠠᠶᠢᠭᠤᠯᠤᠨ ᠪᠦᠲᠦᠭᠡᠪᠡ᠃ ᠤᠷᠴᠢᠨ ᠲᠣᠭᠤᠷᠢᠨ ᠤ ᠲᠣᠪᠣᠶᠢᠮ᠎ᠠ ᠠᠰᠠᠭᠤᠳᠠᠯ ᠢ ᠶᠡᠬᠡᠪᠡᠷ ᠴᠡᠭᠴᠡᠯᠡᠨ | ᠵᠠᠰᠠᠵᠤ᠂ ᠲᠥᠪ ᠤᠨ ᠤᠷᠴᠢᠨ ᠲᠣᠭᠤᠷᠢᠨ ᠤ ᠱᠠᠭᠠᠷᠳᠠᠨ ᠪᠠᠶᠢᠴᠠᠭᠠᠯᠲᠠ ᠶᠢᠨ 7 ᠵᠦᠢᠯ ᠤᠨ ᠵᠢᠯ ᠤᠨ ᠴᠡᠭᠴᠡᠯᠡᠨ ᠵᠠᠰᠠᠬᠤ ᠡᠬᠦᠷᠭᠡ᠂ ᠴᠢ ᠫᠠᠨ ᠵᠢᠩ ᠮᠧᠩ ᠰᠢ | ᠭᠠᠵᠠᠷ ᠤᠷᠤᠨ ᠤ 71 ᠵᠦᠢᠯ ᠤᠨ ᠵᠢᠯ ᠤᠨ ᠤᠷᠴᠢᠨ ᠲᠣᠭᠤᠷᠢᠨ ᠤ ᠴᠡᠭᠴᠡᠯᠡᠨ ᠵᠠᠰᠠᠯᠲᠠ ᠶᠢᠨ ᠡᠬᠦᠷᠭᠡ ᠶᠢ ᠪᠦᠬᠦ ᠲᠠᠯ᠎ᠠ ᠪᠠᠷ ᠪᠡᠶᠡᠯᠡᠬᠦᠯᠪᠡ᠃ ᠨᠢᠭᠡ ᠵᠢᠯ ᠤᠨ | ᠲᠤᠷᠰᠢ᠂ ᠪᠦᠬᠦ ᠰᠡᠳᠬᠢᠯ ᠪᠦᠬᠦ ᠵᠤᠷᠢᠭ ᠢᠶᠠᠷ ᠠᠷᠠᠳ ᠤᠨ ᠠᠮᠢᠲᠤᠷᠠᠯ ᠢ ᠬᠠᠷᠠᠭᠠᠯᠵᠠᠪᠠ᠃ ᠬᠤᠲᠠ ᠶᠢᠨ 2.1 ᠲᠦᠮᠡᠨ ᠲᠣᠣᠷ᠎ᠠ ᠤᠷᠤᠯᠭ᠎ᠠ ᠲᠠᠢ ᠬᠦᠮᠦᠨ ᠠᠮᠠ | ᠶᠢ ᠲᠡᠮᠵᠢᠨ ᠲᠡᠳᠬᠦᠵᠤ᠂ ᠣᠯᠣᠰ ᠤᠨ ᠪᠠᠷᠢᠮᠵᠢᠶᠠᠲᠤ ᠱᠤᠭᠤᠮ ᠠᠴᠠ ᠲᠣᠣᠷ᠎ᠠ ᠪᠠᠶᠢᠬᠤ 680 ᠶᠠᠳᠠᠭᠤ ᠭᠦᠴᠢᠷᠳᠡᠯᠲᠠᠢ ᠬᠦᠮᠦᠨ ᠠᠮᠠ ᠶᠢ ᠶᠠᠳᠠᠭᠤ ᠠᠴᠠ | ᠠᠩᠬᠢᠵᠢᠷᠠᠭᠤᠯᠬᠤ ᠪᠠᠷᠢᠮᠵᠢᠶᠠᠨ ᠳᠤ ᠬᠦᠷᠭᠡᠪᠡ᠃ 16 ᠲᠤᠮᠳᠠᠳᠣ ᠪᠠᠭ᠎ᠠ ᠰᠣᠷᠭᠠᠭᠤᠯᠢ᠂ ᠬᠡᠤᠬᠡᠳ ᠤᠨ ᠴᠡᠴᠡᠷᠯᠢᠭ ᠢ ᠰᠢᠨ᠎ᠡ ᠪᠠᠷ ᠪᠤᠶᠤ ᠦᠬᠡᠷᠡᠴᠢᠯᠡᠨ ᠪᠠᠶᠢᠭᠤᠯᠵᠤ | ᠂ ᠪᠦᠬᠦ ᠬᠤᠲᠠ ᠶᠢᠨ ᠬᠢᠲᠠᠳ ᠢᠶᠠᠷ ᠬᠢᠴᠢᠶᠡᠯᠯᠡᠬᠦ᠂ ᠮᠤᠩᠭᠤᠯ ᠢᠶᠠᠷ ᠬᠢᠴᠢᠶᠡᠯᠯᠡᠬᠦ ᠰᠤᠷᠤᠭᠴᠢᠳ ᠤᠨ ᠶᠡᠭᠡ ᠰᠣᠷᠭᠠᠭᠤᠯᠢ ᠶᠢᠨ ᠨᠢᠭᠡᠳᠦᠬᠡᠷ ᠵᠡᠷᠭᠡ ᠶᠢᠨ ᠵᠢᠩᠬᠢᠨᠢ | ᠠᠩᠬᠢ ᠳᠤ ᠰᠢᠯᠭᠠᠭᠤᠯᠤᠭᠳᠠᠭᠰᠠᠨ ᠨᠣᠷᠮ᠎ᠠ ᠲᠡᠤᠬᠡᠨ ᠰᠢᠨ᠎ᠡ ᠲᠡᠮᠲᠡᠭᠯᠡᠯ ᠢ ᠡᠬᠦᠳᠪᠡ᠃ 8 ᠬᠤᠰᠢᠭᠤ ᠲᠣᠭᠤᠷᠢᠭ ᠤᠯᠤᠰ ᠤᠨ ᠡᠷᠡᠬᠦᠯ ᠬᠠᠮᠠᠭᠠᠯᠠᠯ ᠤᠨ ᠬᠤᠲᠠ | ᠰᠢᠶᠠᠨ ᠢᠶᠠᠷ ᠦᠨᠡᠯᠡᠭᠳᠡᠵᠤ᠂ ᠤᠯᠤᠰ ᠤᠨ ᠵᠣᠯ ᠵᠢᠷᠭᠠᠯᠲᠤ ᠭᠡᠷ ᠪᠦᠯᠢ ᠶᠢ ᠡᠬᠦᠳᠦᠨ ᠪᠠᠶᠢᠭᠤᠯᠬᠤ ᠠᠵᠢᠯᠯᠠᠭ᠎ᠠ ᠶᠢᠨ ᠵᠢᠱᠢᠶ᠎ᠡ ᠦᠵᠡᠬᠦᠯᠬᠦ ᠬᠤᠲᠠ ᠪᠤᠯᠪᠠ᠃ ᠤᠯᠠᠨ | ᠤᠯᠤᠰ ᠤᠨ ᠮᠠᠷᠠᠰᠣᠨ᠂ ᠣᠯᠠᠨ ᠤᠯᠤᠰ ᠤᠨ ᠰᠣᠶᠣᠯ ᠤᠨ ᠪᠦᠲᠦᠬᠡᠯᠴᠢ ᠲᠥᠰᠦᠪᠯᠡᠯ ᠤᠨ ᠴᠤᠭᠯᠠᠭᠠᠨ ᠵᠡᠷᠭᠡ ᠠᠵᠢᠯᠯᠠᠭ᠎ᠠ ᠶᠢ ᠠᠮᠵᠢᠯᠲᠠ ᠲᠠᠢ ᠡᠷᠬᠢᠯᠡᠵᠤ᠂ | ᠲᠤᠮᠳᠠᠳᠣ ᠤᠯᠤᠰ ᠤᠨ ᠵᠣᠬᠢᠶᠠᠯᠴᠢᠳ ᠤᠨ ᠨᠡᠶᠢᠬᠡᠮᠯᠢᠭ ᠠᠴᠠ ︽ᠲᠤᠮᠳᠠᠳᠣ ᠶᠢᠨ ᠢᠷᠠᠭᠤ ᠨᠠᠶᠢᠷᠠᠭ ᠤᠨ ᠬᠤᠲᠠ︾ ᠪᠠᠷ ᠨᠡᠷᠡᠶᠢᠳᠦᠪᠡ᠃ ᠪᠦᠬᠦ ᠤᠷᠤᠨ ᠤ | ᠠᠩᠬᠠᠳᠠᠭᠴᠢ ᠵᠠᠯᠠᠭᠤᠴᠤᠳ ᠪᠠᠭᠠᠴᠣᠳ ᠤᠨ ᠬᠦᠯ ᠪᠦᠮᠪᠦᠬᠡᠨ ᠤ ᠳᠡᠭᠡᠳᠦ ᠰᠣᠷᠭᠠᠭᠤᠯᠢ ᠶᠢ ᠪᠠᠶᠢᠭᠤᠯᠵᠤ᠂ ᠪᠦᠬᠦ ᠤᠯᠤᠰ ᠤᠨ ᠬᠡᠤᠬᠡᠳ ᠤᠨ ᠬᠦᠯ ᠪᠦᠮᠪᠦᠬᠡᠨ ᠤ | ᠰᠣᠯᠢᠯᠴᠠᠭᠠᠨ ᠤ ᠬᠤᠷᠠᠯ ᠢ ᠳᠠᠭᠠᠭᠠᠴᠢᠯᠠᠨ ᠡᠷᠬᠢᠯᠡᠪᠡ᠃ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠣᠵᠢᠯ᠂ ᠡᠮᠨᠡᠯᠬᠡ ᠶᠢᠨ ᠲᠠᠭᠠᠳᠬᠠᠯ ᠤᠨ | ᠳᠥᠷᠢᠮ ᠢ ᠨᠡᠶᠢᠯᠡᠬᠦᠯᠬᠦ ᠶᠢ ᠠᠬᠢᠭᠤᠯᠵᠤ᠂ ᠬᠤᠲᠠ ᠬᠦᠳᠡᠭᠡ ᠶᠢᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠴᠦᠮ 6% ᠪᠠᠷ | ᠳᠡᠭᠡᠭᠰᠢᠯᠡᠬᠦᠯᠵᠤ᠂ ᠬᠦᠳᠡᠭᠡ ᠲᠤᠰᠬᠤᠨ ᠤ ᠣᠨᠴᠠ ᠬᠦᠴᠢᠷᠳᠡᠯ ᠲᠠᠢ ᠬᠦᠮᠦᠨ ᠠᠮᠠ ᠶᠢ ᠲᠥᠪᠯᠡᠷᠡᠩᠬᠦᠢ ᠪᠤᠶᠤ ᠲᠠᠷᠬᠠᠢ ᠪᠠᠷ ᠠᠰᠠᠷᠠᠨ ᠲᠡᠵᠢᠬᠡᠬᠦ ᠪᠠᠷᠢᠮᠵᠢᠶ᠎ᠠ ᠶᠢ | ᠬᠦᠮᠦᠨ ᠪᠦᠷᠢ ᠵᠢᠯ ᠪᠤᠯᠭᠠᠨ 2000 ᠲᠥᠬᠦᠷᠢᠭ ᠪᠠ 1884 ᠲᠥᠬᠦᠷᠢᠭ ᠲᠡᠭᠡᠭᠰᠢᠯᠡᠭᠦᠯᠪᠡ᠃ ᠨᠢᠭᠡ ᠵᠢᠯ ᠤᠨ ᠲᠤᠷᠰᠢ᠂ ᠪᠢᠳᠡ ᠠᠮᠤᠷ ᠲᠥᠪᠰᠢᠨ ᠪᠠᠶᠢᠬᠤ ᠳᠤ | ᠠᠶᠤᠯ ᠲᠦᠭᠰᠢᠬᠦᠷᠢ ᠶᠢ ᠤᠷᠢᠳᠴᠢᠯᠠᠨ ᠰᠡᠷᠭᠡᠶᠢᠯᠡᠪᠡ᠃ ᠣᠯᠠᠨ ᠠᠷᠭ᠎ᠠ ᠬᠡᠮᠵᠢᠶ᠎ᠡ ᠶᠢ ᠠᠪᠴᠣ ᠮᠦᠩᠬᠦᠨ ᠬᠦᠢᠯᠬᠡᠬᠡᠨ ᠤ ᠲᠦᠭᠰᠢᠬᠦᠷᠢ ᠶᠢ ᠨᠠᠮᠳᠠᠭᠤᠯᠵᠤ᠂ ᠪᠠᠩᠬᠢ | ᠶᠢᠨ ᠡᠷᠡᠬᠦᠯ ᠪᠤᠰᠤ ᠵᠢᠬᠡᠯᠡᠯᠭᠡ ᠶᠢ 80 ᠳ᠋ᠦᠩᠰᠢᠭᠤᠷ ᠲᠥᠬᠦᠷᠢᠭ ᠰᠢᠢᠳᠪᠦᠷᠢᠯᠡᠪᠡ︔ ᠵᠠᠰᠠᠭ ᠤᠨ ᠤᠷᠳᠤᠨ ᠤ ᠦᠷᠢ ᠰᠢᠷᠢ ᠶᠢ ᠢᠯᠭᠠᠷᠠᠭᠤᠯᠬᠤ ᠲᠠᠪᠤᠨ ᠵᠢᠯ ᠤᠨ | ᠲᠥᠯᠦᠪᠵᠢᠬᠦᠯᠬᠡ ᠪᠠ ᠵᠢᠯ ᠤᠨ ᠲᠥᠰᠦᠯ ᠢ ᠲᠣᠭᠳᠠᠭᠠᠨ ᠭᠠᠷᠭᠠᠵᠤ᠂ ᠵᠠᠰᠠᠭ ᠤᠨ ᠤᠷᠳᠤᠨ ᠤ ᠦᠷᠢ ᠰᠢᠷᠢ ᠶᠢ ᠰᠤᠯᠢᠭᠰᠠᠨ ᠨᠤᠷᠮ᠎ᠠ 85.5% ᠳᠤ ᠬᠦᠷᠴᠦ᠂ | ᠵᠠᠰᠠᠭ ᠤᠨ ᠤᠷᠳᠤᠨ ᠤ ᠥᠷᠢ ᠰᠢᠷᠢ ᠶᠢ ᠢᠯᠭᠠᠷᠠᠭᠤᠯᠬᠤ ᠠᠵᠢᠯ ᠤᠨ ᠬᠠᠷᠠᠯᠳᠠ ᠶᠢ ᠪᠡᠶᠡᠯᠡᠭᠦᠯᠪᠡ︔ ᠵᠠᠰᠠᠭ ᠤᠨ ᠤᠷᠳᠤᠨ ᠪᠠᠩᠬᠢ ᠠᠵᠤ ᠠᠬᠤᠶᠢᠯᠠᠯ ᠤᠨ | ᠬᠠᠮᠲᠤᠷᠠᠯᠴᠠᠭ᠎ᠠ ᠶᠢ ᠴᠢᠩᠭᠠᠳᠬᠠᠵᠤ᠂ ᠭᠡᠰᠡᠭ ᠠᠵᠤ ᠠᠬᠤᠶᠢᠯᠠᠯ ᠤᠨ ᠵᠢᠬᠡᠯᠡᠯᠬᠡ ᠶᠢᠨ ᠲᠡᠮᠲᠡᠭ ᠢ ᠰᠣᠯᠢᠵᠤ ᠥᠭᠬᠦ ᠲᠦᠭᠰᠢᠬᠦᠷᠢ ᠶᠢ ᠳᠣᠬᠢᠲᠠᠢ ᠰᠢᠢᠳᠪᠦᠷᠢᠯᠡᠪᠡ᠃ | ᠬᠤᠲᠠ ᠬᠤᠰᠢᠭᠤ ᠬᠤᠶᠠᠷ ᠱᠠᠲᠤᠨ ᠤ ᠠᠶᠤᠯᠬᠦᠢ ᠦᠢᠯᠡᠳᠪᠦᠷᠢᠯᠡᠯ ᠤᠨ ᠮᠡᠳᠡᠭᠡ ᠵᠠᠩᠬᠢᠴᠢᠯᠠᠯᠲᠠ ᠶᠢᠨ ᠬᠢᠨᠠᠨ ᠬᠠᠮᠢᠶᠠᠷᠤᠯᠲᠠ ᠶᠢᠨ ᠳᠠᠪᠴᠠᠩ ᠢ ᠪᠠᠶᠢᠭᠤᠯᠤᠨ | ᠪᠦᠲᠦᠭᠡᠵᠤ᠂ ᠠᠶᠤᠯᠬᠦᠢ ᠦᠢᠯᠡᠳᠪᠦᠷᠢᠯᠡᠯ ᠤᠨ ᠬᠡᠷᠡᠭ ᠠᠳᠡᠯ ᠠᠴᠠ ᠪᠤᠯᠤᠭᠰᠠᠨ ᠦᠬᠦᠯ ᠤᠨ ᠲᠤᠭ᠎ᠠ 20.6% ᠪᠠᠷ ᠪᠠᠭᠤᠷᠠᠪᠠ᠃ ᠢᠳᠡᠭᠡᠨ ᠤ ᠠᠶᠤᠯᠬᠦᠢ | ᠬᠤᠲᠠ ᠶᠢ ᠡᠬᠦᠳᠦᠨ ᠪᠠᠶᠢᠭᠤᠯᠬᠤ ᠠᠵᠢᠯ ᠢ ᠠᠬᠢᠭᠤᠯᠵᠤ᠂ ᠤᠯᠤᠰ ᠤᠨ ᠢᠳᠡᠭᠡᠨ ᠤ ᠠᠶᠤᠯᠬᠦᠢ ᠶᠢᠨ ᠬᠢᠨᠠᠨ ᠬᠡᠮᠵᠢᠯᠲᠡ ᠶᠢᠨ ᠴᠢᠳᠠᠪᠤᠷᠢ ᠶᠢᠨ ᠲᠥᠷᠦᠯ ᠵᠦᠢᠯ ᠢ | ᠪᠠᠶᠢᠭᠤᠯᠤᠨ ᠠᠰᠢᠭᠯᠠᠯᠲᠠ ᠳᠤ ᠤᠷᠤᠭᠤᠯᠪᠠ᠃ ᠵᠠᠬᠢᠳᠠᠯ ᠰᠣᠷᠪᠤᠯᠵᠢᠯᠠᠭ᠎ᠠ ᠶᠢᠨ ᠲᠠᠷᠤᠭᠳᠠᠭᠰᠠᠨ ᠬᠡᠷᠡᠭ ᠤᠨ ᠵᠠᠭᠤᠨ ᠡᠳᠦᠷ ᠤᠨ ᠰᠢᠪᠲᠤᠯᠠᠯᠲᠠ ᠶᠢᠨ ᠠᠵᠢᠯᠯᠠᠭ᠎ᠠ ᠶᠢ | ᠶᠡᠬᠡᠪᠡᠷ ᠦᠷᠨᠢᠬᠦᠯᠵᠤ᠂ ᠵᠠᠬᠢᠳᠠᠯ ᠰᠣᠷᠪᠤᠯᠵᠢᠯᠠᠭ᠎ᠠ ᠶᠢᠨ ᠶᠡᠷᠦᠩᠬᠡᠢ ᠬᠡᠮᠵᠢᠶ᠎ᠡ 45.3 % ᠪᠠᠷ ᠪᠠᠭᠤᠷᠠᠪᠠ᠃ ᠦᠷᠢᠳᠦᠭᠰᠡᠨ ᠴᠠᠯᠢᠩ ᠮᠥᠩᠬᠦ ᠶᠢ ᠢᠯᠭᠠᠷᠠᠭᠤᠯᠤᠨ | ᠰᠢᠢᠳᠪᠦᠷᠢᠯᠡᠬᠦ ᠡᠷᠴᠢᠮ ᠢ ᠴᠢᠩᠭᠠᠳᠬᠠᠵᠤ᠂ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠬᠦᠯᠦᠰᠦ ᠶᠢ ᠪᠦᠬᠦ ᠲᠤᠭ᠎ᠠ ᠪᠠᠷ ᠲᠣᠯᠭᠠᠨ ᠭᠠᠷᠳᠠᠭᠤᠯᠪᠠ᠃ ᠨᠡᠶᠢᠬᠡᠮ | ᠤᠨ ᠠᠮᠤᠷ ᠲᠥᠪᠰᠢᠨ ᠤ ᠶᠡᠷᠦᠩᠬᠡᠶᠢᠯᠡᠭᠰᠡᠨ ᠵᠠᠰᠠᠯᠲᠠ ᠶᠢ ᠴᠢᠩᠭᠠᠳᠬᠠᠵᠤ᠂ ᠫᠣᠣ ᠵᠡᠪᠰᠡᠭ ᠢ ᠬᠤᠷᠢᠶᠠᠮᠵᠢᠯᠠᠨ ᠲᠡᠯᠪᠡᠷᠡᠯᠲᠡ ᠶᠢ ᠵᠠᠰᠠᠬᠤ ᠪᠠ ︽ᠵᠠᠪᠠᠭ᠋ᠠᠢ ᠮᠦᠷᠦᠢ | ᠬᠤᠣᠷ︾ ᠤᠨ ᠬᠠᠤᠯᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠲᠤᠰᠬᠠᠢ ᠠᠵᠢᠯᠯᠠᠭ᠎ᠠ ᠶᠢ ᠬᠦᠨᠵᠡᠬᠡᠢ ᠦᠷᠨᠢᠬᠦᠯᠵᠤ᠂ ᠡᠷᠡᠬᠦᠤ ᠶᠢᠨ ᠬᠡᠷᠡᠭ 16. | 1% ᠪᠠᠷ ᠪᠠᠭᠤᠷᠠᠪᠠ᠃ | 2017 ᠣᠨ ᠪᠤᠯ ᠥᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠣᠢ ᠪᠤᠯᠤᠨ᠎ᠠ᠂ ᠪᠢᠳᠡ ᠣᠯᠠᠨ ᠬᠡᠯᠪᠡᠷᠢ ᠶᠠᠩᠵᠤ ᠶᠢᠨ ᠪᠠᠶᠠᠷᠯᠠᠨ | ᠪᠡᠯᠬᠡᠯᠡᠬᠦ ᠰᠢᠷᠢᠰ ᠠᠵᠢᠯᠯᠠᠭ᠎ᠠ ᠦᠷᠨᠢᠬᠦᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠢ ᠳᠠᠰᠣᠷᠯᠲᠠ ᠦᠬᠡᠢ ᠴᠢᠩᠭᠠᠳᠬᠠᠵᠤ᠂ ᠪᠦᠬᠦ ᠬᠤᠲᠠ | ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ ᠡᠬᠡ ᠤᠷᠤᠨ ᠢᠶᠠᠨ ᠬᠠᠶᠢᠷᠠᠯᠠᠵᠤ᠂ ᠡᠬᠡ ᠤᠷᠤᠨ ᠢᠶᠠᠨ ᠪᠦᠲᠦᠬᠡᠨ ᠪᠠᠶᠢᠭᠤᠯᠬᠤ ᠬᠦᠨ ᠵᠤᠵᠠᠭᠠᠨ ᠬᠠᠶᠢᠷ᠎ᠠ | ᠰᠡᠳᠬᠢᠯᠬᠡ ᠶᠢ ᠵᠣᠵᠠᠭᠠᠳᠬᠠᠪᠠ᠃ ᠪᠢᠳᠡ ︽ ᠣᠯᠠᠨ ᠤᠯᠤᠰ ᠤᠨ ᠬᠤᠯᠪᠤᠭᠠᠲᠤ ᠪᠠᠶᠢᠭᠤᠯᠭ᠎ᠠ ᠶᠢᠨ ᠲᠠᠴᠢᠷᠰᠢᠯ ᠢ ᠰᠡᠷᠭᠡᠶᠢᠯᠡᠨ ᠵᠠᠰᠠᠬᠤ ᠨᠡᠶᠢᠲᠡ ᠶᠢᠨ ᠬᠡᠷ᠎ᠡ︾ | ᠶᠢᠨ ᠠᠷᠪᠠᠨ ᠭᠤᠷᠪᠠᠳᠤᠭᠠᠷ ᠤᠳᠠᠭᠠᠨ ᠤ ᠬᠡᠷ᠎ᠡ ᠪᠠᠶᠢᠭᠤᠯᠤᠭᠰᠠᠨ ᠲᠠᠯ᠎ᠠ ᠶᠢᠨ ᠬᠢᠨ ᠤ ᠶᠡᠭᠡ ᠬᠤᠷᠠᠯ ᠪᠠ ᠵᠢᠷᠭᠤᠳᠤᠭᠠᠷ ᠬᠤᠭᠤᠴᠠᠭᠠᠨ ᠤ ᠬᠦᠪᠴᠢ ᠶᠢᠨ ᠣᠯᠠᠨ | ᠣᠯᠣᠰ ᠤᠨ ᠡᠯᠡᠰᠦᠨ ᠤ ᠦᠬᠦᠯᠡᠯ ᠤᠨ ᠳᠠᠪᠴᠠᠩ ᠢ ᠠᠮᠵᠢᠯᠲᠠᠲᠠᠢ ᠡᠷᠬᠢᠯᠡᠵᠤ᠂ ᠲᠡᠯᠡᠬᠡᠢ ᠲᠠᠶᠠᠩ ᠳᠤ ᠲᠠᠴᠢᠷᠰᠢᠯ ᠢ ᠰᠡᠷᠭᠡᠶᠢᠯᠡᠨ ᠵᠠᠰᠠᠬᠤ ᠤᠷᠳᠤᠰ ᠤᠨ ᠤᠶᠤᠨ | ᠤᠬᠠᠭᠠᠨ ᠪᠠ ᠬᠡᠪ ᠵᠠᠭᠪᠤᠷ ᠢ ᠵᠣᠷᠢᠭᠤᠯᠵᠤ᠂ ᠲᠡᠯᠡᠬᠡᠢ ᠨᠡᠶᠢᠲᠡ ᠳᠤ ᠨᠢᠬᠡᠨ ᠤᠳᠤ ᠦᠶ᠎ᠡ ᠶᠢᠨ᠂ ᠪᠣᠯᠪᠠᠰᠣᠨ᠂ ᠭᠤᠸ᠎ᠠ ᠦᠵᠡᠰᠭᠦᠯᠡᠩᠲᠦ ᠤᠷᠳᠤᠰ ᠢ | ᠭᠠᠶᠢᠬᠠᠭᠤᠯᠪᠠ᠃ ᠰᠢ ᠶᠢᠨ ᠫᠢᠩ ᠶᠡᠷᠦᠩᠬᠡᠢ ᠱᠦᠵᠢ ᠬᠤᠶᠠᠷ ᠶᠡᠭᠡ ᠬᠤᠷᠠᠯ ᠳᠤ ᠲᠤᠰᠪᠤᠷᠢ ᠪᠠᠶᠠᠷ ᠤᠨ ᠵᠠᠬᠢᠳᠠᠯ ᠢᠷᠡᠬᠦᠯᠵᠤ᠂ ᠪᠢᠲᠡᠨ ᠤ ᠠᠵᠢᠯ ᠢ ᠬᠦᠢᠴᠡᠳ | ᠨᠤᠲᠠᠯᠠᠵᠤ᠂ ᠪᠦᠬᠦ ᠬᠤᠲᠠ ᠶᠢᠨ ᠠᠷᠠᠳ ᠲᠦᠮᠡᠨ ᠳᠤ ᠬᠢᠵᠠᠭᠠᠷᠯᠠᠰᠢ ᠦᠬᠡᠢ ᠶᠡᠭᠡ ᠵᠣᠷᠢᠭᠵᠢᠭᠤᠯᠤᠯ ᠪᠤᠯᠵᠤ᠂ ᠤᠷᠳᠤᠰ ᠤᠨ ᠠᠵᠢᠯ ᠢ ᠰᠠᠶᠢᠲᠤᠷ ᠬᠢᠬᠦ | ᠬᠦᠴᠦᠷᠭᠡᠭ ᠶᠡᠭᠡ ᠵᠦᠪ ᠡᠨᠧᠷᠬᠢ ᠶᠢ ᠬᠤᠷᠠᠮᠳᠤᠭᠤᠯᠤᠭᠰᠠᠨ ᠪᠠᠶᠢᠨ᠎ᠠ︕ | ᠲᠥᠯᠦᠬᠡᠯᠡᠭᠴᠢᠳ ᠡ᠂ ᠮᠢᠩᠭᠠᠨ ᠳᠠᠪᠠᠭ᠎ᠠ ᠲᠦᠮᠡᠨ ᠪᠡᠷᠭᠡᠰᠢᠶᠡᠯ ᠢ ᠲᠤᠭᠤᠯᠮᠠᠨᠵᠢᠨ ᠰᠠᠶ᠋ᠢ ᠲᠦᠮᠡᠨ ᠬᠡᠷᠡᠭ ᠢ ᠪᠦᠲᠦᠭᠡᠵᠤ ᠴᠢᠳᠠᠮᠤᠢ᠃ | ᠥᠩᠬᠡᠷᠡᠭᠰᠡᠨ ᠲᠠᠪᠤᠨ ᠵᠢᠯ ᠢ ᠡᠷᠬᠢᠴᠡᠬᠦᠯᠪᠡᠯ᠂ ᠥᠩᠬᠡᠷᠡᠬᠦᠯᠦᠭᠰᠡᠨ ᠲᠡᠮᠡᠴᠡᠯ ᠤᠨ ᠶᠠᠪᠤᠴᠠ ᠮᠠᠷᠳᠠᠭᠲᠠᠬᠤᠶᠠ ᠪᠡᠷᠬᠡ ᠶᠤᠮ᠃ ᠲᠠᠪᠤᠨ ᠵᠢᠯ ᠤᠨ ᠡᠮᠦᠨ᠎ᠡ᠂ | ᠬᠤᠷᠸ᠎ᠠ ᠠᠵᠤ ᠠᠬᠤᠢ ᠶᠢᠨ ᠨᠦᠯᠦᠬᠡᠯᠡᠯ ᠠᠴᠠ ᠪᠣᠯᠵᠣ ᠡᠨᠧᠷᠬᠢ ᠶᠢᠨ ᠦᠢᠯᠡᠳᠬᠦᠨ ᠤ ᠦᠨ᠎ᠡ ᠬᠠᠩᠰᠢ ᠪᠠᠭᠤᠷᠠᠵᠤ᠂ ᠭᠡᠷ ᠪᠠᠶᠢᠰᠢᠩ ᠭᠠᠵᠠᠷ ᠬᠥᠷᠦᠩᠬᠡ ᠶᠢᠨ | ᠵᠠᠬ᠎ᠠ ᠳᠡᠯᠬᠡᠬᠦᠷ ᠵᠠᠯᠭᠠᠭᠠᠪᠠᠷ ᠮᠠᠭᠤᠳᠠᠵᠤ᠂ ᠠᠷᠠᠳ ᠤᠨ ᠳᠣᠮᠳᠠᠬᠢ ᠵᠢᠬᠡᠯᠡᠯᠭᠡ ᠶᠢᠨ ᠵᠥᠷᠢᠴᠡᠯ ᠲᠥᠪᠯᠡᠷᠡᠩᠬᠦᠢ ᠡᠭᠦᠰᠴᠦ᠂ ᠮᠠᠨ ᠤ ᠬᠤᠲᠠ ᠬᠥᠭᠵᠢᠯᠲᠡ ᠶᠢᠨ | ᠬᠠᠮᠤᠭ ᠤᠨ ᠪᠡᠷᠭᠡᠰᠢᠶᠡᠯᠲᠦ ᠬᠤᠭᠤᠴᠠᠭ᠎ᠠ ᠶᠢ ᠥᠩᠭᠡᠷᠡᠬᠦᠯᠵᠤ᠂ ᠨᠢᠭᠡ ᠦᠶ᠎ᠡ ᠭᠠᠳᠠᠨᠠᠬᠢ ᠶᠢᠨ ᠬᠢᠨ ᠳᠤ ᠰᠡᠵᠢᠭᠯᠡᠭᠳᠡᠨ ᠮᠠᠭᠤᠯᠠᠭᠳᠠᠭᠰᠠᠨ ᠪᠠᠶᠢᠨ᠎ᠠ᠃ ᠭᠡᠪᠡᠴᠦ | ᠰᠠᠯᠬᠢᠨ ᠪᠤᠷᠤᠭᠠᠨ ᠳᠤ ᠴᠣᠬᠢᠭᠳᠠᠨ᠂ ᠨᠤᠭᠤᠷᠠᠯ ᠪᠦᠲᠦᠷᠡᠯ ᠢ ᠬᠠᠨᠤᠲᠠᠯ᠎ᠠ ᠠᠮᠰᠠᠭᠰᠠᠨ ᠤᠷᠳᠤᠰ ᠬᠦᠴᠢᠷ ᠪᠡᠷᠭᠡᠰᠢᠶᠡᠯ ᠤᠨ ᠡᠮᠦᠨ᠎ᠡ ᠬᠦᠯ ᠨᠤᠭᠤᠷᠠᠭᠰᠠᠨ ᠦᠬᠡᠢ᠂ | ᠪᠦᠬᠦ ᠬᠤᠲᠠ ᠶᠢᠨ ᠬᠢᠨ ᠲᠠᠪᠤᠨ ᠵᠢᠯ ᠤᠨ ᠰᠢᠷᠭᠠᠭᠤ ᠬᠠᠳᠠᠭᠤᠵᠢᠯᠲᠠᠢ ᠴᠢᠷᠮᠠᠶᠢᠯᠠᠭ᠎ᠠ ᠪᠠᠷ ᠳᠠᠮᠵᠢᠨ᠂ ᠳᠠᠷᠤᠭᠠᠰᠤ ᠶᠢ ᠳᠠᠭᠠᠭᠠᠵᠤ᠂ ᠰᠢᠯᠭᠠᠯᠲᠠ ᠶᠢ ᠳᠠᠮᠵᠢᠵᠤ᠂ | ᠥᠷᠢᠰᠦᠯᠳᠦᠬᠡᠨ ᠢ ᠢᠯᠠᠵᠤ᠂ ᠠᠵᠤ ᠠᠬᠤᠢ ᠨᠡᠶᠢᠬᠡᠮ ᠤᠨ ᠬᠥᠭᠵᠢᠯᠲᠡ ᠶᠢᠨ ᠲᠣᠭᠲᠠᠪᠤᠷᠢᠲᠦ ᠴᠢᠨᠠᠷ᠂ ᠵᠣᠬᠢᠴᠠᠩᠭᠤᠢ ᠴᠢᠨᠠᠷ᠂ ᠦᠷᠬᠦᠯᠵᠢᠯᠡᠬᠦᠶᠢᠴᠡ ᠴᠢᠨᠠᠷ | ᠴᠢᠨᠠᠭᠰᠢᠲᠠ ᠴᠢᠩᠭᠠᠷᠠᠪᠠ᠃ ᠥᠨᠦᠳᠦᠷ ᠤᠨ ᠤᠷᠳᠤᠰ ᠨᠡᠩ ᠦᠩᠬᠡ ᠬᠢᠯᠠᠯᠵᠠᠮ᠎ᠠ ᠲᠦᠷᠢ ᠪᠠᠶᠢᠳᠠᠯ ᠢᠶᠠᠷ ᠲᠠᠬᠢᠨᠲᠠ ᠬᠥᠭᠵᠢᠯᠲᠡ ᠶᠢᠨ ᠡᠮᠦᠨ᠎ᠡ ᠡᠩᠨᠡᠬᠡᠨ ᠳᠤ | ᠳᠤᠷᠠᠶᠢᠵᠤ᠂ ᠨᠡᠩ ᠦᠨᠳᠦᠷ ᠲᠡᠭᠳᠡᠷ ᠲᠤ ᠮᠠᠷᠠᠶᠢᠨ ᠭᠠᠷᠴᠣ᠂ ᠴᠣ ᠰᠢᠨ᠎ᠡ ᠲᠦᠷᠢ ᠲᠦᠷᠬᠦ ᠶᠢ ᠱᠣᠭᠤᠪᠠ︕ ᠡᠳᠡᠭᠡᠷ ᠠᠮᠵᠢᠯᠲᠠ ᠪᠦᠲᠦᠮᠵᠢ ᠶᠢ ᠤᠯᠤᠭᠰᠠᠨ ᠨᠢ | ᠲᠥᠪ᠂ ᠥᠪᠡᠷᠲᠡᠭᠡᠨ ᠵᠠᠰᠠᠬᠤ ᠤᠷᠤᠨ ᠪᠠ ᠬᠤᠲᠠ ᠶᠢᠨ ᠨᠠᠮ ᠤᠨ ᠬᠤᠷᠢᠶ᠎ᠠ ᠶᠢᠨ ᠵᠦᠪ ᠣᠨᠣᠪᠴᠢᠲᠠᠢ ᠤᠳᠤᠷᠢᠳᠤᠯᠭ᠎ᠠ ᠪᠠ ᠬᠦᠴᠦᠲᠠᠢ ᠳᠡᠮᠵᠢᠯᠬᠡ ᠶᠢᠨ ᠦᠷ᠎ᠡ | ᠳ᠋ᠦᠩ ᠮᠦᠨ᠂ ᠥᠩᠬᠡᠷᠡᠭᠰᠡᠨ ᠤ ᠤᠳᠤᠷᠢᠳᠬᠤ ᠪᠠᠭ ᠤᠨ ᠤᠷᠢᠳᠤᠬᠢ ᠶᠢ ᠵᠠᠯᠭᠠᠮᠵᠢᠯᠠᠨ ᠬᠤᠶᠢᠳᠣᠬᠢ ᠶᠢ ᠨᠡᠬᠡᠬᠡᠵᠤ᠂ ᠬᠦᠴᠦ ᠵᠠᠯᠭᠠᠨ ᠲᠡᠮᠡᠴᠡᠭᠰᠡᠨ ᠤ ᠦᠷ᠎ᠡ | ᠳ᠋ᠦᠩ ᠪᠤᠯᠤᠨ᠎ᠠ᠂ ᠪᠦᠬᠦ ᠬᠤᠲᠠ ᠶᠢᠨ ᠥᠷᠭᠡᠨ ᠣᠯᠠᠨ ᠺᠠᠳ᠋ᠷ ᠲᠦᠮᠡᠨ ᠬᠦᠴᠢᠷ ᠪᠡᠷᠭᠡᠰᠢᠶᠡᠯ ᠢ ᠢᠯᠠᠨ ᠳᠠᠪᠠᠵᠤ᠂ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ | ᠪᠤᠯᠤᠨ᠎ᠠ᠃ ᠠᠳᠡ᠂ ᠪᠢ ᠬᠤᠲᠠ ᠶᠢᠨ ᠠᠷᠠᠳ ᠤᠨ ᠵᠠᠰᠠᠭ ᠤᠨ ᠤᠷᠳᠤᠨ ᠢ ᠲᠦᠯᠦᠬᠡᠯᠡᠨ ᠪᠦᠬᠦ ᠬᠤᠲᠠ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ᠂ | ᠲᠥᠯᠦᠬᠡᠯᠡᠭᠴᠢᠳ᠂ ᠭᠡᠰᠢᠭᠦᠳ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ᠂ ᠠᠷᠠᠳ ᠤᠨ ᠪᠦᠯᠬᠦᠮ᠂ ᠬᠤᠲᠠ ᠳᠤ | ᠰᠠᠭᠤᠭ᠎ᠠ ᠴᠡᠷᠢᠭ ᠠᠩᠬᠢ᠂ ᠵᠡᠪᠰᠡᠭᠲᠦ ᠴᠠᠭᠳᠠᠭᠠᠨ ᠤ ᠳᠠᠷᠤᠭ᠎ᠠ ᠪᠠᠶᠢᠯᠳᠤᠭᠴᠢᠳ ᠪᠠ ᠲᠤᠳᠤᠭᠠᠲᠤ ᠶᠢ ᠬᠠᠮᠠᠭᠠᠯᠠᠬᠤ ᠺᠠᠳ᠋ᠷ ᠴᠠᠭᠳᠠᠭ᠎ᠠ ᠵᠢᠴᠢ ᠤᠷᠳᠤᠰ ᠤᠨ | ᠦᠬᠡᠷᠡᠴᠢᠯᠡᠯᠲᠡ ᠬᠥᠭᠵᠢᠯᠲᠡ ᠶᠢ ᠬᠠᠯᠠᠮᠵᠢᠯᠠᠵᠤ᠂ ᠳᠡᠮᠵᠢᠵᠤ᠂ ᠤᠷᠤᠯᠴᠠᠭᠰᠠᠨ ᠨᠡᠶᠢᠬᠡᠮ ᠤᠨ ᠡᠯ᠎ᠡ ᠡᠲᠡᠭᠡᠳ ᠤᠨ ᠬᠦᠮᠦᠰ ᠲᠤ ᠡᠷᠬᠢᠮ ᠳᠡᠭᠡᠳᠦ ᠬᠦᠨᠳᠦᠳᠬᠡᠯ ᠪᠠ | ᠴᠢᠩ ᠰᠡᠳᠬᠢᠯ ᠤᠨ ᠳᠠᠯᠠᠷᠬᠠᠯ ᠢᠶᠠᠨ ᠳᠡᠪᠰᠢᠬᠦᠯᠦᠶ᠎ᠡ︕ | ᠥᠩᠬᠡᠷᠡᠭᠰᠡᠨ ᠲᠠᠪᠤᠨ ᠵᠢᠯ ᠢ ᠡᠷᠬᠢᠴᠡᠭᠦᠯᠪᠡᠯ᠂ ᠬᠤᠷᠠᠮᠳᠤᠭᠤᠯᠤᠭᠰᠠᠨ ᠬᠥᠭᠵᠢᠯᠲᠡ ᠶᠢᠨ ᠲᠤᠷᠰᠢᠯᠭ᠎ᠠ ᠶᠠᠭᠤᠨ ᠠᠴᠠ ᠴᠣ᠋ ᠡᠷᠬᠢᠮ ᠨᠠᠨᠳᠢᠨ ᠶᠤᠮ᠃ ᠪᠢᠳᠡ | ᠦᠢᠯᠡᠳᠦᠯᠬᠡ ᠶᠢᠨ ᠳᠤᠮᠳᠠ ᠠᠴᠠ ᠬᠦᠨᠵᠡᠬᠡᠢ ᠣᠶᠢᠯᠠᠭᠠᠭᠰᠠᠨ ᠨᠢ᠂ ᠤᠷᠳᠤᠰ ᠤᠨ ᠦᠷᠬᠦᠯᠵᠢᠯᠡᠬᠦᠶᠢᠴᠡ ᠡᠷᠡᠬᠦᠯ ᠬᠥᠭᠵᠢᠯᠲᠡ ᠶᠢ ᠠᠬᠢᠭᠤᠯᠬᠤ ᠳᠤ ᠡᠷᠬᠡᠪᠰᠢ | ᠤᠯᠤᠰ ᠲᠥᠷᠦ ᠶᠢᠨ ᠵᠤᠭᠰᠣᠯᠲᠠ ᠪᠠᠨ ᠳᠡᠭᠡᠭᠰᠢᠯᠡᠬᠦᠯᠵᠤ᠂ ︽ᠲᠦᠷᠪᠡᠨ ᠤᠬᠠᠮᠰᠠᠷ︾ ᠢ ᠪᠠᠲᠤ ᠪᠤᠢ ᠪᠤᠯᠭᠠᠵᠤ᠂ ᠲᠥᠪ᠂ ᠥᠪᠡᠷᠲᠡᠭᠡᠨ ᠵᠠᠰᠠᠬᠤ ᠤᠷᠤᠨ ᠪᠠ | ᠬᠤᠲᠠ ᠶᠢᠨ ᠨᠠᠮ ᠤᠨ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠤᠨ ᠨᠠᠶᠢᠲᠠᠪᠤᠷᠢᠵᠢᠭᠤᠯᠵᠤ᠂ ᠪᠦᠬᠦ ᠤᠯᠤᠰ᠂ | ᠪᠦᠬᠦ ᠤᠷᠤᠨ ᠤ ᠬᠥᠭᠵᠢᠯᠲᠡ ᠶᠢᠨ ᠶᠡᠭᠡ ᠲᠠᠯ᠎ᠠ ᠠᠴᠠ ᠲᠤᠰ ᠪᠡᠶ᠎ᠡ ᠶᠢᠨ ᠪᠠᠶᠢᠯᠳᠤᠬᠤ ᠪᠤᠳᠤᠯᠭ᠎ᠠ ᠶᠢᠨ ᠣᠷᠤᠨ ᠪᠠᠶᠢᠷᠢ ᠶᠢ ᠤᠨᠤᠪᠴᠢᠲᠠᠢ ᠤᠯᠬᠤ ᠬᠡᠷᠡᠭᠲᠠᠢ᠂ | ᠢᠩᠬᠢᠮᠠᠨᠵᠢᠨ ᠰᠠᠶ᠋ᠢ ᠢᠮᠠᠭᠲᠠ ᠬᠥᠭᠵᠢᠯᠲᠡ ᠶᠢᠨ ᠵᠦᠪ ᠵᠠᠮ ᠢᠶᠠᠷ ᠵᠠᠮᠨᠠᠬᠤ ᠶᠢ ᠪᠠᠲᠤᠯᠠᠵᠤ ᠴᠢᠳᠠᠨ᠎ᠠ︔ ᠡᠷᠭᠡᠪᠰᠢ ᠬᠥᠭᠵᠢᠯᠲᠡ ᠶᠢ ᠲᠡᠷᠢᠬᠦᠨ ᠴᠢᠬᠤᠯᠠ ᠪᠠᠶᠢᠷᠢᠨ | ᠳᠤ ᠲᠠᠯᠪᠢᠵᠤ᠂ ᠬᠥᠭᠵᠢᠯᠲᠡ ᠶᠢᠨ ᠢᠲᠡᠭᠡᠯ ᠵᠣᠷᠢᠭ ᠢᠶᠠᠨ ᠬᠦᠪᠴᠢᠯᠡᠵᠤ᠂ ᠬᠥᠭᠵᠢᠯᠲᠡ ᠶᠢᠨ ᠶᠡᠭᠡ ᠪᠠᠶᠢᠳᠠᠯ ᠢ ᠳᠠᠭᠠᠵᠤ᠂ ᠰᠢᠨ᠎ᠡ ᠬᠥᠭᠵᠢᠯᠲᠡ ᠶᠢᠨ ᠤᠨᠤᠯᠵᠢᠭᠤᠨ | ᠢ ᠪᠦᠬᠦ ᠲᠠᠯ᠎ᠠ ᠪᠠᠷ ᠨᠠᠶᠢᠲᠠᠪᠤᠷᠢᠵᠢᠭᠤᠯᠵᠤ᠂ ᠭᠡᠯᠪᠡᠷᠢ ᠶᠢ ᠬᠤᠪᠢᠷᠠᠭᠤᠯᠤᠨ ᠬᠥᠭᠵᠢᠬᠦᠯᠬᠦ ᠶᠢ ᠡᠷᠡᠰ ᠭᠤᠶᠢᠪᠢᠰᠢ ᠦᠬᠡᠢ ᠠᠬᠢᠭᠤᠯᠬᠤ ᠬᠡᠷᠡᠭᠲᠠᠢ᠂ ᠢᠩᠬᠢᠮᠠᠨᠵᠢᠨ ᠰᠠᠶ᠋ᠢ | ᠠᠵᠤ ᠠᠬᠤᠢ ᠶᠢᠨ ᠬᠥᠭᠵᠢᠯᠲᠡ ᠶᠢᠨ ᠶᠠᠰᠣ ᠴᠢᠨᠠᠷ ᠪᠠ ᠦᠷ᠎ᠡ ᠠᠰᠢᠭ ᠢ ᠳᠠᠰᠣᠷᠠᠯᠲᠠ ᠦᠬᠡᠢ ᠳᠡᠭᠡᠭᠰᠢᠯᠡᠬᠦᠯᠵᠤ ᠴᠢᠳᠠᠨ᠎ᠠ︔ ᠭᠠᠪᠰᠢᠭᠠᠶᠢᠯᠠᠨ ᠤᠷᠤᠵᠤ ᠬᠦᠮᠦᠨ | ᠠᠴᠠ ᠤᠷᠢᠳᠠᠪᠠᠷ ᠲᠤᠷᠰᠢᠨ ᠬᠢᠬᠦ ᠵᠤᠷᠢᠭ ᠰᠠᠨᠠᠭ᠎ᠠ ᠶᠢ ᠡᠷᠭᠡᠪᠰᠢ ᠪᠠᠳᠠᠷᠠᠭᠤᠯᠵᠤ᠂ ᠦᠬᠡᠷᠡᠴᠢᠯᠡᠯᠲᠡ ᠬᠢᠵᠤ ᠰᠢᠨ᠎ᠡ ᠶᠢ ᠡᠬᠦᠳᠬᠦ ᠰᠦᠰᠦ ᠵᠤᠷᠢᠭ᠂ ᠣᠮᠤᠭ ᠬᠦᠴᠦᠨ | ᠪᠠ ᠰᠦᠷ ᠵᠢᠪᠬᠤᠭ᠎ᠠ ᠶᠢ ᠬᠠᠳᠠᠭᠠᠯᠠᠵᠤ᠂ ᠦᠬᠡᠷᠡᠴᠢᠯᠡᠯᠲᠡ ᠠᠴᠠ ᠠᠮᠢᠵᠢᠷᠠᠯ ᠤᠨ ᠬᠦᠴᠦᠨ ᠣᠯᠵᠤ᠂ ᠰᠢᠨ᠎ᠡ ᠶᠢ ᠡᠬᠦᠳᠬᠦ ᠠᠴᠠ ᠦᠷ᠎ᠡ ᠠᠰᠢᠭ ᠤᠯᠵᠤ᠂ | ᠴᠢᠯᠦᠬᠡᠲᠠᠢ ᠶᠠᠪᠤᠯᠴᠠᠬᠤ ᠠᠴᠠ ᠤᠷᠤᠨ ᠵᠠᠢ ᠤᠯᠬᠤ ᠬᠡᠷᠡᠭᠲᠠᠢ᠂ ᠢᠩᠬᠢᠮᠠᠨᠵᠢᠨ ᠰᠠᠶ᠋ᠢ ᠭᠠᠵᠠᠷ ᠤᠷᠤᠨ ᠤ ᠡᠵᠡᠨ ᠮᠡᠳᠡᠨ ᠬᠥᠭᠵᠢᠬᠦ ᠴᠢᠳᠠᠪᠤᠷᠢ ᠶᠢ ᠦᠷᠬᠦᠯᠵᠢᠯᠡᠨ | ᠳᠡᠭᠡᠭᠰᠢᠯᠡᠬᠦᠯᠵᠤ ᠴᠢᠳᠠᠨ᠎ᠠ︔ ᠡᠷᠭᠡᠪᠰᠢ ᠬᠦᠮᠦᠨ ᠪᠠᠶᠢᠭᠠᠯᠢ ᠡᠶ᠎ᠡ ᠵᠣᠬᠢᠴᠠᠨ ᠤᠷᠤᠰᠢᠬᠤ ᠶᠢ ᠪᠠᠷᠢᠮᠲᠠᠯᠠᠵᠤ᠂ ᠬᠦᠬᠡᠮᠳᠦᠭ ᠨᠣᠭᠤᠭᠠᠨ ᠠᠭᠤᠯᠠ ᠤᠰᠤ ᠬᠢᠭᠡᠳ | ᠠᠯᠲᠠ ᠮᠥᠩᠬᠦᠨ ᠠᠭᠤᠯᠠ ᠶᠢᠨ ᠬᠤᠭᠤᠷᠤᠨᠳᠣᠬᠢ ᠬᠠᠷᠢᠴᠠᠭ᠎ᠠ ᠶᠢ ᠵᠦᠪ ᠢᠶᠠᠷ ᠰᠢᠢᠳᠪᠦᠷᠢᠯᠡᠵᠤ᠂ ᠨᠢᠳᠦᠨ ᠡᠮᠦᠨᠡᠬᠢ ᠠᠰᠢᠭ ᠳᠣᠰᠠ ᠪᠠ ᠠᠯᠤᠰ ᠭᠡᠲᠦ ᠶᠢᠨ ᠠᠰᠢᠭ | ᠳᠣᠰᠠ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠷᠴᠢᠮ ᠢ ᠪᠦᠬᠦ ᠲᠠᠯ᠎ᠠ ᠪᠠᠷ ᠴᠢᠩᠭᠠᠳᠬᠠᠬᠤ ᠬᠡᠷᠡᠭᠲᠠᠢ᠂ | ᠢᠩᠬᠢᠮᠠᠨᠵᠢᠨ ᠰᠠᠶ᠋ᠢ ᠨᠡᠩ ᠦᠷᠬᠦᠯᠵᠢᠯᠡᠬᠦᠶᠢᠴᠡ ᠤᠷᠲᠤ ᠣᠳᠠᠭᠠᠨ ᠬᠥᠭᠵᠢᠯᠲᠡ ᠶᠢ ᠪᠡᠶᠡᠯᠡᠬᠦᠯᠵᠤ ᠴᠢᠳᠠᠨ᠎ᠠ︔ ᠡᠷᠬᠡᠪᠰᠢ ᠬᠦᠮᠦᠨ ᠢᠶᠠᠷ ᠦᠨᠳᠦᠰᠦ ᠪᠣᠯᠭᠠᠬᠤ ᠶᠢ | ᠪᠠᠷᠢᠮᠲᠠᠯᠠᠵᠤ᠂ ᠠᠷᠠᠳ ᠤᠨ ᠠᠮᠢᠳᠤᠷᠠᠯ ᠢ ᠦᠨᠡᠨᠬᠦ ᠪᠠᠲᠤᠯᠠᠨ ᠰᠠᠶᠢᠵᠢᠷᠠᠭᠤᠯᠵᠤ᠂ ᠠᠷᠠᠳ ᠣᠯᠠᠨ ᠤ ᠲᠤᠰ ᠪᠡᠶ᠎ᠡ ᠶᠢᠨ ᠠᠰᠢᠭ ᠳᠣᠰᠠ ᠲᠠᠢ ᠬᠤᠯᠪᠤᠭᠳᠠᠬᠤ | ᠬᠠᠯᠠᠮᠰᠢᠯ ᠲᠠᠢ ᠬᠦᠴᠢᠷᠳᠡᠯ ᠲᠠᠢ ᠠᠰᠠᠭᠤᠳᠠᠯ ᠢ ᠰᠠᠶᠢᠲᠤᠷ ᠰᠢᠢᠳᠪᠦᠷᠢᠯᠡᠵᠤ᠂ ᠣᠯᠠᠨ ᠲᠦᠮᠡᠨ ᠳᠤ ᠨᠡᠩ ᠣᠯᠠᠨ ᠬᠠᠷᠠᠭᠠᠯᠵᠠᠯ ᠦᠵᠡᠬᠦᠯᠬᠦ ᠬᠡᠷᠡᠭᠲᠠᠢ᠂ ᠢᠩᠬᠢᠮᠠᠨᠵᠢᠨ | ᠰᠠᠶ᠋ᠢ ᠬᠥᠭᠵᠢᠯᠲᠡ ᠶᠢᠨ ᠲᠦᠪᠯᠡᠩᠬᠦᠢ ᠬᠦᠴᠦ ᠶᠢ ᠳᠠᠰᠣᠷᠠᠯᠲᠠ ᠦᠬᠡᠢ ᠳᠡᠭᠡᠭᠰᠢᠯᠡᠬᠦᠯᠵᠤ ᠴᠢᠳᠠᠨ᠎ᠠ︔ ᠡᠷᠬᠡᠪᠰᠢ ᠲᠥᠷᠦ ᠶᠢ ᠪᠦᠬᠦ ᠲᠠᠯ᠎ᠠ ᠪᠠᠷ ᠴᠢᠩᠭ᠎ᠠ ᠵᠠᠰᠠᠵᠤ᠂ | ᠬᠠᠤᠯᠢ ᠶᠤᠰᠤᠭᠠᠷ ᠵᠠᠰᠠᠭ ᠪᠠᠷᠢᠬᠤ ᠣᠨᠣᠯᠵᠢᠭᠤᠨ ᠢ ᠴᠢᠩᠭᠠᠳᠬᠠᠵᠤ᠂ ᠨᠠᠮ ᠤᠨ ᠰᠣᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠠ ᠢᠯᠵᠠᠷᠮᠠᠯ ᠢ ᠡᠰᠡᠷᠬᠦᠴᠡᠬᠦ | ᠲᠡᠮᠡᠴᠡᠯ ᠢ ᠴᠢᠩᠭᠠᠳᠬᠠᠵᠤ᠂ ᠵᠠᠰᠠᠭ ᠤᠨ ᠰᠣᠷᠲᠠᠯ ᠢ ᠤᠰᠤᠯᠳᠤᠯ ᠦᠬᠡᠢ ᠬᠤᠪᠢᠷᠠᠭᠤᠯᠵᠤ᠂ ᠴᠢᠩᠭ᠎ᠠ ᠬᠦᠴᠦᠲᠠᠢ ᠪᠠᠷ ᠰᠢᠪᠲᠤᠯᠤᠯᠲᠠ | ᠰᠢᠪᠲᠤᠯᠤᠨᠨᠠᠶᠢᠲᠠᠪᠤᠷᠢᠵᠢᠭᠤᠯᠤᠯᠲᠠ ᠶᠢ ᠠᠳᠬᠤᠬᠤ ᠭᠡᠷᠡᠭᠲᠠᠢ᠂ ᠢᠩᠬᠢᠮᠠᠨᠵᠢᠨ ᠰᠠᠶ᠋ᠢ ᠬᠥᠭᠵᠢᠯᠲᠡ ᠳᠤ ᠬᠦᠴᠦᠨᠲᠠᠢ ᠪᠠᠲᠠᠯᠠᠭᠠ ᠬᠠᠩᠭᠠᠵᠤ ᠴᠢᠳᠠᠨ᠎ᠠ᠃ | ᠦᠩᠭᠡᠷᠡᠭᠰᠡᠨ ᠲᠠᠪᠤᠨ ᠵᠢᠯ ᠢ ᠡᠷᠬᠢᠴᠡᠭᠦᠯᠪᠠᠯ᠂ ᠤᠷᠤᠰᠢᠵᠤ ᠪᠠᠶᠢᠭ᠎ᠠ ᠵᠦᠷᠢᠴᠡᠯ ᠠᠰᠠᠭᠤᠳᠠᠯ ᠳᠤ ᠨᠡᠩ ᠰᠢᠭᠤᠳ ᠬᠠᠨᠳᠤᠬᠤ ᠬᠡᠷᠡᠭᠳᠡᠢ ᠪᠠᠶᠢᠨ᠎ᠠ᠃ ᠮᠠᠨ ᠤ | ᠬᠤᠳᠠ ᠶᠢᠨ ᠠᠵᠤ ᠠᠬᠤᠢ ᠨᠠᠶᠢᠭᠡᠮ ᠤᠨ ᠭᠦᠭᠵᠢᠯᠳᠠ ᠳᠤ ᠪᠠᠰᠠ ᠨᠠᠯᠢᠶᠠᠳ ᠣᠯᠠᠨ ᠭᠦᠴᠢᠷ ᠪᠡᠷᠭᠡᠰᠢᠶᠡᠯ ᠤᠷᠤᠰᠢᠵᠤ ᠪᠠᠶᠢᠨ᠎ᠠ᠂ ᠤᠨᠴᠠᠭᠠᠶᠢᠯᠡᠨ ᠭᠦᠭᠵᠢᠯᠳᠠ | ᠲᠡᠩᠴᠡᠬᠦᠷᠢᠲᠠᠢ ᠪᠤᠰᠤ ᠪᠠ ᠭᠦᠢᠴᠡᠳ ᠪᠤᠰᠤ ᠪᠠᠶᠢᠬᠤ ᠠᠰᠠᠭᠤᠳᠠᠯ ᠪᠠᠰᠠ ᠨᠠᠯᠢᠶᠠᠳ ᠲᠤᠪᠤᠶᠢᠮ᠎ᠠ ᠪᠠᠶᠢᠨ᠎ᠠ᠃ ᠠᠵᠤ ᠠᠬᠤᠢ ᠶᠢᠨ ᠭᠦᠭᠵᠢᠯᠳᠠ ᠶᠢᠨ ᠶᠠᠰᠤ ᠴᠢᠨᠠᠷ | ᠦᠷ᠎ᠠ ᠠᠰᠢᠭ ᠦᠨᠳᠤᠷ ᠪᠤᠰᠤ᠂ ᠠᠵᠤ ᠤᠶᠢᠯᠡᠰ ᠤᠨ ᠪᠦᠳᠤᠴᠠ ᠰᠢᠯᠢᠳᠡᠭ ᠪᠤᠰᠤ᠂ ᠤᠯᠠᠮᠵᠢᠯᠠᠯᠳᠤ ᠡᠬᠢ ᠪᠠᠶᠠᠯᠢᠭ ᠤᠨ ᠬᠡᠯᠪᠡᠷᠢ ᠶᠢᠨ ᠠᠵᠤ ᠤᠶᠢᠯᠡᠰ ᠤᠨ | ᠡᠵᠡᠯᠡᠭᠦᠨ ᠦᠩᠭᠡᠷᠤ ᠶᠡᠭᠡ ᠪᠠᠶᠢᠵᠤ᠂ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠠ ᠪᠠᠷ ᠬᠥᠭᠵᠢᠭᠰᠡᠨ ᠠᠵᠤ ᠤᠶᠢᠯᠡᠰ ᠰᠡᠶ᠋ᠢ ᠡᠬᠢᠯᠡᠵᠤ᠂ ᠤᠳᠤ ᠦᠶ᠎ᠠ ᠶᠢᠨ | ᠤᠶᠢᠯᠡᠴᠢᠯᠡᠭᠡᠨ ᠤ ᠤᠶᠢᠯᠡᠰ ᠤᠨ ᠭᠦᠭᠵᠢᠯᠳᠠ ᠭᠦᠢᠴᠡᠳ ᠪᠤᠰᠤ᠂ ᠠᠵᠤ ᠠᠬᠤᠢ ᠶᠢᠨ ᠭᠦᠭᠵᠢᠯᠳᠠ ᠶᠢᠨ ᠬᠡᠯᠪᠠᠷᠢ ᠶᠢ ᠬᠤᠪᠢᠷᠠᠭᠤᠯᠬᠤ ᠡᠭᠦᠷᠭᠡ ᠭᠦᠨᠳᠤ ᠵᠠᠮ | ᠬᠤᠯᠠ ᠪᠠᠶᠢᠨ᠎ᠠ︔ ᠭᠦᠭᠵᠢᠯᠳᠠ ᠶᠢ ᠬᠢᠵᠡᠭᠠᠷᠯᠠᠬᠤ ᠭᠦᠴᠤᠨ ᠵᠤᠶᠢᠯ ᠨᠡᠮᠡᠭᠳᠡᠨ᠂ ᠡᠬᠢ ᠪᠠᠶᠠᠯᠢᠭ ᠤᠷᠴᠢᠨ ᠲᠤᠭᠤᠷᠢᠨ ᠤ ᠬᠢᠵᠠᠭᠠᠷᠯᠠᠯ ᠲᠣᠯᠭᠠᠮ ᠪᠤᠯᠵᠤ᠂ | ᠬᠤᠳᠠᠯᠳᠤᠭᠠᠴᠢᠨ ᠤᠷᠢᠵᠤ ᠪᠡᠯᠡ ᠳᠠᠲᠠᠬᠤ ᠬᠠᠷᠢᠴᠠᠩᠭᠤᠢ ᠲᠠᠪᠠᠭᠤᠯᠢᠭ ᠪᠠᠭᠤᠷᠠᠵᠤ᠂ ᠠᠵᠤ ᠤᠶᠢᠯᠡᠰ ᠤᠨ ᠴᠢᠨᠠᠷᠳᠠᠢ ᠴᠢᠬᠤᠯᠠ ᠲᠤᠮᠤ ᠲᠦᠷᠤᠯ ᠵᠤᠶᠢᠯ ᠤᠨ | ᠨᠦᠭᠡᠴᠠ ᠬᠦᠷᠦᠯᠴᠡᠬᠦ ᠦᠬᠡᠢ ᠪᠠᠶᠢᠵᠤ᠂ ᠲᠤᠭᠳᠠᠮᠠᠯ ᠭᠦᠷᠤᠩᠭᠡ ᠶᠢᠨ ᠪᠡᠯᠡ ᠤᠷᠤᠭᠤᠯᠤᠯᠲᠠ ᠶᠢᠨ ᠨᠡᠮᠡᠭᠳᠡᠯ ᠬᠤᠷᠳᠤᠴᠠ ᠤᠳᠠᠭᠠᠰᠢᠷᠠᠨ᠂ ᠲᠤᠭᠳᠠᠭᠤᠨ ᠢᠶᠠᠷ | ᠨᠡᠮᠡᠭᠳᠡᠬᠦ ᠳᠠᠷᠤᠯᠲᠠ ᠮᠦᠨ ᠬᠦ ᠶᠡᠭᠡ ᠪᠠᠶᠢᠨ᠎ᠠ︔ ᠰᠢᠨᠵᠢᠯᠡᠭᠦ ᠤᠬᠠᠭᠠᠨ ᠮᠡᠷᠭᠡᠵᠢᠯ ᠤᠨ ᠰᠢᠨ᠎ᠠ ᠶᠢ ᠡᠭᠦᠳᠭᠦ ᠴᠢᠳᠠᠪᠤᠷᠢ ᠪᠠᠭᠤᠷᠠᠢ ᠪᠠᠶᠢᠵᠤ᠂ ᠴᠢᠳᠠᠪᠤᠷᠢᠳᠠᠨ | ᠪᠦᠳᠤᠴᠠ ᠶᠢᠨ ᠴᠢᠨᠠᠷᠲᠠᠢ ᠳᠤᠲᠠᠭᠳᠠᠵᠤ ᠪᠠᠶᠢᠭ᠎ᠠ ᠠᠰᠠᠭᠤᠳᠠᠯ ᠢᠯᠡᠷᠭᠡᠢ ᠪᠠᠶᠢᠵᠤ᠂ ᠭᠠᠳᠠᠭᠠᠳᠤ ᠲᠠᠢ ᠴᠢᠯᠤᠭᠡᠳᠠᠢ ᠶᠠᠪᠤᠯᠴᠠᠬᠤ ᠬᠢᠷᠢ ᠲᠦᠪᠰᠢᠨ ᠨᠡᠯᠢᠶᠠᠳ ᠲᠤᠤᠷ᠎ᠠ | ᠪᠠᠶᠢᠬᠤ ᠪᠠᠷ ᠪᠠᠷᠠᠬᠤ ᠦᠬᠡᠢ᠂ ᠵᠠᠷᠢᠮ ᠦᠭᠡᠷᠡᠴᠢᠯᠠᠯᠳᠠ ᠶᠢᠨ ᠠᠷᠭ᠎ᠠ ᠪᠠᠷᠢᠯ ᠢ ᠦᠨᠡᠨ ᠬᠦ ᠪᠤᠳᠠᠳᠤ ᠭᠠᠵᠡᠷ ᠲᠤ ᠨᠢ ᠨᠠᠶᠢᠳᠠᠪᠤᠷᠢᠵᠢᠭᠤᠯᠤᠭᠰᠡᠨ ᠦᠬᠡᠢ᠂ | ᠭᠦᠭᠵᠢᠯᠳᠠ ᠶᠢᠨ ᠲᠤᠳᠤᠭᠠᠳᠤ ᠭᠦᠳᠡᠯᠭᠡᠭᠴᠢ ᠭᠦᠴᠤᠨ ᠢ ᠤᠯᠡᠮ ᠨᠢᠭᠡ ᠠᠯᠬᠤᠮ ᠴᠢᠩᠭᠠᠳᠬᠠᠬᠤ ᠴᠢᠬᠤᠯᠠ ᠲᠠᠢ ᠪᠠᠶᠢᠨ᠎ᠠ︔ ᠠᠮᠢ ᠠᠬᠤᠢ ᠶᠢᠨ ᠤᠷᠴᠢᠨ | ᠲᠤᠭᠤᠷᠢᠨ ᠮᠦᠨ ᠭᠦ ᠬᠡᠪᠡᠷᠡᠭ ᠪᠠᠶᠢᠵᠤ᠂ ᠤᠷᠴᠢᠨ ᠲᠤᠭᠤᠷᠢᠨ ᠢ ᠬᠠᠮᠠᠭᠠᠯᠠᠬᠤ ᠬᠠᠷᠢᠭᠤᠴᠠᠯᠭ᠎ᠠ ᠶᠢ ᠨᠠᠶᠢᠲᠠᠪᠤᠷᠢᠵᠢᠭᠤᠯᠤᠨ ᠤᠷᠤᠨᠵᠢᠭᠤᠯᠤᠭᠰᠠᠨ ᠢᠶᠠᠷ ᠬᠦᠷᠦᠯᠴᠡᠬᠦ | ᠦᠬᠡᠢ᠂ ᠠᠮᠢ ᠠᠬᠤᠢ ᠶᠢ ᠡᠪᠳᠡᠭᠰᠡᠨ ᠦᠵᠡᠭᠳᠡᠯ ᠢ ᠦᠨᠳᠤᠰᠤᠨ ᠠᠴᠠ ᠨᠢ ᠠᠷᠢᠯᠭᠠᠵᠤ ᠴᠢᠳᠠᠭᠠᠳᠤᠢ ᠪᠠᠶᠢᠵᠤ᠂ ᠤᠷᠴᠢᠨ ᠲᠤᠭᠤᠷᠢᠨ ᠢ ᠬᠠᠮᠠᠭᠠᠯᠠᠬᠤ ᠳᠤ ᠨᠡᠩ | ᠶᠡᠭᠡ ᠴᠢᠷᠮᠠᠶᠢᠯᠠᠭ᠎ᠠ ᠭᠠᠷᠭᠠᠬᠤ ᠬᠡᠷᠡᠭᠳᠡᠢ ᠪᠠᠶᠢᠨ᠎ᠠ︔ ᠰᠠᠭᠤᠷᠢ ᠲᠦᠭᠦᠭᠡᠷᠤᠮᠵᠢ ᠶᠢᠨ ᠪᠠᠳᠤᠯᠠᠭ᠎ᠠ ᠶᠢᠨ ᠴᠢᠳᠠᠪᠤᠷᠢ ᠶᠢ ᠲᠡᠭᠡᠭᠰᠢᠯᠡᠭᠦᠯᠭᠦ ᠴᠢᠬᠤᠯᠠ ᠲᠠᠢ ᠪᠠᠶᠢᠵᠤ᠂ | ᠦᠨᠳᠦᠰᠦᠨ ᠤᠯᠡᠨ ᠨᠠᠶᠢᠳᠠ ᠶᠢᠨ ᠤᠶᠢᠯᠡᠴᠢᠯᠡᠭᠡᠨ ᠤ ᠬᠠᠩᠭᠠᠯᠭ᠎ᠠ ᠶᠢᠨ ᠶᠠᠰᠤ ᠴᠢᠨᠠᠷ ᠦᠨᠳᠤᠷ ᠪᠤᠰᠤ᠂ ᠠᠷᠠᠳ ᠤᠯᠡᠨ ᠤ ᠠᠵᠢᠯ ᠣᠯᠬᠤ᠂ ᠰᠤᠷᠭᠠᠨ ᠭᠦᠮᠤᠵᠢᠯ | ᠂ ᠡᠮ ᠡᠮᠨᠡᠯᠭᠡ᠂ ᠤᠷᠤᠰᠢᠨ ᠰᠠᠭᠤᠷᠢᠰᠢᠬᠤ᠂ ᠨᠠᠰᠤᠳᠠᠨ ᠢ ᠠᠰᠠᠷᠠᠬᠤ ᠵᠡᠷᠭᠡ ᠲᠠᠯ᠎ᠠ ᠪᠠᠷ ᠪᠠᠰᠠ ᠨᠠᠯᠢᠶᠠᠳ ᠣᠯᠠᠨ ᠭᠦᠴᠢᠷ ᠲᠦᠪᠡᠭᠲᠠᠢ ᠠᠰᠠᠭᠤᠳᠠᠯ ᠲᠤᠯᠭᠠᠷᠠᠵᠤ ᠂ | ᠨᠠᠶᠢᠭᠡᠮ ᠢ ᠵᠠᠰᠠᠬᠤ ᠴᠢᠳᠠᠪᠤᠷᠢ᠂ ᠨᠠᠶᠢᠭᠡᠮ ᠤᠨ ᠪᠤᠯᠪᠠᠰᠤᠨ ᠤ ᠬᠡᠮᠵᠢᠶ᠎ᠠ ᠶᠢ ᠪᠠᠰᠠ ᠤᠯᠡᠮ ᠨᠢᠭᠡ ᠠᠯᠬᠤᠮ ᠲᠡᠭᠡᠭᠰᠢᠯᠡᠭᠦᠯᠭᠦ ᠴᠢᠬᠤᠯᠠ ᠲᠠᠢ ᠪᠠᠶᠢᠨ᠎ᠠ︔ ᠬᠤᠳᠠ | ᠭᠦᠳᠡᠭᠡ᠂ ᠤᠷᠤᠨ ᠪᠦᠰᠡ ᠶᠢᠨ ᠭᠦᠭᠵᠢᠯᠳᠠ ᠲᠡᠩᠴᠡᠭᠦᠷᠢ ᠦᠬᠡᠢ ᠪᠠᠶᠢᠵᠤ᠂ ᠤᠨᠴᠠᠭᠠᠶᠢᠯᠡᠨ ᠮᠠᠯᠵᠢᠬᠤ ᠲᠠᠷᠢᠶᠠᠯᠠᠬᠤ ᠤᠷᠤᠨ ᠤ ᠭᠦᠭᠵᠢᠯᠳᠠ ᠬᠠᠷᠢᠴᠠᠩᠭᠤᠢ | ᠬᠤᠴᠤᠷᠤᠭᠳᠠᠩᠭᠤᠢ ᠪᠠᠶᠢᠵᠤ᠂ ᠮᠠᠯᠴᠢᠨ ᠲᠠᠷᠢᠶᠠᠴᠢᠳ ᠤᠨ ᠤᠷᠤᠯᠭ᠎ᠠ ᠶᠢ ᠨᠡᠮᠡᠭᠳᠡᠭᠦᠯᠭᠦ ᠬᠦᠴᠦᠨ ᠴᠢᠳᠠᠯ ᠮᠡᠬᠦᠰᠳᠡᠵᠤ᠂ ᠶᠠᠳᠠᠭᠤ ᠠᠴᠠ ᠠᠩᠬᠢᠵᠢᠷᠠᠭᠤᠯᠬᠤ | ᠰᠢᠪᠲᠤᠯᠤᠯᠲᠠ ᠰᠢᠪᠳᠤᠯᠬᠤ ᠠᠵᠢᠯ ᠨᠢ ᠭᠦᠨᠵᠡᠭᠡᠶᠢᠷᠡᠭᠦ ᠲᠤᠳᠤᠮ ᠤᠯᠡᠮ ᠬᠦᠴᠢᠷᠲᠠᠢ ᠪᠤᠯᠵᠤ᠂ ᠴᠢᠨᠡᠭᠡᠯᠢᠭ ᠨᠠᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠳᠤ ᠨᠡᠩ | ᠰᠢᠷᠭᠠᠭᠤ ᠬᠠᠳᠠᠭᠤᠵᠢᠯᠳᠠᠢ ᠴᠢᠷᠮᠠᠶᠢᠯᠠᠭ᠎ᠠ ᠴᠢᠬᠤᠯᠠ ᠲᠠᠢ ᠪᠠᠶᠢᠨ᠎ᠠ︔ ᠮᠦᠩᠭᠦᠨ ᠭᠦᠢᠯᠭᠡᠭᠡᠨ ᠤ ᠲᠦᠭᠰᠢᠭᠦᠷᠢ ᠲᠡᠰᠤᠷᠠᠯᠳᠠ ᠦᠬᠡᠢ ᠨᠡᠮᠡᠭᠳᠡᠵᠤ᠂ ᠵᠠᠰᠠᠭ ᠤᠨ | ᠤᠷᠳᠤᠨ ᠤ ᠦᠷᠢ ᠰᠢᠷᠢ ᠵᠤᠬᠢᠰᠳᠠᠢ ᠬᠢᠷᠢ ᠲᠦᠪᠰᠢᠨ ᠠᠴᠠ ᠲᠠᠪᠠᠵᠤ᠂ ᠠᠶᠤᠯᠭᠦᠢ ᠤᠶᠢᠯᠡᠳᠪᠤᠷᠢᠯᠡᠯ ᠤᠨ ᠪᠠᠶᠢᠳᠠᠯ ᠪᠤᠳᠤᠯᠢᠶᠠᠨ ᠲᠠᠢ ᠪᠤᠯᠵᠤ᠂ ᠵᠠᠬᠢᠳᠠᠯ | ᠰᠤᠷᠪᠤᠯᠵᠢᠯᠠᠭ᠎ᠠ ᠶᠢᠨ ᠬᠡᠷᠡᠭ ᠮᠦᠨ ᠭᠦ ᠨᠠᠯᠢᠶᠠᠳ ᠠᠷᠪᠢᠨ ᠪᠠᠶᠢᠵᠤ᠂ ᠨᠠᠶᠢᠭᠡᠮ ᠤᠨ ᠠᠮᠤᠷ ᠢ ᠬᠠᠮᠠᠭᠠᠯᠠᠬᠤ ᠳᠠᠷᠤᠭᠠᠰᠣ ᠶᠠᠬᠡᠳᠴᠤ᠂ ᠡᠯ᠎ᠠ ᠲᠦᠷᠤᠯ ᠤᠨ ᠵᠦᠷᠢᠴᠡᠯ | ᠤᠨ ᠲᠠᠯᠳᠠ ᠭᠡᠮ ᠪᠠ ᠲᠦᠭᠰᠢᠭᠦᠷᠢ ᠰᠣᠯᠪᠢᠴᠠᠨ ᠲᠠᠪᠬᠤᠴᠠᠵᠤ᠂ ᠨᠠᠶᠢᠭᠡᠮ ᠤᠨ ᠠᠮᠤᠷ ᠲᠤᠭᠳᠠᠭᠤᠨ ᠢ ᠬᠠᠮᠠᠭᠠᠯᠠᠬᠤ ᠡᠭᠦᠷᠭᠡ ᠮᠦᠨ ᠯᠠᠲ᠋ᠤᠶᠢᠯ ᠤᠨ ᠬᠠᠳᠠᠭᠤ | ᠪᠡᠷᠭᠡ ᠪᠠᠶᠢᠨ᠎ᠠ︔ ᠵᠠᠰᠠᠭ ᠤᠨ ᠤᠷᠳᠤᠨ ᠤ ᠴᠢᠳᠠᠪᠬᠢ ᠶᠢ ᠬᠤᠪᠢᠷᠠᠭᠤᠯᠤᠭᠰᠡᠨ ᠨᠢ ᠪᠦᠷᠢᠨ ᠲᠡᠭᠦᠯᠳᠡᠷ ᠪᠤᠰᠤ ᠪᠠᠶᠢᠵᠤ᠂ ᠬᠠᠤᠯᠢ ᠶᠤᠰᠤᠭᠠᠷ ᠵᠠᠰᠠᠭ ᠶᠠᠪᠤᠭᠤᠯᠬᠤ | ᠣᠨᠣᠯᠵᠢᠭᠤᠨ ᠢ ᠬᠠᠷᠠᠬᠠᠨ ᠪᠠᠲᠤ ᠪᠠᠬᠢ ᠪᠤᠢ ᠪᠣᠯᠭᠠᠭ᠎ᠠ ᠦᠬᠡᠢ᠂ ᠠᠵᠤ ᠠᠬᠤᠢ ᠶᠢᠨ ᠲᠤᠭ᠎ᠠ ᠪᠠᠷᠢᠮᠲᠠ ᠪᠤᠳᠠᠳᠠᠢ ᠪᠤᠰᠤ᠂ ᠰᠡᠢᠳᠪᠤᠷᠢᠳᠤ ᠪᠤᠳᠤᠯᠭ᠎ᠠ ᠳᠣᠭᠲᠠᠭᠠᠬᠤ | ᠳᠡᠰ ᠲᠠᠷᠠᠭᠠᠯᠠᠯ ᠳᠥᠷᠢᠮᠵᠢᠯ ᠦᠬᠡᠢ᠂ ᠤᠪᠤᠷ ᠰᠤᠷᠳᠠᠯ ᠢᠶᠠᠨ ᠬᠤᠪᠢᠷᠠᠭᠤᠯᠤᠭᠰᠠᠨ ᠢᠶᠠᠷ ᠬᠦᠷᠦᠯᠴᠡᠬᠦ ᠦᠬᠡᠢ ᠪᠠᠶᠢᠬᠤ ᠵᠡᠷᠭᠡ ᠠᠰᠠᠭᠤᠳᠠᠯ ᠪᠠ ᠺᠠᠳ᠋ᠷᠴᠤᠳ ᠤᠨ | ᠡᠭᠦᠷᠭᠡᠯᠡᠭᠦ ᠠᠴᠠ ᠠᠶᠤᠬᠤ᠂ ᠳᠠᠷᠤᠭ᠎ᠠ ᠶᠢᠨ ᠬᠠᠷᠢᠭᠤᠴᠠᠯᠭ᠎ᠠ ᠪᠠᠨ ᠭᠦᠢᠴᠡᠳᠭᠡᠭᠦ ᠦᠬᠡᠢ ᠪᠠᠶᠢᠬᠤ᠂ ᠴᠢᠳᠠᠯ ᠮᠡᠭᠦᠰᠳᠠᠭᠦ ᠵᠡᠷᠭᠡ ᠪᠠᠶᠢᠳᠠᠯ ᠠᠳᠠᠯᠢ ᠪᠤᠰᠤ ᠬᠡᠮᠵᠢᠶ᠎ᠠ | ᠪᠠᠷ ᠤᠷᠤᠰᠢᠵᠤ᠂ ᠵᠠᠰᠠᠭ ᠤᠨ ᠤᠷᠳᠤᠨ ᠤ ᠲᠣᠰ ᠪᠡᠶ᠎ᠡ ᠶᠢᠨ ᠪᠠᠶᠢᠭᠤᠯᠤᠯᠳᠠ ᠶᠢ ᠪᠠᠰᠠ ᠤᠯᠠᠮ ᠨᠢᠭᠡ ᠠᠯᠬᠤᠮ ᠴᠢᠩᠭᠠᠳᠬᠠᠬᠤ ᠴᠢᠬᠤᠯᠠ ᠲᠠᠢ ᠪᠠᠶᠢᠬᠤ ᠬᠡᠬᠦ | ᠮᠡᠲᠦᠴᠢᠯᠡᠨ ᠣᠯᠠᠨ ᠠᠷᠪᠢᠨ ᠠᠰᠠᠭᠤᠳᠠᠯ ᠪᠠᠶᠢᠬᠤ ᠶᠢ ᠪᠢᠳᠡ ᠰᠡᠷᠭᠡᠭ ᠪᠠᠷ ᠤᠯᠵᠤ ᠬᠠᠷᠠᠬᠤ ᠬᠡᠷᠡᠭᠲᠠᠢ᠂ ᠡᠳᠡᠭᠡᠷ ᠠᠰᠠᠭᠤᠳᠠᠯ ᠢ ᠡᠷᠭᠡᠪᠠᠰᠢ ᠲᠡᠭᠡᠳᠤ ᠬᠡᠮᠵᠢᠶ᠎ᠠ ᠪᠠᠷ | ᠴᠢᠬᠤᠯᠠᠴᠢᠯᠡᠨ ᠦᠵᠡᠵᠤ᠂ ᠬᠦᠴᠦᠨᠲᠠᠢ ᠠᠷᠭ᠎ᠠ ᠬᠡᠮᠵᠢᠶ᠎ᠠ ᠠᠪᠴᠤ᠂ ᠨᠠᠷᠢᠨ ᠬᠢᠨᠠᠮᠠᠭᠠᠢ ᠪᠠᠷ ᠰᠡᠢᠳᠪᠤᠷᠢᠯᠡᠭᠦ ᠴᠢᠬᠤᠯᠠ ᠲᠠᠢ ᠪᠠᠶᠢᠨ᠎ᠠ᠃ | | ᠬᠤᠶᠠᠷ᠂ ᠬᠤᠶᠢᠰᠢᠳᠠ ᠶᠢᠨ ᠲᠠᠪᠤᠨ ᠵᠢᠯ ᠤᠨ ᠠᠵᠢᠯ | | ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠳᠤ᠂ ᠴᠢᠨᠡᠬᠡᠯᠢᠭ ᠨᠡᠶᠢᠬᠡᠮ ᠢ ᠪᠦᠬᠦ ᠲᠠᠯ᠎ᠠ ᠪᠠᠷ ᠪᠠᠶᠢᠭᠤᠯᠬᠤ ᠰᠢᠢᠳᠪᠦᠷᠢᠳᠤ ᠢᠯᠠᠯᠳᠠ᠂ ᠰᠢᠨ᠎ᠡ ᠴᠠᠭ ᠦᠶ᠎ᠡ | ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠠᠭᠤᠤ ᠶᠡᠭᠡ ᠢᠯᠠᠯᠳᠠ ᠶᠢ ᠤᠯᠬᠤ ᠠᠤᠭ᠎ᠠ ᠵᠢᠷᠤᠭ ᠲᠦᠯᠦᠪᠯᠡᠭᠡ ᠶᠢ ᠵᠢᠷᠤᠭᠯᠠᠪᠠ᠂ ᠡᠨᠡ ᠨᠢ | ᠪᠦᠬᠦ ᠦᠨᠳᠦᠰᠦᠳᠡᠨ ᠨᠦᠭᠦᠳ ᠤᠨ ᠬᠦᠰᠡᠯ ᠵᠡᠭᠦᠳᠤ ᠪᠠᠨ ᠬᠦᠬᠡᠬᠡᠴᠡᠯᠳᠤᠨ ᠤᠷᠤᠭᠰᠢᠯᠠᠬᠤ ᠲᠡᠭᠦᠯᠳᠡᠷ ᠭᠦᠴᠦᠨ ᠢ ᠨᠢᠭᠳᠠᠷᠠᠭᠤᠯᠬᠤ ᠨᠢ ᠯᠠᠪᠳᠠᠢ ᠶᠤᠮ᠃ ᠠᠭᠤᠤ | ᠶᠡᠭᠡ ᠬᠦᠰᠡᠯ ᠬᠦᠮᠦᠰ ᠢ ᠵᠤᠷᠢᠭᠵᠢᠭᠤᠯᠵᠤ᠂ ᠠᠭᠤᠤ ᠶᠡᠭᠡ ᠠᠵᠢᠯ ᠤᠶᠢᠯᠡᠰ ᠬᠦᠮᠦᠰ ᠢ ᠡᠷᠡᠯᠬᠡᠭᠯᠡᠨ ᠤᠷᠤᠭᠰᠢᠯᠠᠭᠤᠯᠤᠨ᠎ᠠ᠃ ᠬᠤᠶᠢᠰᠢᠳᠠ ᠶᠢᠨ ᠲᠠᠪᠤᠨ ᠵᠢᠯ ᠪᠤᠯ | ᠮᠠᠨ ᠤ ᠤᠯᠤᠰ ᠤᠨ ︽ᠬᠤᠤᠰ ᠵᠠᠭᠤᠨ ᠵᠢᠯ︾ ᠤᠨ ᠲᠡᠮᠡᠴᠡᠬᠦ ᠬᠠᠷᠠᠯᠳᠠ ᠶᠢᠨ ᠲᠡᠤᠬᠡ ᠶᠢᠨ ᠠᠭᠤᠯᠵᠠᠷ ᠬᠤᠭᠤᠴᠠᠭ᠎ᠠ ᠪᠤᠯᠤᠨ᠎ᠠ᠂ ᠮᠦᠨ ᠴᠤ ᠤᠷᠳᠤᠰ ᠶᠡᠭᠡ | ᠤᠶᠢᠯᠡᠰ ᠪᠦᠲᠦᠬᠡᠬᠦ ᠴᠢᠬᠤᠯᠠ ᠪᠠᠶᠢᠯᠳᠤᠬᠤ ᠪᠤᠳᠤᠯᠭ᠎ᠠ ᠶᠢᠨ ᠠᠵᠠ ᠲᠤᠬᠢᠶᠠᠯᠳᠤ ᠬᠤᠭᠤᠴᠠᠭ᠎ᠠ ᠪᠤᠯᠤᠨ᠎ᠠ᠃ ᠲᠠᠷᠢᠬᠢ ᠲᠤᠯᠤᠭᠠᠢ ᠪᠠᠨ ᠢᠮᠠᠭᠳᠠ ᠰᠡᠷᠭᠡᠭ | ᠪᠠᠶᠢᠯᠭᠠᠵᠤ᠂ ᠬᠦᠭᠵᠢᠯᠳᠡ ᠶᠢᠨ ᠢᠳᠡᠬᠡᠯ ᠵᠤᠷᠢᠭ ᠢᠶᠠᠨ ᠢᠮᠠᠭᠳᠠ ᠬᠦᠪᠴᠢᠯᠡᠵᠤ᠂ ᠠᠵᠠ ᠲᠤᠬᠢᠶᠠᠯ ᠢ ᠡᠵᠡᠮᠳᠡᠨ᠂ ᠡᠷᠡᠰ ᠵᠤᠷᠢᠭᠯᠠᠨ ᠵᠢᠳᠭᠦᠨ ᠴᠢᠷᠮᠠᠶᠢᠳᠠᠭ ᠲᠤ | ᠬᠦᠷᠪᠡᠯ ᠰᠢᠨ᠎ᠡ ᠴᠠᠭ ᠦᠶ᠎ᠡ ᠶᠢᠨ ᠤᠷᠳᠤᠰ ᠤᠨ ᠭᠦᠭᠵᠢᠯᠳᠡ ᠶᠢᠨ ᠨᠡᠩ ᠬᠡᠷᠡᠯ ᠰᠠᠴᠤᠷᠠᠩᠭᠤᠢ ᠰᠠᠶᠢᠨ ᠰᠠᠶᠢᠬᠠᠨ ᠬᠠᠭᠤᠳᠠᠰᠤ ᠶᠢ ᠯᠠᠪᠳᠠᠶᠢᠶ᠎ᠠ ᠪᠢᠴᠢᠭᠯᠡᠵᠤ | ᠴᠢᠳᠠᠨ᠎ᠠ ᠬᠡᠳᠡᠭ ᠢ ᠪᠢᠳᠠ ᠪᠠᠳᠤ ᠢᠳᠡᠬᠡᠵᠤ ᠪᠠᠶᠢᠨ᠎ᠠ᠃ | ᠬᠤᠶᠢᠰᠢᠳᠠ ᠶᠢᠨ ᠲᠠᠪᠤᠨ ᠵᠢᠯ ᠤᠨ ᠵᠠᠰᠠᠭ ᠤᠨ ᠤᠷᠳᠤᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠤᠯ᠄ ᠲᠤᠮᠳᠠᠳᠤ ᠤᠯᠤᠰ ᠤᠨ ᠤᠨᠴᠠᠯᠢᠭ ᠲᠠᠢ | ᠨᠡᠶᠢᠬᠡᠮ ᠵᠢᠷᠤᠮ ᠤᠨ ᠠᠭᠤᠤ ᠶᠡᠭᠡ ᠲᠤᠭ ᠢ ᠦᠨᠳᠦᠷ ᠮᠠᠨᠳᠤᠭᠤᠯᠵᠤ᠂ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ | ᠪᠠᠷ ᠲᠤᠤᠱᠯᠠᠭᠤᠯᠤᠨ ᠨᠠᠶᠢᠳᠠᠪᠦᠷᠢᠵᠢᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ | ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠢ ᠪᠠᠶᠢᠷᠢᠯᠠᠭᠤᠯᠤᠯᠳᠠ ᠶᠢ ᠨᠢᠭᠡᠳᠤᠯᠲᠠᠢ ᠲᠦᠯᠦᠪᠯᠡᠨ | ᠠᠬᠢᠭᠤᠯᠵᠤ᠂ ︽ᠲᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠵᠤᠬᠢᠴᠠᠭᠤᠯᠤᠨ ᠠᠬᠢᠭᠤᠯᠵᠤ᠂ ᠰᠢᠨ᠎ᠡ ᠬᠦᠭᠵᠢᠯᠳᠡ ᠶᠢᠨ | ᠤᠨᠤᠯᠵᠢᠭᠤᠨ ᠢ ᠪᠠᠳᠤ ᠪᠠᠬᠢ ᠪᠤᠢ ᠪᠤᠯᠭᠠᠨ ᠣᠶᠢᠯᠡᠳᠦᠯᠬᠡᠵᠢᠭᠦᠯᠵᠤ᠂ ᠬᠦᠭᠵᠢᠯᠳᠡ ᠶᠢᠨ ᠶᠠᠰᠤ ᠴᠢᠨᠠᠷ ᠪᠠ ᠦᠷ᠎ᠡ ᠠᠰᠢᠭ ᠢ ᠲᠡᠭᠡᠭᠰᠢᠯᠡᠭᠦᠯᠬᠦ ᠪᠠᠷ ᠭᠤᠤᠯ | ᠪᠤᠯᠭᠠᠵᠤ᠂ ᠭᠤᠤᠯᠳᠠᠯᠭ᠎ᠠ ᠶᠢ ᠠᠳᠬᠤᠬᠤ᠂ ᠲᠤᠳᠠᠭᠳᠠᠯ ᠲᠠᠢ ᠲᠠᠯ᠎ᠠ ᠪᠠᠨ ᠨᠦᠬᠦᠬᠦ᠂ ᠪᠠᠭᠤᠷᠠᠢ ᠲᠠᠯ᠎ᠠ ᠪᠠᠨ ᠭᠦᠴᠦᠷᠬᠡᠭᠵᠢᠭᠦᠯᠬᠦ ᠶᠢ ᠲᠤᠪᠤᠶᠢᠯᠭᠠᠵᠤ᠂ ᠬᠦᠨᠳᠤ | ᠶᠡᠭᠡ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠤᠨᠢᠨ ᠲᠡᠬᠡᠷ᠎ᠡ ᠨᠢ ᠶᠠᠳᠠᠭᠤ ᠶᠢ ᠲᠡᠳᠬᠦᠬᠦ᠂ ᠪᠤᠬᠢᠷᠳᠤᠯ ᠢ ᠰᠡᠷᠭᠡᠶᠢᠯᠡᠨ ᠵᠠᠰᠠᠬᠤ ᠭᠤᠷᠪᠠᠨ ᠶᠡᠭᠡ | ᠰᠢᠪᠳᠤᠯᠤᠯᠳᠠ ᠰᠢᠪᠳᠤᠯᠬᠤ ᠲᠠᠶᠢᠯᠠᠯᠳᠤᠭᠠᠨ ᠢ ᠰᠠᠶᠢᠳᠤᠷ ᠬᠢᠵᠤ᠂ ᠬᠦᠭᠵᠢᠯᠳᠡ᠂ ᠠᠷᠠᠳ ᠤᠨ ᠠᠮᠢᠳᠤᠷᠠᠯ᠂ ᠠᠮᠢ ᠠᠬᠤᠢ ᠶᠢᠨ ᠰᠠᠬᠢᠶ᠎ᠠ ᠱᠣᠭᠤᠮ ᠢ ᠪᠠᠳᠤ | ᠰᠠᠬᠢᠵᠤ᠂ ᠠᠷᠠᠳ ᠲᠦᠮᠡᠨ ᠤ ᠡᠳᠦᠷ ᠢᠷᠡᠭᠦᠶ᠎ᠡ ᠨᠡᠮᠡᠭᠳᠡᠵᠤ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠨᠡᠩ ᠰᠠᠶᠢᠨ ᠬᠠᠩᠭᠠᠵᠤ᠂ ᠴᠢᠨᠡᠬᠡᠯᠢᠭ | ᠨᠡᠶᠢᠬᠡᠮ ᠢ ᠪᠦᠬᠦ ᠲᠠᠯ᠎ᠠ ᠪᠠᠷ ᠪᠠᠶᠢᠭᠤᠯᠬᠤ ᠶᠢ ᠪᠠᠳᠤᠯᠠᠵᠤ᠂ ᠤᠷᠳᠤᠰ ᠤᠨ ᠤᠳᠤᠬᠢᠴᠢᠯᠠᠭᠰᠠᠨ ᠪᠦᠲᠦᠬᠡᠨ ᠪᠠᠶᠢᠭᠤᠯᠤᠯᠳᠠ ᠶᠢᠨ ᠰᠢᠨ᠎ᠡ ᠠᠶᠠᠨ ᠵᠠᠮ ᠢ | ᠡᠬᠢᠯᠡᠭᠦᠯᠦᠨ᠎ᠡ᠃ | ᠬᠤᠶᠢᠰᠢᠳᠠ ᠶᠢᠨ ᠲᠠᠪᠤᠨ ᠵᠢᠯ ᠤᠨ ᠵᠠᠰᠠᠭ ᠤᠨ ᠤᠷᠳᠤᠨ ᠤ ᠠᠵᠢᠯ ᠤᠨ ᠬᠠᠷᠠᠯᠳᠠ ᠪᠤᠯ᠄ ᠠᠵᠤ ᠠᠬᠤᠢ ᠶᠢ ᠦᠨᠳᠦᠷ ᠶᠠᠰᠤ ᠴᠢᠨᠠᠷ ᠲᠠᠢ ᠪᠠᠷ | ᠬᠦᠭᠵᠢᠭᠦᠯᠬᠦ ᠶᠢ ᠪᠦᠬᠦ ᠭᠦᠴᠦᠨ ᠢᠶᠠᠷ ᠠᠬᠢᠭᠤᠯᠵᠤ᠂ ᠶᠡᠷᠦᠩᠬᠡᠢ ᠬᠡᠮᠵᠢᠶ᠎ᠡ ᠨᠢ ᠪᠦᠬᠦ ᠤᠷᠤᠨ ᠳᠤ ᠲᠡᠷᠢᠭᠦᠯᠡᠬᠦ ᠶᠢ ᠪᠠᠳᠤᠯᠠᠵᠤ᠂ ᠶᠠᠰᠤ ᠴᠢᠨᠠᠷ ᠦᠷ᠎ᠡ ᠠᠰᠢᠭ ᠢ | ᠢᠯᠡᠳᠳᠡ ᠲᠡᠭᠡᠭᠰᠢᠯᠡᠭᠦᠯᠦᠨ᠎ᠡ︔ ᠬᠡᠯᠪᠡᠷᠢ ᠶᠢ ᠬᠤᠪᠢᠷᠠᠭᠤᠯᠤᠨ ᠬᠦᠭᠵᠢᠭᠦᠯᠬᠦ ᠲᠡᠬᠡᠷ᠎ᠡ ᠰᠢᠨ᠎ᠡ ᠰᠢᠪᠳᠤᠯᠤᠯᠳᠠ ᠲᠠᠢ ᠪᠤᠯᠵᠤ᠂ ᠰᠢᠨ᠎ᠡ ᠶᠢ ᠡᠭᠦᠳᠬᠦ ᠴᠢᠳᠠᠪᠦᠷᠢ ᠶᠢ | ᠢᠯᠡᠳᠳᠡ ᠲᠡᠭᠡᠭᠰᠢᠯᠡᠭᠦᠯᠵᠤ᠂ ᠤᠯᠠᠨ ᠡᠰᠢᠵᠢᠭᠦᠯᠦᠭᠰᠡᠨ ᠲᠤᠮᠳᠠ ᠲᠡᠬᠡᠳᠤ ᠦᠵᠦᠭᠦᠷ ᠲᠡᠰ ᠤᠨ ᠤᠳᠤ ᠦᠶ᠎ᠡ ᠶᠢᠨ ᠠᠵᠤ ᠤᠶᠢᠯᠡᠰ ᠤᠨ ᠲᠤᠭᠳᠠᠯᠴᠠᠭ᠎ᠠ ᠶᠢ | ᠦᠨᠳᠦᠰᠦᠨ ᠳᠡᠭᠡᠨ ᠪᠦᠷᠢᠯᠳᠦᠭᠦᠯᠦᠨ᠎ᠡ︔ ᠬᠤᠳᠠ ᠶᠢᠨ ᠤᠷᠤᠰᠢᠨ ᠰᠠᠭᠤᠬᠤ ᠳᠤ ᠲᠤᠬᠢᠷᠠᠮᠵᠢᠲᠠᠢ ᠬᠢᠷᠢ ᠲᠦᠪᠰᠢᠨ ᠢ ᠶᠡᠬᠡᠪᠡᠷ ᠲᠡᠭᠡᠭᠰᠢᠯᠡᠭᠦᠯᠵᠤ᠂ ᠮᠠᠯᠵᠢᠬᠤ | ᠲᠠᠷᠢᠶᠠᠯᠠᠬᠤ ᠤᠷᠤᠨ ᠢ ᠬᠦᠭᠵᠢᠭᠦᠯᠦᠨ ᠮᠠᠨᠳᠤᠭᠤᠯᠬᠤ ᠳᠤ ᠴᠢᠬᠤᠯᠠ ᠠᠬᠢᠯᠳᠠ ᠲᠠᠢ ᠪᠤᠯᠵᠤ᠂ ᠬᠤᠳᠠ ᠬᠦᠳᠡᠭᠡ ᠶᠢ ᠨᠡᠩ ᠴᠢᠨᠠᠷ ᠲᠡᠰ ᠲᠠᠢ᠂ ᠨᠡᠩ ᠲᠠᠳᠠᠬᠤ | ᠭᠦᠴᠦᠨ ᠲᠠᠢ ᠪᠤᠯᠭᠠᠨ᠎ᠠ︔ ᠤᠷᠴᠢᠨ ᠲᠤᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠵᠤ᠂ ᠪᠤᠬᠢᠷᠳᠤᠯ ᠦᠬᠡᠢ ᠪᠠᠷ ᠬᠦᠭᠵᠢᠭᠦᠯᠬᠦ ᠬᠡᠯᠪᠡᠷᠢ ᠶᠢ | ᠦᠨᠳᠦᠰᠦᠨ ᠳᠡᠭᠡᠨ ᠪᠦᠷᠢᠯᠳᠦᠭᠦᠯᠵᠤ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠳᠤ ᠨᠡᠩ ᠶᠡᠭᠡ ᠠᠮᠵᠢᠯᠳᠠ ᠤᠯᠤᠨ᠎ᠠ︔ ᠠᠷᠠᠳ ᠤᠨ ᠠᠮᠢᠳᠤᠷᠠᠯ | ᠨᠡᠶᠢᠬᠡᠮ ᠤᠨ ᠠᠵᠢᠯ ᠤᠶᠢᠯᠡᠰ ᠢ ᠪᠦᠬᠦ ᠲᠠᠯ᠎ᠠ ᠪᠠᠷ ᠲᠠᠪᠰᠢᠭᠤᠯᠵᠤ᠂ ᠠᠷᠠᠳ ᠤᠨ ᠠᠮᠢᠳᠤᠷᠠᠯ ᠢ ᠨᠡᠩ ᠪᠠᠶᠠᠨ ᠴᠢᠨᠡᠬᠡᠯᠢᠭ ᠪᠤᠯᠭᠠᠵᠤ᠂ ᠨᠡᠶᠢᠬᠡᠮ ᠤᠨ ᠶᠡᠷᠦᠩᠬᠡᠢ | ᠪᠠᠶᠢᠳᠠᠯ ᠢ ᠨᠡᠩ ᠡᠶ᠎ᠡ ᠵᠤᠬᠢᠴᠠᠯ ᠲᠠᠢ ᠪᠤᠯᠭᠠᠨ᠎ᠠ᠃ | ︵ᠨᠢᠭᠡ︶ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠭᠦᠯᠬᠦ ᠶᠢ ᠲᠦᠷᠬᠡᠳᠬᠡᠵᠤ᠂ ᠤᠳᠤ ᠦᠶ᠎ᠡ ᠶᠢᠨ ᠠᠵᠤ ᠤᠶᠢᠡᠯᠰ ᠤᠨ ᠰᠢᠨ᠎ᠡ ᠪᠦᠲᠦᠴᠡ ᠶᠢ | ᠪᠠᠶᠢᠭᠤᠯᠤᠨ᠎ᠠ᠃ ᠶᠠᠰᠤ ᠴᠢᠨᠠᠷ ᠢ ᠲᠡᠷᠢᠭᠦᠨ ᠳᠤ ᠲᠠᠯᠪᠢᠬᠤ᠂ ᠦᠷ᠎ᠡ ᠠᠰᠢᠭ ᠢᠶᠠᠷ ᠭᠤᠤᠯ ᠪᠤᠯᠭᠠᠬᠤ ᠶᠢ ᠪᠠᠷᠢᠮᠳᠠᠯᠠᠵᠤ᠂ ᠬᠠᠩᠭᠠᠯᠭ᠎ᠠ ᠶᠢᠨ ᠲᠠᠯ᠎ᠠ ᠶᠢᠨ | ᠪᠦᠲᠦᠴᠡ ᠶᠢᠨ ᠴᠢᠨᠠᠷᠲᠠᠢ ᠦᠬᠡᠷᠡᠴᠢᠯᠡᠯᠳᠡ ᠪᠠᠷ ᠭᠤᠤᠯ ᠱᠤᠭᠤᠮ ᠪᠤᠯᠭᠠᠵᠤ᠂ ᠠᠵᠤ ᠠᠬᠤᠢ ᠶᠢᠨ ᠬᠦᠭᠵᠢᠯᠳᠡ ᠶᠢᠨ ᠶᠠᠰᠤ ᠴᠢᠨᠠᠷ ᠤᠨ ᠦᠬᠡᠷᠡᠴᠢᠯᠡᠯᠳᠡ᠂ ᠦᠷ᠎ᠡ | ᠪᠦᠲᠦᠮᠵᠢ ᠶᠢᠨ ᠦᠬᠡᠷᠡᠴᠢᠯᠡᠯᠳᠡ᠂ ᠬᠦᠳᠡᠯᠭᠡᠭᠴᠢ ᠭᠦᠴᠦᠨ ᠤ ᠦᠬᠡᠷᠡᠴᠢᠯᠡᠯᠳᠡ ᠶᠢ ᠠᠬᠢᠭᠤᠯᠵᠤ᠂ ᠪᠤᠳᠠᠳᠤ ᠴᠤᠭᠴᠠ ᠶᠢᠨ ᠠᠵᠤ ᠠᠬᠤᠢ᠂ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ᠂ ᠤᠳᠤ ᠦᠶ᠎ᠡ ᠶᠢᠨ ᠮᠦᠩᠭᠦᠨ ᠭᠦᠢᠯᠬᠡᠬᠡ᠂ ᠬᠦᠮᠦᠨ ᠤ ᠭᠦᠴᠦᠨ ᠤ ᠡᠬᠢ ᠪᠠᠶᠠᠯᠢᠭ ᠢ ᠬᠠᠮᠳᠤᠪᠠᠷ ᠬᠦᠭᠵᠢᠭᠦᠯᠬᠦ ᠠᠵᠤ | ᠤᠶᠢᠯᠡᠰ ᠤᠨ ᠲᠤᠭᠳᠠᠯᠴᠠᠭ᠎ᠠ ᠶᠢ ᠲᠦᠷᠬᠡᠨ ᠢᠶᠠᠷ ᠪᠠᠶᠢᠭᠤᠯᠤᠨ᠎ᠠ᠃ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠨᠤᠷᠮ᠎ᠠ ᠪᠠ ᠨᠠᠷᠢᠯᠢᠭ ᠬᠦᠨᠵᠡᠬᠡᠢ | ᠪᠤᠯᠪᠠᠰᠤᠷᠠᠭᠤᠯᠬᠤ ᠬᠡᠮᠵᠢᠶ᠎ᠡ ᠶᠢ ᠲᠡᠭᠡᠭᠰᠢᠯᠡᠭᠦᠯᠵᠤ᠂ ᠤᠷᠳᠤᠰ ᠢ ᠲᠤᠮᠳᠠᠳᠤ ᠤᠯᠤᠰ ᠤᠨ ᠴᠡᠪᠡᠷ ᠡᠨᠧᠷᠬᠢ ᠶᠢᠨ ᠭᠠᠷᠭᠠᠯᠳᠠ ᠶᠢᠨ ᠴᠢᠬᠤᠯᠠ ᠰᠠᠭᠤᠷᠢᠨ ᠭᠠᠵᠠᠷ ᠪᠠ | ᠨᠡᠭᠦᠷᠡᠰᠤᠨ ᠤ ᠬᠢᠮᠢ ᠶᠢᠨ ᠠᠵᠤ ᠤᠶᠢᠯᠡᠳᠪᠦᠷᠢ ᠶᠢᠨ ᠠᠵᠤ ᠤᠶᠢᠯᠡᠰ ᠤᠨ ᠰᠠᠭᠤᠷᠢᠨ ᠭᠠᠵᠠᠷ ᠪᠤᠯᠭᠠᠨ ᠪᠠᠶᠢᠭᠤᠯᠤᠨ᠎ᠠ᠃ ᠢᠷᠡᠬᠡᠳᠦᠢ ᠶᠢᠨ ᠠᠵᠤ ᠤᠶᠢᠯᠡᠰ ᠤᠨ | ᠬᠦᠭᠵᠢᠯᠳᠡ ᠶᠢᠨ ᠴᠢᠭᠯᠡᠯ ᠢ ᠨᠢᠭᠳᠠ ᠠᠩᠬᠠᠷᠴᠤ᠂ ᠰᠢᠨ᠎ᠡ ᠠᠵᠤ ᠤᠶᠢᠯᠡᠰ᠂ ᠰᠢᠨ᠎ᠡ ᠬᠡᠪ ᠵᠠᠭᠪᠤᠷ᠂ ᠰᠢᠨ᠎ᠡ ᠡᠵᠡᠩᠨᠡᠯᠳᠡ ᠶᠢᠨ ᠬᠡᠪ ᠪᠠᠶᠢᠳᠠᠯ ᠲᠡᠬᠡᠷ᠎ᠡ ᠭᠦᠴᠦᠯᠡᠨ | ᠨᠡᠬᠡᠬᠡᠯᠳᠡ ᠬᠢᠵᠤ᠂ ᠢᠨᠲ᠋ᠧᠷᠨᠧᠲ ᠰᠦᠯᠵᠢᠶ᠎ᠡ᠂ ᠲᠤᠮᠤ ᠳ᠋ᠠᠶᠢᠲᠨ᠂ ᠬᠢᠮᠠᠯ ᠲᠠᠷᠢᠬᠢ ᠪᠠ ᠪᠤᠳᠠᠳᠤ ᠴᠤᠭᠴᠠ ᠶᠢᠨ ᠠᠵᠤ ᠠᠬᠤᠢ ᠶᠢ ᠬᠦᠨᠵᠡᠬᠡᠢ ᠠᠭᠤᠰᠤᠯᠴᠠᠭᠤᠯᠬᠤ ᠶᠢ | ᠠᠬᠢᠭᠤᠯᠵᠤ᠂ ᠪᠤᠬᠢᠷᠳᠤᠯ ᠦᠬᠡᠢ ᠪᠠᠷ ᠤᠶᠢᠯᠡᠳᠬᠦ ᠣᠶᠢᠯᠡᠰ ᠢ ᠶᠡᠬᠡᠪᠡᠷ ᠬᠦᠭᠵᠢᠭᠦᠯᠵᠤ᠂ ᠪᠠᠶᠢᠯᠳᠤᠬᠤ ᠪᠤᠳᠤᠯᠭ᠎ᠠ ᠶᠢᠨ ᠴᠢᠨᠠᠷ ᠲᠠᠢ ᠰᠢᠨ᠎ᠡ ᠪᠠᠷ ᠬᠦᠭᠵᠢᠭᠰᠡᠨ ᠠᠵᠤ | ᠤᠶᠢᠯᠡᠰ ᠤᠨ ᠬᠡᠪᠴᠢᠶ᠎ᠡ ᠶᠢ ᠦᠷᠭᠦᠯᠵᠢᠯᠡᠨ ᠦᠷᠬᠡᠳᠬᠡᠨ᠎ᠡ᠃ ᠤᠳᠤ ᠦᠶ᠎ᠡ ᠶᠢᠨ ᠤᠶᠢᠯᠡᠴᠢᠯᠡᠬᠡᠨ ᠤ ᠤᠶᠢᠯᠡᠰ ᠢ ᠲᠦᠷᠬᠡᠨ ᠢᠶᠠᠷ ᠬᠦᠭᠵᠢᠭᠦᠯᠵᠤ᠂ | ᠤᠶᠢᠯᠡᠳᠪᠦᠷᠢᠯᠡᠯ ᠤᠨ ᠴᠢᠨᠠᠷ ᠲᠠᠢ ᠤᠶᠢᠯᠡᠴᠢᠯᠡᠬᠡᠨ ᠤ ᠤᠶᠢᠯᠡᠰ ᠢ ᠲᠤᠰᠬᠠᠶᠢᠵᠢᠭᠰᠠᠨ᠂ ᠦᠵᠦᠭᠦᠷᠴᠢᠯᠡᠭᠰᠡᠨ ᠲᠡᠰᠢ ᠤᠷᠳᠤᠳᠬᠠᠬᠤ ᠶᠢ ᠠᠬᠢᠭᠤᠯᠵᠤ᠂ ᠠᠮᠢᠳᠤᠷᠠᠯ | ᠤᠨ ᠴᠢᠨᠠᠷ ᠲᠠᠢ ᠤᠶᠢᠯᠡᠴᠢᠯᠡᠬᠡᠨ ᠤ ᠤᠶᠢᠯᠡᠰ ᠢ ᠨᠠᠷᠢᠯᠢᠭᠵᠢᠭᠰᠠᠨ᠂ ᠴᠢᠨᠠᠷ ᠲᠡᠰᠵᠢᠭᠰᠡᠨ ᠲᠡᠰᠢ ᠬᠤᠪᠢᠷᠠᠭᠤᠯᠬᠤ ᠶᠢ ᠠᠬᠢᠭᠤᠯᠵᠤ᠂ ᠤᠯᠤᠰ ᠤᠨ ᠪᠦᠬᠦ | ᠬᠡᠪᠴᠢᠶᠡᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠤᠷᠤᠨ ᠪᠠ ᠤᠷᠤᠨ ᠪᠦᠰᠡ ᠶᠢᠨ ᠴᠢᠨᠠᠷ ᠲᠠᠢ ᠮᠦᠩᠭᠦᠨ ᠭᠦᠢᠯᠬᠡᠬᠡᠨ ᠤ ᠲᠦᠪ᠂ ᠪᠤᠳᠠᠰ ᠤᠨ ᠭᠦᠢᠯᠬᠡᠬᠡᠨ | ᠤ ᠲᠦᠪ᠂ ᠬᠤᠷᠠᠯ ᠦᠵᠡᠰᠭᠦᠯᠡᠩ ᠤᠨ ᠲᠦᠪ ᠢ ᠪᠠᠶᠢᠭᠤᠯᠤᠨ ᠪᠦᠲᠦᠬᠡᠨ᠎ᠡ᠃ ᠲᠠᠷᠢᠶᠠᠯᠠᠩ ᠮᠠᠯ ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ | ᠪᠦᠲᠦᠴᠡ ᠶᠢᠨ ᠴᠢᠨᠠᠷ ᠲᠠᠢ ᠦᠬᠡᠷᠡᠴᠢᠯᠡᠯᠳᠡ ᠶᠢ ᠬᠦᠨᠵᠡᠬᠡᠶᠢᠷᠡᠭᠦᠯᠵᠤ᠂ ᠬᠡᠪᠴᠢᠶᠡᠵᠢᠭᠰᠡᠨ᠂ ᠨᠡᠷᠡᠳᠤ ᠲᠡᠮᠳᠡᠭᠵᠢᠭᠰᠡᠨ᠂ ᠪᠤᠬᠢᠷᠳᠤᠯ ᠦᠬᠡᠢ ᠬᠦᠭᠵᠢᠯᠳᠡ ᠶᠢᠨ ᠵᠠᠮ | ᠢᠶᠠᠷ ᠵᠠᠮᠨᠠᠬᠤ ᠶᠢ ᠪᠠᠷᠢᠮᠳᠠᠯᠠᠵᠤ᠂ ᠮᠠᠯᠵᠢᠬᠤ ᠲᠠᠷᠢᠶᠠᠯᠠᠬᠤ ᠤᠷᠤᠨ ᠤ ᠨᠢᠭᠡ ᠬᠤᠶᠠᠷ ᠭᠤᠷᠪᠠᠳᠤᠭᠠᠷ ᠠᠵᠤ ᠤᠶᠢᠯᠡᠰ ᠢ ᠠᠭᠤᠰᠤᠯᠴᠠᠭᠤᠯᠤᠨ ᠬᠦᠭᠵᠢᠭᠦᠯᠬᠦ ᠶᠢ | ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠤᠳᠤᠬᠢᠴᠢᠯᠠᠭᠰᠠᠨ ᠬᠢᠷᠢ ᠲᠦᠪᠰᠢᠨ ᠢ ᠴᠢᠨᠠᠭᠰᠢᠳᠠ ᠲᠡᠭᠡᠭᠰᠢᠯᠡᠭᠦᠯᠦᠨ᠎ᠡ᠃ | ︵ᠬᠤᠶᠠᠷ︶ ᠪᠦᠬᠦ ᠲᠠᠯ᠎ᠠ ᠪᠠᠷ ᠦᠬᠡᠷᠡᠴᠢᠯᠡᠯᠳᠡ ᠬᠢᠵᠤ ᠴᠢᠯᠤᠬᠡᠲᠠᠢ ᠶᠠᠪᠤᠯᠴᠠᠵᠤ᠂ ᠠᠵᠤ ᠠᠬᠤᠢ ᠶᠢᠨ ᠬᠦᠭᠵᠢᠯᠳᠡ ᠶᠢᠨ ᠰᠢᠨ᠎ᠡ ᠬᠦᠳᠡᠯᠬᠡᠬᠡᠨ ᠤ | ᠡᠨᠧᠷᠬᠢ ᠶᠢ ᠪᠤᠶᠢᠵᠢᠭᠤᠯᠤᠨ᠎ᠠ᠃ ︽ᠲᠠᠯᠪᠢᠬᠤ ᠬᠠᠮᠢᠶᠠᠷᠬᠤ ᠤᠶᠢᠯᠡᠴᠢᠯᠡᠬᠦ︾ ᠦᠬᠡᠷᠡᠴᠢᠯᠡᠯᠳᠡ ᠶᠢ ᠬᠦᠨᠵᠡᠬᠡᠶᠢᠷᠡᠭᠦᠯᠵᠤ᠂ ᠬᠤᠳᠠᠯᠳᠤᠭ᠎ᠠ ᠡᠷᠬᠢᠯᠡᠬᠦ ᠤᠷᠴᠢᠨ | ᠲᠤᠭᠤᠷᠢᠨ ᠤ ᠪᠦᠲᠦᠬᠡᠨ ᠪᠠᠶᠢᠭᠤᠯᠤᠯᠳᠠ ᠶᠢ ᠴᠢᠩᠭᠠᠳᠬᠠᠵᠤ᠂ ᠵᠠᠰᠠᠭ ᠤᠨ ᠤᠷᠳᠤᠨ ᠤ ᠴᠢᠨᠠᠷ ᠰᠠᠶᠢᠲᠠᠢ ᠤᠶᠢᠯᠡᠴᠢᠯᠡᠭᠡ ᠶᠢ ᠮᠠᠨ ᠤ ᠬᠤᠳᠠ ᠶᠢᠨ ᠰᠢᠨ᠎ᠡ | ᠬᠠᠷᠢᠴᠠᠩᠭᠤᠢ ᠲᠠᠪᠠᠭᠤᠯᠢᠭ ᠪᠠ ᠭᠤᠤᠯ ᠦᠷᠢᠰᠦᠯᠳᠦᠬᠦ ᠭᠦᠴᠦᠨ ᠪᠤᠯᠭᠠᠨ᠎ᠠ᠃ ᠰᠢᠨ᠎ᠡ ᠶᠢ ᠡᠭᠦᠳᠬᠦ ᠪᠠᠷ ᠬᠦᠭᠵᠢᠯᠳᠡ ᠶᠢ ᠲᠠᠶᠢᠴᠢᠯᠠᠬᠤ ᠪᠠᠶᠢᠯᠳᠤᠬᠤ | ᠪᠤᠳᠤᠯᠭ᠎ᠠ ᠶᠢ ᠶᠡᠬᠡᠪᠡᠷ ᠬᠡᠷᠡᠭᠵᠢᠭᠦᠯᠵᠤ᠂ ᠠᠵᠤ ᠠᠬᠤᠶᠢᠯᠠᠯ ᠢᠶᠠᠷ ᠭᠤᠤᠯ ᠴᠤᠭᠴᠠ ᠪᠤᠯᠭᠠᠵᠤ᠂ ᠵᠠᠬ᠎ᠠ ᠲᠡᠯᠬᠡᠭᠦᠷ ᠢᠶᠠᠷ ᠤᠳᠤᠷᠢᠳᠤᠮᠵᠢ ᠪᠤᠯᠭᠠᠭᠰᠠᠨ᠂ ᠠᠵᠤ | ᠤᠶᠢᠯᠡᠰ ᠰᠤᠷᠭᠠᠭᠤᠯᠢ ᠡᠷᠳᠡᠮ ᠰᠢᠨᠵᠢᠯᠡᠬᠡᠨ ᠤ ᠪᠠᠶᠢᠭᠤᠯᠤᠮᠵᠢ ᠶᠢ ᠬᠦᠨᠵᠡᠬᠡᠢ ᠠᠭᠤᠰᠤᠯᠴᠠᠭᠤᠯᠤᠭᠰᠠᠨ ᠮᠡᠷᠭᠡᠵᠢᠯ ᠤᠨ ᠰᠢᠨ᠎ᠡ ᠶᠢ ᠡᠭᠦᠳᠬᠦ ᠲᠤᠭᠳᠠᠯᠴᠠᠭ᠎ᠠ ᠶᠢ | ᠲᠦᠷᠬᠡᠨ ᠢᠶᠠᠷ ᠪᠠᠶᠢᠭᠤᠯᠵᠤ᠂ ᠤᠯᠠᠨ ᠢᠶᠠᠷ ᠢᠶᠠᠨ ᠤᠶᠢᠯᠡᠰ ᠪᠤᠰᠬᠠᠵᠤ᠂ ᠪᠦᠬᠦᠳᠡᠬᠡᠷ ᠢᠶᠠᠨ ᠰᠢᠨ᠎ᠡ ᠶᠢ ᠡᠭᠦᠳᠬᠦ ᠶᠢ ᠪᠦᠬᠦ ᠲᠠᠯ᠎ᠠ ᠪᠠᠷ ᠠᠬᠢᠭᠤᠯᠵᠤ᠂ ᠤᠯᠤᠰ | ᠤᠨ ᠴᠢᠬᠤᠯᠠ ᠲᠤᠮᠤ ᠰᠢᠨᠵᠢᠯᠡᠬᠦ ᠤᠬᠠᠭᠠᠨ ᠮᠡᠷᠭᠡᠵᠢᠯ ᠤᠨ ᠲᠦᠷᠦᠯ ᠵᠤᠶᠢᠯ ᠢ ᠵᠠᠯᠭᠠᠯᠳᠤᠭᠤᠯᠤᠨ ᠬᠡᠷᠡᠭᠵᠢᠭᠦᠯᠵᠤ᠂ ᠤᠯᠤᠰ ᠤᠨ ᠪᠡᠶ᠎ᠡ ᠪᠠᠨ ᠲᠠᠭᠠᠭᠠᠨ ᠰᠢᠨ᠎ᠡ ᠶᠢ | ᠡᠭᠦᠳᠬᠦ ᠵᠢᠱᠢᠶ᠎ᠡ ᠦᠵᠡᠭᠦᠯᠬᠦ ᠤᠷᠤᠨ ᠢ ᠴᠢᠷᠮᠠᠶᠢᠨ ᠡᠭᠦᠳᠦᠨ ᠪᠠᠶᠢᠭᠤᠯᠤᠨ᠎ᠠ᠃ ᠦᠨᠳᠦᠷ ᠬᠡᠪ ᠴᠢᠨᠠᠷ ᠲᠠᠢ ᠬᠦᠮᠦᠨ ᠤ ᠭᠦᠴᠦᠨ ᠤ ᠡᠬᠢ ᠪᠠᠶᠠᠯᠢᠭ ᠪᠠ ᠡᠯ᠎ᠡ | ᠲᠦᠷᠦᠯ ᠤᠨ ᠪᠤᠳᠠᠳᠤ ᠬᠡᠷᠡᠭᠴᠡᠬᠡᠳᠤ ᠴᠢᠳᠠᠪᠦᠷᠢᠳᠠᠨ ᠢ ᠤᠷᠤᠭᠤᠯᠤᠨ ᠪᠤᠶᠢᠵᠢᠭᠤᠯᠵᠤ᠂ ᠰᠢᠨᠵᠢᠯᠡᠬᠦ ᠤᠬᠠᠭᠠᠨᠴᠢ ᠵᠦᠢ ᠵᠤᠬᠢᠰᠲᠠᠢ ᠬᠤᠪᠢᠶᠠᠷᠢᠯᠠᠯᠳᠠ ᠶᠢᠨ ᠲᠦᠷᠦ | ᠶᠢᠨ ᠪᠤᠳᠤᠯᠭ᠎ᠠ ᠶᠢ ᠪᠠᠶᠢᠭᠤᠯᠤᠨ ᠲᠦᠭᠦᠷᠴᠢᠯᠡᠵᠤ᠂ ᠡᠷᠳᠡᠮ ᠰᠢᠨᠵᠢᠯᠡᠬᠡᠨ ᠤ ᠠᠵᠢᠯᠳᠠᠨ ᠳᠤ ᠰᠢᠨ᠎ᠡ ᠶᠢ ᠡᠭᠦᠳᠬᠦ ᠪᠠᠷ ᠲᠠᠮᠵᠢᠨ ᠨᠡᠩ ᠤᠯᠠᠨ ᠠᠰᠢᠭ ᠤᠯᠵᠠᠪᠤᠷᠢ | ᠤᠯᠭᠤᠵᠤ᠂ ᠴᠢᠳᠠᠪᠦᠷᠢᠳᠠᠨ ᠢ ᠰᠠᠨᠠᠭᠠᠰᠢᠷᠠᠬᠤ ᠵᠤᠶᠢᠯ ᠦᠬᠡᠢ᠂ ᠴᠢᠳᠠᠪᠦᠷᠢ ᠪᠠᠨ ᠭᠠᠷᠭᠠᠬᠤ ᠤᠷᠤᠨ ᠵᠠᠢ ᠲᠠᠢ ᠪᠤᠯᠭᠠᠨ᠎ᠠ᠃ ᠴᠢᠯᠤᠬᠡᠲᠠᠢ ᠶᠠᠪᠤᠯᠴᠠᠬᠤ ᠬᠡᠯᠪᠡᠷᠢ ᠶᠢᠨ | ᠠᠵᠤ ᠠᠬᠤᠢ ᠶᠢᠨ ᠬᠢᠷᠢ ᠲᠦᠪᠰᠢᠨ ᠢ ᠲᠡᠭᠡᠭᠰᠢᠯᠡᠭᠦᠯᠵᠤ᠂ ︽ᠨᠢᠭᠡ ᠪᠦᠰᠡ ᠨᠢᠭᠡ ᠵᠠᠮ︾ ᠤᠨ ᠪᠦᠲᠦᠬᠡᠨ ᠪᠠᠶᠢᠭᠤᠯᠤᠯᠳᠠ ᠳᠤ ᠬᠦᠨᠵᠡᠬᠡᠢ ᠠᠭᠤᠰᠤᠯᠴᠠᠨ | ᠤᠷᠤᠵᠤ᠂ ᠠᠷᠠᠯᠵᠢᠶ᠎ᠠ ᠬᠤᠳᠠᠯᠳᠤᠭᠠᠨ ᠤ ᠴᠢᠯᠤᠬᠡᠳᠤ ᠭᠠᠷᠠᠮ ᠢ ᠢᠳᠡᠪᠬᠢᠲᠠᠢ ᠭᠤᠶᠤᠴᠢᠯᠠᠨ ᠪᠦᠲᠦᠬᠡᠨ ᠪᠠᠶᠢᠭᠤᠯᠵᠤ᠂ ᠲᠠᠯ᠎ᠠ ᠨᠤᠳᠤᠭ ᠤᠨ ᠲᠤᠷᠭᠠᠨ ᠵᠠᠮ ᠤᠨ | ᠠᠵᠤ ᠠᠬᠤᠢ ᠶᠢᠨ ᠪᠦᠰᠡ ᠪᠠ ᠲᠤᠮᠳᠠᠳᠤ ᠤᠷᠤᠰ ᠮᠤᠩᠭᠤᠯ ᠤᠨ ᠠᠵᠤ ᠠᠬᠤᠢ ᠶᠢᠨ ᠬᠤᠩᠬᠢᠯ ᠤᠨ ᠴᠢᠬᠤᠯᠠ ᠵᠠᠩᠬᠢᠯᠠᠭ᠎ᠠ ᠴᠢᠭ ᠤᠨ ᠬᠤᠳᠠ ᠶᠢ ᠪᠠᠶᠢᠭᠤᠯᠵᠤ᠂ | ᠤᠯᠤᠰ ᠤᠨ ᠪᠠᠷᠠᠭᠤᠨᠰᠢ ᠪᠠᠨ ᠴᠢᠯᠤᠬᠡᠲᠠᠢ ᠶᠠᠪᠤᠯᠴᠠᠬᠤ ᠪᠦᠲᠦᠴᠡ ᠲᠤᠮᠳᠠᠬᠢ ᠮᠠᠨ ᠤ ᠬᠤᠳᠠ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢ ᠰᠠᠭᠤᠷᠢ ᠶᠢ | ᠲᠡᠭᠡᠭᠰᠢᠯᠡᠭᠦᠯᠦᠨ᠎ᠡ᠃ | ︵ᠭᠤᠷᠪᠠ︶ ᠬᠤᠳᠠ ᠬᠦᠳᠡᠭᠡ ᠶᠢᠨ ᠠᠭᠤᠰᠤᠯᠴᠠᠯ ᠢ ᠠᠬᠢᠭᠤᠯᠵᠤ᠂ ᠤᠷᠤᠰᠢᠨ ᠰᠠᠭᠤᠬᠤ ᠳᠤ ᠲᠤᠬᠢᠷᠠᠮᠵᠢᠲᠠᠢ ᠴᠢᠨᠠᠷ ᠲᠡᠰᠳᠤ ᠬᠡᠷ ᠤᠷᠤᠨ ᠢ | ᠪᠠᠶᠢᠭᠤᠯᠤᠨ᠎ᠠ᠃ ᠬᠤᠳᠠ ᠶᠢᠨ ᠬᠡᠪᠴᠢᠶᠡᠨ ᠤ ᠤᠷᠤᠨ ᠵᠠᠢ ᠶᠢᠨ ᠪᠠᠶᠢᠷᠢᠯᠠᠭᠤᠯᠤᠯᠳᠠ ᠶᠢ ᠲᠡᠭᠦᠯᠳᠡᠷᠵᠢᠭᠦᠯᠵᠤ᠂ ︽ᠤᠯᠠᠨ ᠲᠦᠯᠦᠪᠵᠢᠭᠦᠯᠬᠡ ᠶᠢ ᠨᠢᠭᠡᠳᠦᠭᠦᠯᠬᠦ︾ ᠶᠢ | ᠠᠬᠢᠭᠤᠯᠵᠤ᠂ ᠭᠤᠤᠯᠳᠠᠯᠭᠠᠳᠤ ᠬᠤᠳᠠ ᠲᠤᠭᠤᠷᠢᠭ ᠢᠶᠠᠷ ᠭᠤᠤᠯ ᠪᠤᠯᠭᠠᠵᠤ᠂ ᠤᠷᠤᠨ ᠲᠤᠭᠤᠷᠢᠭ ᠤᠨ ᠴᠢᠨᠠᠷ ᠲᠠᠢ ᠲᠤᠮᠳᠠ ᠵᠢᠵᠢᠭ ᠬᠤᠳᠠ ᠪᠠᠷ ᠲᠤᠯᠭᠠᠭᠤᠷᠢᠯᠠᠯ | ᠪᠤᠯᠭᠠᠵᠤ᠂ ᠭᠤᠤᠯᠳᠠᠯᠭ᠎ᠠ ᠲᠠᠢ ᠠᠵᠤ ᠤᠶᠢᠯᠡᠰ ᠤᠨ ᠪᠠᠯᠭᠠᠰᠤ ᠪᠠ ᠤᠨᠴᠠᠯᠢᠭᠳᠤ ᠵᠢᠵᠢᠭ ᠬᠤᠳᠠ ᠪᠠᠯᠭᠠᠰᠤ ᠪᠠᠷ ᠵᠠᠩᠬᠢᠯᠠᠭ᠎ᠠ ᠴᠢᠭ ᠪᠤᠯᠭᠠᠵᠤ᠂ ᠰᠢᠨ᠎ᠡ ᠮᠠᠶ᠋ᠢᠭ ᠤᠨ | ᠬᠦᠳᠡᠭᠡ ᠲᠤᠰᠬᠤᠨ ᠢᠶᠠᠷ ᠨᠦᠬᠦᠪᠦᠷᠢ ᠪᠤᠯᠭᠠᠭᠰᠠᠨ ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠯᠳᠠ ᠶᠢᠨ ᠤᠷᠤᠨ ᠵᠠᠢ ᠶᠢᠨ ᠲᠤᠭᠳᠠᠯᠴᠠᠭ᠎ᠠ ᠶᠢ ᠪᠠᠶᠢᠭᠤᠯᠤᠨ᠎ᠠ᠃ | ᠬᠤᠳᠠ ᠶᠢᠨ ᠪᠦᠲᠦᠬᠡᠨ ᠪᠠᠶᠢᠭᠤᠯᠤᠯᠳᠠ ᠶᠢᠨ ᠬᠠᠮᠢᠶᠠᠷᠤᠯᠳᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠲᠡᠭᠡᠭᠰᠢᠯᠡᠭᠦᠯᠵᠤ᠂ ᠰᠤᠳᠤᠨᠴᠢᠯᠠᠨ ᠪᠦᠲᠦᠬᠡᠨ | ᠪᠠᠶᠢᠭᠤᠯᠬᠤ᠂ ᠴᠡᠴᠡᠷᠯᠢᠭᠵᠢᠭᠦᠯᠦᠨ ᠪᠠᠶᠢᠭᠤᠯᠬᠤ᠂ ᠤᠶᠤᠨᠴᠢᠯᠠᠨ ᠬᠠᠮᠢᠶᠠᠷᠬᠤ ᠶᠢ ᠪᠠᠷᠢᠮᠳᠠᠯᠠᠵᠤ᠂ ᠬᠤᠳᠠ ᠶᠢᠨ ᠴᠢᠳᠠᠮᠵᠢ ᠶᠢ ᠴᠢᠩᠭᠠᠳᠬᠠᠵᠤ᠂ ᠬᠤᠳᠠ ᠶᠢᠨ | ᠤᠷᠴᠢᠨ ᠲᠤᠭᠤᠷᠢᠨ ᠢ ᠰᠢᠯᠢᠳᠡᠭᠵᠢᠭᠦᠯᠵᠤ᠂ ᠬᠤᠳᠠ ᠶᠢᠨ ᠴᠢᠨᠠᠷ ᠲᠡᠰ ᠢ ᠲᠡᠭᠡᠭᠰᠢᠯᠡᠭᠦᠯᠵᠤ᠂ ᠤᠷᠤᠰᠢᠨ ᠰᠠᠭᠤᠵᠤ ᠤᠶᠢᠯᠡᠰ ᠪᠤᠰᠬᠠᠨ ᠵᠤᠭᠠᠴᠠᠬᠤ ᠳᠤ | ᠲᠤᠬᠢᠷᠠᠮᠵᠢᠲᠠᠢ ᠴᠢᠨᠠᠷ ᠲᠡᠰᠳᠤ ᠬᠤᠳᠠ ᠶᠢ ᠪᠦᠲᠦᠬᠡᠨ ᠪᠠᠶᠢᠭᠤᠯᠤᠨ᠎ᠠ᠃ ᠶᠡᠷᠦᠩᠬᠡᠶᠢᠯᠡᠭᠰᠡᠨ ᠰᠠᠭᠤᠷᠢ ᠲᠦᠭᠦᠭᠡᠷᠤᠮᠵᠢ ᠶᠢᠨ ᠪᠦᠲᠦᠬᠡᠨ ᠪᠠᠶᠢᠭᠤᠯᠤᠯᠳᠠ ᠶᠢᠨ | ᠭᠦᠴᠦᠯᠡᠴᠡ ᠶᠢ ᠨᠡᠮᠡᠭᠳᠡᠭᠦᠯᠵᠤ᠂ ᠰᠠᠭᠤᠷᠢ ᠲᠦᠭᠦᠭᠡᠷᠤᠮᠵᠢ ᠶᠢᠨ ᠲᠠᠭᠠᠭᠠᠨ ᠪᠠᠳᠤᠯᠠᠬᠤ ᠴᠢᠳᠠᠪᠦᠷᠢ ᠶᠢ ᠲᠠᠰᠤᠷᠠᠯᠳᠠ ᠦᠬᠡᠢ ᠲᠡᠭᠡᠭᠰᠢᠯᠡᠭᠦᠯᠦᠨ᠎ᠡ᠃ ᠬᠤᠳᠠ ᠶᠢᠨ | ᠬᠡᠪᠴᠢᠶᠡᠨ ᠤ ᠲᠡᠩᠴᠡᠭᠦᠷᠢ ᠲᠠᠢ ᠵᠤᠬᠢᠴᠠᠩᠭᠤᠢ ᠬᠦᠭᠵᠢᠯᠳᠡ ᠶᠢ ᠠᠬᠢᠭᠤᠯᠵᠤ᠂ ᠤᠳᠤᠭ ᠤᠨ ᠡᠮᠦᠨᠡᠳᠤ ᠬᠤᠰᠢᠭᠤᠨ ᠤ ᠠᠵᠤ ᠤᠶᠢᠯᠡᠳᠪᠦᠷᠢᠵᠢᠭᠰᠡᠨ ᠬᠢᠷᠢ | ᠲᠦᠪᠰᠢᠨ ᠢ ᠲᠡᠭᠡᠭᠰᠢᠯᠡᠭᠦᠯᠵᠤ᠂ ᠬᠠᠩᠬᠢᠨ ᠬᠤᠰᠢᠭᠤᠨ ᠤ ᠶᠠᠳᠠᠭᠤ ᠶᠢ ᠲᠡᠳᠬᠦᠵᠤ ᠨᠡᠬᠡᠬᠡᠯᠳᠡ ᠬᠢᠬᠦ ᠭᠦᠴᠦᠯᠡᠴᠡ ᠶᠢ ᠨᠡᠮᠡᠭᠳᠡᠭᠦᠯᠵᠤ᠂ ᠲᠠᠯᠠᠳ ᠬᠤᠰᠢᠭᠤᠨ ᠤ | ᠰᠢᠶᠠᠨ ᠤ ᠪᠦᠰᠡ ᠶᠢᠨ ᠠᠵᠤ ᠠᠬᠤᠢ ᠶᠢᠨ ᠬᠦᠭᠵᠢᠯᠳᠡ ᠶᠢ ᠲᠡᠮᠵᠢᠨ᠎ᠡ᠃ ᠬᠤᠳᠠ ᠬᠦᠳᠡᠭᠡ ᠶᠢᠨ ᠤᠯᠠᠨ ᠨᠡᠶᠢᠳᠡ ᠶᠢᠨ ᠤᠶᠢᠯᠡᠴᠢᠯᠡᠬᠡᠨ ᠤ ᠲᠡᠩᠴᠡᠭᠦᠷᠢᠰᠢᠯ ᠢ | ᠨᠢᠭᠡᠳᠤᠯᠲᠠᠢ ᠲᠦᠯᠦᠪᠯᠡᠨ ᠠᠬᠢᠭᠤᠯᠵᠤ᠂ ᠪᠠᠶᠢᠩᠭᠤ ᠰᠠᠭᠤᠭ᠎ᠠ ᠬᠦᠮᠦᠨ ᠠᠮᠠ ᠶᠢ ᠪᠦᠬᠦᠨ ᠢ ᠪᠦᠷᠬᠦᠬᠦᠯᠵᠤ᠂ ᠠᠳᠠᠯᠢ ᠪᠠᠷᠢᠮᠵᠢᠶ᠎ᠠ ᠲᠠᠢ ᠪᠠᠶᠢᠯᠭᠠᠬᠤ ᠶᠢ | ᠪᠡᠶᠡᠯᠡᠭᠦᠯᠦᠨ᠎ᠡ᠃ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠤ᠂ ᠮᠠᠯᠵᠢᠬᠤ ᠲᠠᠷᠢᠶᠠᠯᠠᠬᠤ | ᠤᠷᠤᠨ ᠤ ᠭᠦᠭᠵᠢᠯᠳᠡ ᠶᠢᠨ ᠲᠤᠳᠠᠭᠳᠠᠯ ᠲᠠᠢ ᠲᠠᠯ᠎ᠠ ᠶᠢ ᠨᠦᠬᠦᠪᠦᠷᠢᠯᠡᠵᠤ᠂ ᠮᠠᠯᠵᠢᠬᠤ ᠲᠠᠷᠢᠶᠠᠯᠠᠬᠤ ᠤᠷᠤᠨ ᠤ ᠤᠶᠢᠯᠡᠳᠪᠦᠷᠢᠯᠡᠯ ᠠᠮᠢᠳᠤᠷᠠᠯ ᠤᠨ ᠨᠦᠭᠦᠴᠡᠯ ᠢ | ᠦᠨᠳᠦᠰᠤ ᠠᠴᠠ ᠨᠢ ᠰᠠᠶᠢᠵᠢᠷᠠᠭᠤᠯᠵᠤ᠂ ᠮᠠᠯᠵᠢᠬᠤ ᠲᠠᠷᠢᠶᠠᠯᠠᠬᠤ ᠤᠷᠤᠨ ᠤ ᠠᠵᠤ ᠤᠶᠢᠯᠡᠰ ᠢ ᠨᠡᠩ ᠴᠡᠴᠡᠭᠯᠡᠨ ᠬᠦᠭᠵᠢᠭᠦᠯᠵᠤ᠂ ᠠᠮᠢ ᠠᠬᠤᠢ ᠶᠢ ᠤᠷᠤᠰᠢᠨ | ᠰᠠᠭᠤᠬᠤ ᠳᠤ ᠨᠡᠩ ᠲᠤᠬᠢᠷᠠᠮᠵᠢᠲᠠᠢ᠂ ᠬᠦᠳᠡᠭᠡ ᠲᠤᠰᠬᠤᠨ ᠤ ᠵᠠᠩ ᠰᠤᠷᠳᠠᠯ ᠢ ᠨᠡᠩ ᠪᠤᠯᠪᠠᠰᠤᠨ᠂ ᠵᠠᠰᠠᠯᠳᠠ ᠨᠢ ᠨᠡᠩ ᠪᠦᠲᠦᠮᠵᠢᠲᠠᠢ᠂ ᠠᠮᠢᠳᠤᠷᠠᠯ ᠢ ᠨᠡᠩ | ᠪᠠᠶᠠᠨ ᠴᠢᠨᠡᠬᠡᠯᠢᠭ ᠪᠤᠯᠭᠠᠨ᠎ᠠ᠃ | ︵ᠲᠦᠷᠪᠡ︶ ᠠᠮᠢ ᠠᠬᠤᠢ ᠶᠢ ᠲᠡᠷᠢᠭᠦᠨ ᠳᠤ ᠲᠠᠯᠪᠢᠬᠤ ᠶᠢ ᠲᠤᠪᠤᠶᠢᠯᠭᠠᠵᠤ᠂ ᠬᠦᠬᠡᠮᠳᠦᠭ ᠠᠭᠤᠯᠠ ᠴᠡᠩᠬᠡᠷ ᠤᠰᠤ ᠶᠢᠨ ᠰᠢᠨ᠎ᠡ ᠲᠠᠪᠠᠭᠤᠯᠢᠭ ᠢ | ᠪᠤᠶᠢᠵᠢᠭᠤᠯᠤᠨ᠎ᠠ᠃ᠨᠡᠶᠢᠬᠡᠮ ᠵᠢᠷᠤᠮ ᠤᠨ ᠠᠮᠢ ᠠᠬᠤᠢ ᠶᠢᠨ ᠪᠤᠯᠪᠠᠰᠤᠨ ᠤ ᠦᠵᠡᠯᠳᠡ ᠶᠢ ᠪᠠᠳᠤ ᠪᠠᠬᠢ ᠪᠤᠢ ᠪᠤᠯᠭᠠᠵᠤ᠂ ᠪᠦᠬᠦ ᠬᠤᠳᠠ ᠶᠢᠨ ᠠᠮᠢ ᠠᠬᠤᠢ ᠶᠢᠨ | ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠠᠪᠤᠨ ᠵᠢᠯ ᠤᠨ ᠠᠵᠢᠯᠯᠠᠭᠠᠨ ᠤ ᠲᠦᠯᠦᠪᠯᠡᠭᠡ ᠶᠢ ᠬᠡᠷᠡᠭᠵᠢᠭᠦᠯᠵᠤ᠂ ᠤᠯᠤᠰ ᠤᠨ ᠠᠮᠢ ᠠᠬᠤᠢ ᠶᠢᠨ ᠪᠤᠯᠪᠠᠰᠤᠨ | ᠤ ᠤᠷᠢᠳᠠᠪᠠᠷ ᠬᠡᠷᠡᠭᠵᠢᠭᠦᠯᠬᠦ ᠵᠢᠱᠢᠶ᠎ᠡ ᠦᠵᠡᠭᠦᠯᠬᠦ ᠤᠷᠤᠨ ᠢ ᠡᠭᠦᠳᠦᠨ ᠪᠠᠶᠢᠭᠤᠯᠵᠤ᠂ ᠤᠯᠤᠰ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠵᠢᠱᠢᠶᠡᠴᠢ | ᠬᠤᠳᠠ ᠶᠢ ᠪᠠᠶᠢᠭᠤᠯᠵᠤ᠂ ᠡᠬᠡ ᠤᠯᠤᠰ ᠤᠨ ᠤᠮᠠᠷᠠᠳᠤ ᠬᠢᠯᠢ ᠶᠢᠨ ᠠᠮᠢ ᠠᠬᠤᠢ ᠶᠢᠨ ᠠᠮᠦᠷ ᠲᠦᠪᠰᠢᠨ ᠤ ᠬᠠᠯᠬᠠᠪᠴᠢ ᠶᠢᠨ ᠤᠷᠳᠤᠰ ᠤᠨ ᠪᠠᠳᠤ ᠪᠠᠬᠢ | ᠰᠡᠷᠭᠡᠶᠢᠯᠡᠯᠳᠡ ᠶᠢᠨ ᠱᠤᠭᠤᠮ ᠢ ᠪᠠᠶᠢᠭᠤᠯᠤᠨ᠎ᠠ᠃ ᠴᠢᠬᠤᠯᠠ ᠲᠤᠮᠤ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠰᠡᠷᠭᠦᠬᠡᠨ ᠵᠠᠰᠠᠬᠤ ᠢᠨᠵᠧᠨᠧᠷᠢᠩ ᠢ | ᠬᠦᠨᠵᠡᠬᠡᠢ ᠬᠡᠷᠡᠭᠵᠢᠭᠦᠯᠵᠤ᠂ ᠲᠡᠴᠢᠷᠰᠢᠯ᠂ ᠲᠤᠪᠤᠴᠠᠭ ᠭᠤᠤ ᠭᠠᠩᠭ᠎ᠠ᠂ ᠤᠰᠤ ᠬᠦᠷᠦᠰᠤ ᠰᠢᠷᠤᠢ ᠶᠢᠨ ᠢᠳᠡᠭᠳᠡᠯ᠂ ᠨᠡᠭᠦᠷᠡᠰᠤ ᠮᠠᠯᠳᠠᠭᠠᠳ ᠴᠦᠮᠦᠷᠡᠭᠰᠡᠨ ᠤᠷᠤᠨ | ᠵᠡᠷᠬᠡ ᠶᠢ ᠶᠡᠷᠦᠩᠬᠡᠶᠢᠯᠡᠨ ᠵᠠᠰᠠᠬᠤ ᠶᠢ ᠠᠬᠢᠭᠤᠯᠵᠤ᠂ ᠠᠮᠢ ᠠᠬᠤᠢ ᠶᠢᠨ ᠰᠢᠰᠲ᠋ᠧᠮ ᠤᠨ ᠶᠠᠰᠤ ᠴᠢᠨᠠᠷ ᠪᠠ ᠲᠤᠭᠳᠠᠩᠭᠤᠢ ᠴᠢᠨᠠᠷ ᠢ ᠦᠷᠭᠦᠯᠵᠢᠯᠡᠨ | ᠲᠡᠭᠡᠭᠰᠢᠯᠡᠭᠦᠯᠦᠨ᠎ᠡ᠃ ᠪᠤᠬᠢᠷᠳᠤᠯ ᠦᠬᠡᠢ ᠪᠠᠷ ᠬᠦᠭᠵᠢᠭᠦᠯᠬᠦ ᠵᠠᠮ ᠢᠶᠠᠷ ᠵᠠᠮᠨᠠᠬᠤ ᠶᠢ ᠪᠠᠷᠢᠮᠳᠠᠯᠠᠵᠤ᠂ ᠤᠷᠴᠢᠨ ᠲᠤᠭᠤᠷᠢᠨ ᠤ ᠶᠠᠰᠤ ᠴᠢᠨᠠᠷ ᠤᠨ ᠰᠠᠬᠢᠶ᠎ᠡ ᠱᠣᠭᠤᠮ | ᠂ ᠠᠮᠢ ᠠᠬᠤᠢ ᠶᠢᠨ ᠬᠠᠮᠠᠭᠠᠯᠠᠯᠳᠠ ᠶᠢᠨ ᠣᠯᠠᠭᠠᠨ ᠱᠤᠭᠤᠮ᠂ ᠡᠬᠢ ᠪᠠᠶᠠᠯᠢᠭ ᠤᠨ ᠬᠤᠷᠤᠭᠳᠠᠯ ᠤᠨ ᠲᠡᠬᠡᠳᠤ ᠬᠢᠵᠠᠭᠠᠷ ᠱᠤᠭᠤᠮ ᠢ ᠴᠢᠩᠭ᠎ᠠ ᠰᠠᠬᠢᠵᠤ᠂ | ᠤᠶᠢᠯᠡᠳᠪᠦᠷᠢᠯᠡᠯ᠂ ᠠᠮᠢᠳᠤᠷᠠᠯ᠂ ᠠᠮᠢ ᠠᠬᠤᠢ ᠶᠢᠨ ᠤᠷᠤᠨ ᠵᠠᠢ ᠶᠢ ᠵᠤᠬᠢᠰᠲᠠᠢ ᠪᠠᠶᠢᠷᠢᠯᠠᠭᠤᠯᠵᠤ᠂ ᠪᠤᠬᠢᠷᠳᠤᠯ ᠦᠬᠡᠢ ᠲᠤᠤᠷ᠎ᠠ ᠨᠡᠭᠦᠷᠡᠰᠤᠳᠦ᠋ᠷᠦᠭᠴᠢᠳᠤ | ᠠᠮᠢᠳᠤᠷᠠᠯ ᠤᠨ ᠠᠷᠭ᠎ᠠ ᠬᠡᠯᠪᠡᠷᠢ ᠶᠢ ᠰᠠᠨᠠᠭᠠᠴᠢᠯᠠᠵᠤ᠂ ᠬᠦᠮᠦᠨ ᠪᠤᠯᠤᠨ ᠪᠠᠶᠢᠭᠠᠯᠢ ᠡᠶ᠎ᠡ ᠵᠤᠬᠢᠴᠠᠯ ᠲᠠᠢ ᠪᠠᠷ ᠬᠠᠮᠳᠤ ᠤᠷᠤᠭᠰᠢᠭᠰᠠᠨ ᠬᠦᠭᠵᠢᠯᠳᠡ ᠶᠢᠨ | ᠪᠦᠲᠦᠴᠡ ᠶᠢ ᠪᠦᠷᠢᠯᠳᠦᠭᠦᠯᠦᠨ᠎ᠡ᠃ ᠤᠷᠴᠢᠨ ᠲᠤᠭᠤᠷᠢᠨ ᠤ ᠲᠤᠪᠤᠶᠢᠮ᠎ᠠ ᠠᠰᠠᠭᠤᠳᠠᠯ ᠢ ᠭᠦᠴᠦᠯᠡᠨ ᠰᠢᠢᠳᠪᠦᠷᠢᠯᠡᠵᠤ᠂ ᠤᠰᠤᠨ ᠤ ᠡᠬᠢ ᠪᠠᠶᠠᠯᠢᠭ ᠢ ᠬᠠᠮᠠᠭᠠᠯᠠᠬᠤ | ᠭᠦᠴᠦᠯᠡᠴᠡ ᠶᠢ ᠨᠡᠮᠡᠭᠳᠡᠭᠦᠯᠵᠤ᠂ ᠬᠦᠷᠦᠰᠤ ᠰᠢᠷᠤᠢ ᠶᠢᠨ ᠪᠤᠬᠢᠷᠳᠤᠯ ᠢ ᠰᠡᠷᠭᠡᠶᠢᠯᠡᠨ ᠵᠠᠰᠠᠬᠤ ᠠᠵᠢᠯᠯᠠᠭ᠎ᠠ ᠶᠢ ᠦᠷᠨᠢᠭᠦᠯᠵᠤ᠂ ᠴᠡᠩᠬᠡᠷ ᠤᠭᠳᠠᠷᠭᠤᠢ ᠶᠢ ᠪᠠᠳᠤᠯᠠᠨ | ᠬᠠᠮᠭᠠᠯᠠᠬᠤ ᠲᠠᠶᠢᠨ ᠤ ᠢᠯᠠᠯᠳᠠ ᠶᠢ ᠤᠯᠤᠨ᠎ᠠ᠃ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯ ᠤᠨ ᠦᠬᠡᠷᠡᠴᠢᠯᠡᠯᠳᠡ ᠶᠢ ᠬᠦᠨᠵᠡᠬᠡᠶᠢᠷᠡᠭᠦᠯᠵᠤ᠂ ᠠᠮᠢ ᠠᠬᠤᠢ ᠶᠢᠨ | ᠪᠤᠯᠪᠠᠰᠤᠨ ᠤ ᠪᠠᠶᠢᠭᠤᠯᠤᠯᠳᠠ ᠶᠢᠨ ᠲᠦᠷᠢᠮ ᠤᠨ ᠲᠤᠭᠳᠠᠯᠴᠠᠭ᠎ᠠ ᠶᠢ ᠲᠦᠭᠦᠷᠴᠢᠯᠡᠨ᠎ᠡ᠃ | ︵ᠲᠠᠪᠤ︶ ᠬᠠᠮᠳᠤᠪᠠᠷ ᠪᠠᠶᠢᠭᠤᠯᠵᠤ ᠬᠠᠮᠳᠤᠪᠠᠷ ᠡᠳ᠋ᠯᠡᠬᠦ ᠶᠢ ᠪᠠᠷᠢᠮᠳᠠᠯᠠᠵᠤ᠂ ᠤᠯᠠᠨ ᠲᠦᠮᠡᠨ ᠤ ᠠᠮᠢᠳᠤᠷᠠᠯ ᠤᠨ ᠰᠢᠨ᠎ᠡ ᠬᠡᠷᠡᠭᠴᠡᠭᠡ ᠱᠠᠭᠠᠷᠳᠠᠯᠭ᠎ᠠ ᠶᠢ | ᠬᠠᠩᠭᠠᠨ᠎ᠠ᠃ ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ ᠰᠢᠪᠳᠤᠯᠤᠭᠰᠠᠨ ᠠᠮᠵᠢᠯᠳᠠ ᠶᠢ ᠪᠦᠬᠦ ᠲᠠᠯ᠎ᠠ ᠪᠠᠷ ᠪᠠᠳᠤᠳᠬᠠᠵᠤ᠂ ᠬᠤᠳᠠ ᠬᠦᠳᠡᠭᠡ ᠶᠢᠨ | ᠰᠠᠭᠤᠭᠠᠯᠢ ᠠᠷᠠᠳ ᠤᠨ ᠤᠷᠤᠯᠭ᠎ᠠ ᠶᠢᠨ ᠬᠢᠷᠢ ᠲᠦᠪᠰᠢᠨ ᠢ ᠦᠷᠭᠦᠯᠵᠢᠯᠡᠨ ᠲᠡᠭᠡᠭᠰᠢᠯᠡᠭᠦᠯᠦᠨ᠎ᠡ᠃ ᠠᠵᠢᠯ ᠤᠯᠭᠤᠬᠤ ᠶᠢ ᠲᠡᠷᠢᠭᠦᠨ ᠪᠠᠶᠢᠷᠢᠨ ᠳᠤ ᠲᠠᠯᠪᠢᠬᠤ | ᠪᠠᠶᠢᠯᠳᠤᠬᠤ ᠪᠤᠳᠤᠯᠭ᠎ᠠ ᠶᠢ ᠪᠠᠷᠢᠮᠳᠠᠯᠠᠵᠤ᠂ ᠨᠡᠩ ᠢᠳᠡᠪᠬᠢᠲᠠᠢ ᠠᠵᠢᠯ ᠤᠯᠭᠤᠬᠤ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠤ᠂ ᠨᠡᠩ ᠦᠨᠳᠦᠷ ᠶᠠᠰᠤ ᠴᠢᠨᠠᠷ ᠲᠠᠢ | ᠪᠠ ᠨᠡᠩ ᠭᠦᠢᠴᠡᠳ ᠢᠶᠠᠷ ᠠᠵᠢᠯ ᠤᠯᠭᠤᠬᠤ ᠶᠢ ᠪᠡᠶᠡᠯᠡᠭᠦᠯᠦᠨ᠎ᠡ᠃ ᠰᠤᠷᠭᠠᠨ ᠬᠦᠮᠦᠵᠢᠯ ᠤᠨ ᠤᠳᠤᠬᠢᠴᠢᠯᠠᠯᠳᠠ ᠶᠢ ᠲᠦᠷᠬᠡᠨ ᠢᠶᠠᠷ ᠠᠬᠢᠭᠤᠯᠵᠤ᠂ ᠠᠷᠠᠳ ᠤᠨ | ᠰᠠᠳᠬᠢᠯ ᠬᠠᠨᠤᠮᠵᠢᠲᠠᠢ ᠰᠤᠷᠭᠠᠨ ᠬᠦᠮᠦᠵᠢᠯ ᠢ ᠰᠠᠶᠢᠳᠤᠷ ᠡᠷᠬᠢᠯᠡᠨ᠎ᠡ᠃ ᠡᠷᠡᠭᠦᠯ ᠮᠡᠨᠳᠤ ᠤᠷᠳᠤᠰ ᠢ ᠪᠦᠬᠦ ᠲᠠᠯ᠎ᠠ ᠪᠠᠷ ᠪᠠᠶᠢᠭᠤᠯᠵᠤ᠂ ᠠᠷᠠᠳ ᠲᠦᠮᠡᠨ ᠳᠤ ᠪᠦᠬᠦ | ᠤᠷᠤᠨ ᠪᠠᠶᠢᠷᠢ᠂ ᠪᠦᠬᠦ ᠦᠶᠡᠯᠡᠯ ᠤᠨ ᠬᠤᠭᠤᠴᠠᠭᠠᠨ ᠤ ᠡᠷᠡᠭᠦᠯ ᠮᠡᠨᠳᠤ ᠶᠢᠨ ᠪᠠᠳᠤᠯᠠᠭ᠎ᠠ ᠬᠠᠩᠭᠠᠨ᠎ᠠ᠃ ᠰᠤᠶᠤᠯ ᠢᠶᠠᠷ ᠠᠷᠠᠳ ᠢ ᠬᠠᠷᠠᠭᠠᠯᠵᠠᠬᠤ ᠭᠦᠴᠦᠯᠡᠴᠡ ᠶᠢ | ᠨᠡᠮᠡᠭᠳᠡᠭᠦᠯᠵᠤ᠂ ᠤᠯᠠᠨ ᠲᠦᠮᠡᠨ ᠤ ᠤᠶᠤᠨ ᠤ ᠰᠤᠶᠤᠯ ᠤᠨ ᠠᠮᠢᠳᠤᠷᠠᠯ ᠢ ᠲᠠᠰᠤᠷᠠᠯᠳᠠ ᠦᠬᠡᠢ ᠪᠠᠶᠠᠯᠢᠭᠵᠢᠭᠤᠯᠤᠨ᠎ᠠ᠃ ᠨᠡᠶᠢᠬᠡᠮ ᠤᠨ ᠪᠠᠳᠤᠯᠠᠭ᠎ᠠ ᠶᠢᠨ | ᠲᠤᠭᠳᠠᠯᠴᠠᠭ᠎ᠠ ᠶᠢ ᠲᠡᠭᠦᠯᠳᠡᠷᠵᠢᠭᠦᠯᠵᠤ᠂ ᠪᠦᠬᠦ ᠠᠷᠠᠳ ᠢ ᠪᠦᠷᠬᠦᠭᠰᠡᠨ᠂ ᠬᠤᠳᠠ ᠬᠦᠳᠡᠭᠡ ᠶᠢ ᠨᠢᠭᠡᠳᠤᠯᠲᠠᠢ ᠲᠦᠯᠦᠪᠯᠡᠭᠰᠡᠨ᠂ ᠡᠷᠬᠡ ᠬᠠᠷᠢᠭᠤᠴᠠᠯᠭ᠎ᠠ ᠨᠢ | ᠲᠤᠳᠤᠷᠬᠠᠢ᠂ ᠪᠠᠳᠤᠯᠠᠭ᠎ᠠ ᠨᠢ ᠵᠤᠬᠢᠰᠲᠠᠢ᠂ ᠦᠷᠭᠦᠯᠵᠢᠯᠡᠭᠰᠡᠨ ᠤᠯᠠᠨ ᠲᠡᠰ ᠲᠠᠪᠬᠤᠷᠭᠠᠨ ᠤ ᠨᠡᠶᠢᠬᠡᠮ ᠤᠨ ᠪᠠᠳᠤᠯᠠᠭ᠎ᠠ ᠶᠢᠨ ᠲᠤᠭᠳᠠᠯᠴᠠᠭ᠎ᠠ ᠶᠢ ᠪᠠᠶᠢᠭᠤᠯᠤᠨ᠎ᠠ᠃ | ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠢ ᠲᠡᠬᠡᠳᠤ ᠬᠡᠮᠵᠢᠶ᠎ᠡ ᠪᠠᠷ ᠴᠢᠬᠤᠯᠠᠴᠢᠯᠠᠵᠤ᠂ ᠵᠠᠰᠠᠭ ᠤᠨ ᠤᠷᠳᠤᠨ ᠤ ᠦᠷᠢ ᠰᠢᠷᠢ ᠶᠢ ᠢᠯᠭᠠᠷᠠᠭᠤᠯᠬᠤ ᠶᠢ | ᠲᠤᠪᠤᠶᠢᠯᠭᠠᠨ ᠰᠠᠶᠢᠳᠤᠷ ᠠᠳᠬᠤᠵᠤ᠂ ᠵᠠᠰᠠᠭ ᠤᠨ ᠤᠷᠳᠤᠨ ᠤ ᠦᠷᠢ ᠰᠢᠷᠢ ᠶᠢᠨ ᠨᠤᠷᠮ᠎ᠠ ᠶᠢ ᠪᠠᠭᠤᠷᠠᠭᠤᠯᠤᠭᠠᠳ ᠵᠤᠬᠢᠰᠲᠠᠢ ᠬᠢᠷᠢ ᠲᠦᠪᠰᠢᠨ ᠳᠤ ᠬᠦᠷᠬᠡᠬᠦ ᠶᠢ | ᠪᠠᠳᠤᠯᠠᠨ᠎ᠠ᠃ ᠨᠡᠶᠢᠬᠡᠮ ᠤᠨ ᠵᠠᠰᠠᠯᠳᠠ ᠶᠢᠨ ᠬᠡᠪ ᠵᠠᠭᠪᠤᠷ ᠤᠨ ᠰᠢᠨ᠎ᠡ ᠶᠢ ᠡᠭᠦᠳᠴᠤ᠂ ᠨᠡᠶᠢᠬᠡᠮ ᠤᠨ ᠵᠠᠰᠠᠯᠳᠠ ᠶᠢᠨ ᠲᠤᠭᠳᠠᠯᠴᠠᠭ᠎ᠠ ᠶᠢ ᠲᠡᠭᠦᠯᠳᠡᠷᠵᠢᠭᠦᠯᠵᠤ᠂ | ᠨᠡᠶᠢᠬᠡᠮ ᠤᠨ ᠶᠡᠭᠡ ᠲᠠᠯ᠎ᠠ ᠶᠢᠨ ᠡᠶ᠎ᠡ ᠵᠤᠬᠢᠴᠠᠯ ᠠᠮᠦᠷ ᠲᠤᠭᠳᠠᠭᠤᠨ ᠢ ᠬᠠᠮᠠᠭᠠᠯᠠᠨ᠎ᠠ᠃ ᠪᠦᠬᠦ ᠤᠯᠤᠰ ᠤᠨ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ | ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠵᠤ᠂ ᠡᠯ᠎ᠡ ᠦᠨᠳᠦᠰᠦᠳᠡᠨ ᠨᠦᠭᠦᠳ ᠬᠠᠮᠳᠤᠪᠠᠷ ᠪᠦᠯᠭᠦᠮᠳᠡᠨ ᠲᠡᠮᠡᠴᠡᠵᠤ᠂ ᠬᠠᠮᠳᠤᠪᠠᠷ ᠴᠡᠴᠡᠭᠯᠡᠨ ᠬᠦᠭᠵᠢᠭᠰᠡᠨ | ᠰᠠᠶᠢᠨ ᠰᠠᠶᠢᠬᠠᠨ ᠪᠠᠶᠢᠳᠠᠯ ᠢ ᠪᠠᠳᠤᠳᠬᠠᠨ᠎ᠠ᠃ | | ᠭᠤᠷᠪᠠ᠂ 2018 ᠤᠨ ᠤ ᠠᠵᠢᠯ ᠤᠨ ᠲᠤᠬᠢᠷᠠᠭᠤᠯᠤᠯᠳᠠ | | ᠡᠨᠡ ᠵᠢᠯ ᠪᠤᠯ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠦᠷᠢᠵᠢᠭᠤᠯᠬᠤ | ᠡᠬᠢᠯᠡᠯᠳᠡ ᠶᠢᠨ ᠵᠢᠯ ᠪᠤᠯᠬᠤ ᠪᠠᠷ ᠪᠠᠷᠠᠬᠤ ᠦᠬᠡᠢ ᠦᠬᠡᠷᠡᠴᠢᠯᠡᠯᠳᠡ ᠬᠢᠵᠤ ᠴᠢᠯᠤᠬᠡᠲᠠᠢ ᠶᠠᠪᠤᠯᠴᠠᠭᠰᠠᠨ 40 ᠵᠢᠯ ᠤᠨ ᠤᠢ ᠪᠤᠯᠤᠨ᠎ᠠ᠂ ᠮᠦᠨ ᠴᠣ᠋ ᠰᠢᠨ᠎ᠡ ᠨᠢᠬᠡᠨ | ᠬᠤᠭᠤᠴᠠᠭᠠᠨ ᠤ ᠵᠠᠰᠠᠭ ᠤᠨ ᠤᠷᠳᠤᠨ ᠤ ᠠᠵᠢᠯ ᠢᠶᠠᠨ ᠡᠬᠢᠯᠡᠭᠦᠯᠦᠨ ᠪᠠᠶᠢᠷᠢᠯᠠᠭᠤᠯᠤᠯᠳᠠ ᠬᠢᠵᠤ᠂ ᠵᠤᠷᠢᠭᠲᠠᠢ ᠪᠠᠷ ᠡᠭᠦᠷᠬᠡᠯᠡᠵᠤ ᠠᠮᠵᠢᠯᠳᠠ ᠭᠠᠷᠭᠠᠬᠤ | ᠡᠬᠢᠯᠡᠯᠳᠡ ᠶᠢᠨ ᠵᠢᠯ ᠪᠤᠯᠤᠨ᠎ᠠ᠃ ᠡᠨᠡ ᠵᠢᠯ ᠤᠨ ᠠᠵᠢᠯ ᠢ ᠰᠠᠶᠢᠳᠤᠷ ᠬᠢᠬᠦ ᠨᠢ ᠴᠢᠬᠤᠯᠠ ᠠᠴᠢ ᠬᠤᠯᠪᠤᠭᠳᠠᠯ ᠲᠠᠢ ᠶᠤᠮ᠃ ᠨᠢᠭᠡᠳᠤᠯᠲᠠᠢ ᠲᠦᠯᠦᠪᠯᠡᠨ | ᠪᠤᠳᠤᠯᠬᠢᠯᠠᠭᠠᠳ᠂ ᠲᠤᠭᠳᠠᠭᠠᠭᠰᠠᠨ ᠭᠤᠤᠯ ᠵᠢᠱᠢᠭᠰᠡᠨ ᠬᠠᠷᠠᠯᠳᠠ ᠪᠤᠯ᠄ ᠭᠠᠵᠠᠷ ᠤᠷᠤᠨ ᠤ ᠤᠶᠢᠯᠡᠳᠪᠦᠷᠢᠯᠡᠯ ᠤᠨ ᠶᠡᠷᠦᠩᠬᠡᠢ ᠦᠷᠳᠡᠭ ᠢ 6.5 % ᠤᠷᠴᠢᠮ | ᠢᠶᠠᠷ ᠨᠡᠮᠡᠭᠳᠡᠭᠦᠯᠵᠤ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠬᠦᠮᠦᠨ ᠲᠤᠮᠳᠠᠴᠢ ᠲᠤᠬᠢᠷᠠᠭᠤᠯᠵᠤ ᠪᠤᠯᠬᠤ ᠤᠷᠤᠯᠭ᠎ᠠ ᠶᠢ ᠲᠤᠰᠪᠤᠷᠢ 7.5% ᠤᠷᠴᠢᠮ | ᠢᠶᠠᠷ ᠨᠡᠮᠡᠭᠳᠡᠭᠦᠯᠦᠨ᠂ ᠬᠤᠳᠠ ᠪᠠᠯᠭᠠᠰᠤᠨ ᠤ ᠲᠠᠩᠰᠠᠯᠠᠭᠰᠠᠨ ᠠᠵᠢᠯ ᠠᠯᠳᠠᠯᠳᠠ ᠶᠢᠨ ᠨᠤᠷᠮ᠎ᠠ ᠶᠢ 3.1% ᠲᠤᠳᠤᠷ᠎ᠠ ᠬᠢᠵᠠᠭᠠᠷᠯᠠᠵᠤ᠂ ᠬᠠᠩᠭᠠᠯᠭ᠎ᠠ ᠶᠢᠨ | ᠲᠠᠯ᠎ᠠ ᠶᠢᠨ ᠪᠦᠲᠦᠴᠡ ᠶᠢᠨ ᠴᠢᠨᠠᠷᠲᠠᠢ ᠦᠬᠡᠷᠡᠴᠢᠯᠡᠯᠳᠡ ᠳᠤ ᠪᠤᠳᠠᠳᠠᠢ ᠠᠬᠢᠯᠳᠠ ᠲᠠᠢ ᠪᠣᠯᠵᠣ᠂ ᠡᠨᠧᠷᠬᠢ ᠠᠷᠪᠢᠯᠠᠨ ᠭᠠᠳᠠᠭᠰᠢᠯᠠᠭᠤᠯᠤᠯ ᠢ ᠪᠠᠭᠠᠰᠬᠠᠬᠤ ᠬᠠᠷᠠᠯᠳᠠ | ᠡᠭᠦᠷᠬᠡ ᠶᠢ ᠪᠡᠶᠡᠯᠡᠭᠦᠯᠵᠤ᠂ ᠡᠳ᠋ ᠤᠨ ᠵᠠᠰᠠᠭ ᠮᠦᠩᠭᠦᠨ ᠭᠦᠢᠯᠬᠡᠬᠡᠨ ᠤ ᠲᠦᠭᠰᠢᠭᠦᠷᠢ ᠶᠢ ᠪᠦᠲᠦᠮᠵᠢᠲᠠᠢ ᠰᠡᠷᠭᠡᠶᠢᠯᠡᠨ ᠡᠵᠡᠮᠰᠢᠵᠤ᠂ ᠵᠠᠰᠠᠭ ᠤᠨ ᠤᠷᠳᠤᠨ ᠤ ᠦᠷᠢ | ᠰᠢᠷᠢ ᠶᠢ ᠢᠯᠭᠠᠷᠠᠭᠤᠯᠵᠤ ᠵᠢᠯ ᠤᠨ ᠡᠭᠦᠷᠬᠡ ᠶᠢ ᠪᠡᠶᠡᠯᠡᠭᠦᠯᠦᠨ᠎ᠡ᠃ | ᠲᠡᠬᠡᠷ᠎ᠡ ᠲᠤᠷᠠᠳᠤᠭᠰᠠᠨ ᠬᠠᠷᠠᠯᠳᠠ ᠶᠢᠨ ᠲᠤᠭᠤᠷᠢᠨ ᠳᠤ᠂ ᠨᠠᠢᠮᠠᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠳᠤᠷ ᠬᠢᠨ᠎ᠡ᠃ | ︵ᠨᠢᠭᠡ︶ ᠬᠠᠩᠭᠠᠯᠭ᠎ᠠ ᠬᠡᠷᠡᠭᠴᠡᠭᠡ ᠶᠢ ᠴᠢᠩᠭᠠᠳᠬᠠᠨ ᠬᠠᠮᠳᠤᠪᠠᠷ ᠭᠦᠴᠦ ᠭᠠᠷᠭᠠᠵᠤ᠂ ᠠᠵᠤ ᠠᠬᠤᠢ ᠶᠢ ᠲᠤᠭᠳᠠᠭᠤᠨ ᠢᠶᠠᠷ ᠨᠡᠮᠡᠭᠳᠡᠭᠦᠯᠬᠦ ᠶᠢ | ᠪᠠᠳᠤᠯᠠᠨ᠎ᠠ᠃ | ᠪᠦᠲᠦᠮᠵᠢᠲᠠᠢ ᠪᠡᠯᠡ ᠤᠷᠤᠭᠤᠯᠤᠯᠳᠠ ᠶᠢ ᠦᠷᠭᠦᠯᠵᠢᠯᠡᠨ ᠦᠷᠬᠡᠳᠬᠡᠨ᠎ᠡ᠃ ᠳ᠋ᠦᠩᠰᠢᠭᠤᠷ ᠲᠦᠭᠦᠷᠢᠭ ᠠᠴᠠ ᠲᠡᠭᠡᠭᠰᠢᠬᠢ 233 ᠲᠦᠷᠦᠯ ᠤᠨ ᠴᠢᠬᠤᠯᠠ | ᠲᠤᠮᠤ ᠲᠦᠷᠦᠯ ᠵᠤᠶᠢᠯ ᠢ ᠬᠡᠷᠡᠭᠵᠢᠭᠦᠯᠵᠤ᠂ ᠬᠤᠸᠠ ᠰᠢᠩ ᠤᠨ ᠨᠡᠭᠦᠷᠡᠰᠤ ᠪᠠᠷ ᠬᠡᠢ ᠤᠶᠢᠯᠡᠳᠬᠦ᠂ ᠰᠢᠨ ᠮᠧᠩ ᠤᠨ ᠨᠡᠭᠦᠷᠡᠰᠤ ᠪᠠᠷ ᠬᠡᠢ ᠤᠶᠢᠯᠡᠳᠬᠦ᠂ ᠱᠠᠩᠬᠠᠢ | ᠶᠢᠨ ᠰᠦᠮ᠎ᠡ ᠠᠴᠠ ᠱᠠᠨᠳᠦ᠋ᠩ ᠬᠦᠷᠬᠦ ᠴᠠᠬᠢᠯᠭᠠᠨ ᠭᠦᠴᠦᠨ ᠢ ᠭᠠᠳᠠᠭᠰᠢ ᠲᠠᠮᠵᠢᠭᠤᠯᠬᠤ ᠵᠠᠮ ᠱᠤᠭᠤᠮ ᠤᠨ ᠢᠵᠢ ᠪᠦᠷᠢᠳᠦᠭᠦᠯᠦᠭᠰᠡᠨ ᠰᠢᠨ᠎ᠡ ᠡᠨᠧᠷᠬᠢ ᠶᠢᠨ | ᠲᠦᠯᠦᠪᠵᠢᠭᠦᠯᠬᠡ ᠵᠡᠷᠬᠡ ᠶᠢ ᠵᠦᠪᠰᠢᠶᠡᠷᠡᠭᠦᠯᠬᠦ ᠪᠠᠷ ᠢᠳᠡᠪᠬᠢᠲᠠᠢ ᠲᠡᠮᠡᠴᠡᠵᠤ᠂ ᠱᠧᠨ ᠬᠤᠸᠠ ᠶᠢᠨ ᠨᠡᠭᠦᠷᠡᠰᠤ ᠶᠢ ᠰᠢᠭᠤᠳ ᠰᠢᠩᠬᠡᠵᠢᠭᠦᠯᠬᠦ ᠬᠤᠶᠠᠳᠤᠭᠠᠷ | ᠭᠤᠷᠪᠠᠳᠤᠭᠠᠷ ᠱᠤᠭᠤᠮ᠂ ᠤᠯᠤᠰ ᠤᠨ ᠴᠠᠬᠢᠯᠭᠠᠨ ᠭᠦᠴᠦᠨ ᠤ ᠪᠡᠯᠡ ᠤᠷᠤᠭᠤᠯᠤᠯᠳᠠ ᠶᠢᠨ ᠪᠦᠯᠦᠭᠯᠡᠯᠳᠤ ᠺᠤᠮᠫᠠᠨᠢ ᠶᠢᠨ ᠠᠯᠺᠧᠨ᠂ ᠤᠷᠳᠤᠰ ᠠᠴᠠ ᠠᠨ ᠫᠢᠩ | ᠼᠠᠩᠵᠸᠤ ᠬᠦᠷᠬᠦ ᠬᠡᠢ ᠲᠠᠮᠵᠢᠭᠤᠯᠬᠤ ᠬᠤᠭᠤᠯᠠᠢ ᠵᠡᠷᠬᠡ ᠠᠵᠤ ᠤᠶᠢᠯᠡᠳᠪᠦᠷᠢ ᠶᠢᠨ ᠲᠦᠷᠦᠯ ᠵᠤᠶᠢᠯ ᠤᠨ ᠪᠦᠲᠦᠬᠡᠨ ᠪᠠᠶᠢᠭᠤᠯᠤᠯᠳᠠ ᠶᠢ ᠠᠬᠢᠭᠤᠯᠤᠨ᠎ᠠ︔ | ᠤᠶᠢᠯᠡᠴᠢᠯᠡᠬᠡᠨ ᠤ ᠤᠶᠢᠯᠡᠰ ᠤᠨ 100 ᠭᠤᠤᠯᠳᠠᠯᠭ᠎ᠠ ᠲᠠᠢ ᠲᠦᠷᠦᠯ ᠵᠤᠶᠢᠯ ᠢ ᠬᠡᠷᠡᠭᠵᠢᠭᠦᠯᠵᠤ᠂ ᠪᠡᠯᠡ ᠤᠷᠤᠭᠤᠯᠤᠯᠳᠠ ᠶᠢ 80 ᠳ᠋ᠦᠩᠰᠢᠭᠤᠷ ᠲᠦᠭᠦᠷᠢᠭ | ᠠᠴᠠ ᠲᠡᠭᠡᠭᠰᠢ ᠪᠡᠶᠡᠯᠡᠭᠦᠯᠵᠤ᠂ ᠤᠶᠢᠯᠡᠴᠢᠯᠡᠬᠡᠨ ᠤ ᠤᠶᠢᠯᠡᠰ ᠤᠨ ᠪᠡᠯᠡ ᠤᠷᠤᠭᠤᠯᠤᠯᠳᠠ ᠶᠢ ᠲᠦᠷᠬᠡᠨ ᠢᠶᠠᠷ ᠨᠡᠮᠡᠭᠳᠡᠭᠦᠯᠦᠨ᠎ᠡ︔ ᠳ᠋ᠦᠩᠱᠧᠩ ᠠᠴᠠ ᠦᠬᠠᠢ | ᠬᠦᠷᠬᠦ ᠪᠠ ᠪᠤᠭᠤᠳᠤ ᠠᠴᠠ ᠰᠢ ᠠᠨ ᠬᠦᠷᠬᠦ ᠲᠡᠮᠦᠷ ᠵᠠᠮ ᠤᠨ ᠬᠤᠯᠪᠤᠭᠠᠨ ᠤ ᠱᠤᠭᠤᠮ ᠵᠡᠷᠬᠡ 12 ᠲᠦᠷᠦᠯ ᠤᠨ ᠭᠤᠤᠯᠳᠠᠯᠭ᠎ᠠ ᠲᠠᠢ ᠲᠡᠮᠦᠷ ᠵᠠᠮ ᠪᠠ | ᠪᠤᠭᠤᠳᠤ ᠠᠴᠠ ᠮᠤᠤ ᠮᠢᠩ ᠬᠦᠷᠬᠦ ᠲᠡᠬᠡᠳᠤ ᠬᠤᠷᠳᠤᠴᠠᠳᠤ ᠵᠠᠰᠠᠮᠠᠯ ᠵᠠᠮ ᠤᠨ 4 ᠲᠡᠷᠬᠡᠨ ᠵᠠᠮ ᠢ 8 ᠪᠤᠯᠭᠠᠨ ᠦᠬᠡᠷᠡᠴᠢᠯᠡᠨ ᠪᠠᠶᠢᠭᠤᠯᠬᠤ᠂ ᠦᠤᠰᠢᠨ ᠬᠤᠰᠢᠭᠤ | ᠠᠴᠠ ᠤᠳᠤᠭ ᠬᠤᠰᠢᠭᠤ ᠬᠦᠷᠬᠦ ᠵᠡᠷᠬᠡ 14 ᠲᠦᠷᠦᠯ ᠤᠨ ᠭᠤᠤᠯᠳᠠᠯᠭ᠎ᠠ ᠲᠠᠢ ᠵᠠᠰᠠᠮᠠᠯ ᠵᠠᠮ ᠤᠨ ᠲᠦᠷᠦᠯ ᠵᠤᠶᠢᠯ ᠢ ᠬᠡᠷᠡᠭᠵᠢᠭᠦᠯᠵᠤ᠂ ᠬᠠᠩᠬᠢᠨ ᠬᠤᠰᠢᠭᠤ | ᠵᠡᠷᠬᠡ ᠨᠡᠶᠢᠳᠡᠮ ᠬᠡᠷᠡᠭᠯᠡᠬᠡᠨ ᠤ ᠨᠢᠰᠬᠡᠯ ᠤᠨ ᠪᠠᠭᠤᠳᠠᠯ ᠢ ᠪᠠᠷᠢᠯᠭ᠎ᠠ ᠡᠬᠢᠯᠡᠭᠦᠯᠦᠨ ᠪᠦᠲᠦᠬᠡᠨ ᠪᠠᠶᠢᠭᠤᠯᠵᠤ᠂ ᠬᠤᠨᠢᠴᠢᠨᠭᠤᠤᠯ᠂ ᠦᠤᠰᠢᠨ ᠤ 500 | ᠺᠢᠯᠤᠸᠤᠯᠲ ᠤᠨ ᠴᠠᠬᠢᠯᠭᠠᠨ ᠲᠠᠮᠵᠢᠭᠤᠯᠵᠤ ᠭᠦᠴᠦᠳᠡᠯ ᠦᠬᠡᠷᠡᠴᠢᠯᠡᠬᠦ ᠪᠠ ᠬᠤᠳᠠ ᠶᠢᠨ ᠴᠠᠬᠢᠯᠭᠠᠨ ᠲᠦᠬᠡᠬᠡᠬᠦ ᠲᠤᠤᠷ ᠵᠡᠷᠬᠡ ᠢᠨᠵᠧᠨᠧᠷᠢᠩ ᠢ ᠬᠡᠷᠡᠭᠵᠢᠭᠦᠯᠵᠤ᠂ | ᠬᠠᠳᠤᠨ ᠭᠤᠤᠯ ᠤᠨ ᠤᠷᠳᠤᠰ ᠲᠠᠬᠢ ᠬᠡᠰᠡᠭ ᠤᠨ ᠬᠤᠶᠠᠳᠤᠭᠠᠷ ᠬᠤᠭᠤᠴᠠᠭᠠᠨ ᠤ ᠦᠶᠡᠷ ᠰᠡᠷᠭᠡᠶᠢᠯᠡᠬᠦ᠂ ᠪᠠᠷᠠᠭᠤᠨ ᠬᠤᠶᠢᠳᠤ ᠶᠢᠨ ᠤᠰᠤ ᠠᠷᠪᠢᠯᠠᠵᠤ ᠦᠷ᠎ᠡ | ᠠᠰᠢᠭ ᠢ ᠨᠡᠮᠡᠭᠳᠡᠭᠦᠯᠬᠦ᠂ ᠬᠦᠬᠡᠰᠢᠨᠠᠭᠠ ᠶᠢᠨ ᠤᠰᠤᠨ ᠴᠦᠭᠦᠷᠤᠮ ᠤᠨ ᠲᠦᠭᠰᠢᠭᠦᠷᠢ ᠶᠢ ᠠᠷᠢᠯᠭᠠᠨ ᠪᠠᠬᠢᠵᠢᠭᠦᠯᠬᠦ ᠵᠡᠷᠬᠡ ᠭᠤᠤᠯᠳᠠᠯᠭ᠎ᠠ ᠲᠠᠢ ᠤᠰᠤᠨ ᠠᠰᠢᠭᠯᠠᠯᠳᠠ | ᠶᠢᠨ ᠲᠦᠷᠦᠯ ᠵᠤᠶᠢᠯ ᠢ ᠠᠬᠢᠭᠤᠯᠤᠨ᠎ᠠ᠃ ᠠᠷᠠᠳ ᠤᠨ ᠪᠡᠯᠡ ᠤᠷᠤᠭᠤᠯᠤᠯᠳᠠ ᠶᠢ ᠪᠦᠲᠦᠮᠵᠢᠲᠠᠢ ᠵᠤᠷᠢᠭᠵᠢᠭᠤᠯᠵᠤ᠂ ᠠᠷᠠᠳ ᠤᠨ ᠡᠵᠡᠩᠨᠡᠯ ᠤᠨ ᠬᠦᠷᠦᠩᠬᠡ ᠶᠢ | ᠨᠡᠩ ᠤᠯᠠᠨ ᠬᠦᠷᠢᠶ᠎ᠡ ᠬᠡᠪᠴᠢᠶᠡᠨ ᠳᠤ ᠬᠠᠤᠯᠢ ᠶᠤᠰᠤᠭᠠᠷ ᠤᠷᠤᠭᠤᠯᠬᠤ ᠶᠢ ᠲᠡᠮᠵᠢᠵᠤ᠂ ᠠᠷᠠᠳ ᠤᠨ ᠪᠡᠯᠡ ᠤᠷᠤᠭᠤᠯᠤᠯᠳᠠ ᠶᠢ ᠵᠤᠬᠢᠰᠲᠠᠢ ᠪᠠᠷ ᠨᠡᠮᠡᠭᠳᠡᠭᠦᠯᠬᠦ | ᠶᠢ ᠠᠬᠢᠭᠤᠯᠤᠨ᠎ᠠ᠃ | ᠠᠵᠤ ᠤᠶᠢᠯᠡᠳᠪᠦᠷᠢ ᠶᠢᠨ ᠬᠠᠩᠭᠠᠯᠭ᠎ᠠ ᠶᠢᠨ ᠶᠠᠰᠤ ᠴᠢᠨᠠᠷ ᠢ ᠲᠡᠭᠡᠭᠰᠢᠯᠡᠭᠦᠯᠦᠨ᠎ᠡ᠃ ᠨᠡᠭᠦᠷᠡᠰᠤᠨ ᠤ ᠠᠵᠢᠯ ᠲᠦᠷᠦᠯ ᠤᠨ ᠶᠡᠷᠦᠩᠬᠡᠶᠢᠯᠡᠭᠰᠡᠨ | ᠦᠷᠢᠰᠦᠯᠳᠦᠬᠦ ᠭᠦᠴᠦᠨ ᠢ ᠲᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭᠠᠨ ᠤ ᠲᠦᠯᠦᠪᠯᠡᠭᠡ ᠶᠢ ᠡᠬᠢᠯᠡᠭᠦᠯᠵᠤ᠂ ᠲᠤᠮᠤ ᠬᠡᠯᠪᠡᠷᠢ ᠶᠢᠨ ᠨᠡᠭᠦᠷᠡᠰᠤᠨ ᠤ ᠠᠵᠤ | ᠠᠬᠤᠶᠢᠯᠠᠯ ᠢ ᠲᠠᠮᠵᠢᠨ ᠲᠡᠷᠢᠭᠦᠨ ᠤ ᠤᠶᠢᠯᠡᠳᠪᠦᠷᠢᠯᠡᠯ ᠤᠨ ᠴᠢᠳᠠᠪᠦᠷᠢ ᠶᠢ ᠢᠯᠭᠠᠷᠠᠭᠤᠯᠵᠤ᠂ ᠨᠡᠭᠦᠷᠡᠰᠤᠨ ᠤ ᠤᠶᠢᠯᠡᠳᠪᠦᠷᠢᠯᠡᠯ ᠪᠤᠷᠤᠯᠠᠭᠤᠯᠭ᠎ᠠ ᠶᠢᠨ ᠬᠡᠮᠵᠢᠶ᠎ᠡ ᠶᠢ 6 | ᠳ᠋ᠦᠩᠰᠢᠭᠤᠷ ᠲᠤᠨ ᠠᠴᠠ ᠲᠡᠭᠡᠭᠰᠢ ᠳᠤ ᠲᠤᠭᠳᠠᠪᠦᠷᠢᠵᠢᠭᠤᠯᠤᠨᠠ᠃ ᠴᠠᠬᠢᠯᠭᠠᠨ ᠭᠦᠴᠦᠨ ᠤ ᠵᠠᠮ ᠱᠤᠭᠤᠮ ᠤᠨ ᠢᠵᠢ ᠪᠦᠷᠢᠳᠦᠭᠦᠯᠦᠭᠰᠡᠨ ᠴᠠᠬᠢᠯᠭᠠᠨ ᠡᠭᠦᠰᠬᠡᠬᠦ | ᠴᠢᠭ ᠤᠨ ᠪᠦᠲᠦᠬᠡᠨ ᠪᠠᠶᠢᠭᠤᠯᠤᠯᠳᠠ ᠶᠢ ᠲᠦᠷᠬᠡᠳᠬᠡᠵᠤ᠂ ᠢᠯᠴᠢ ᠶᠢᠨ ᠴᠠᠬᠢᠯᠭᠠᠨ ᠤ ᠮᠠᠰᠢᠨ ᠴᠤᠭᠴᠠᠯᠠᠪᠤᠷᠢ ᠶᠢ ᠰᠢᠨ᠎ᠡ ᠪᠠᠷ 35 ᠲᠦᠮᠡᠨ ᠺᠢᠯᠤᠸᠠᠲ | ᠨᠡᠮᠡᠭᠳᠡᠭᠦᠯᠦᠨ᠎ᠡ᠃ ᠱᠧᠨ ᠬᠤᠸᠠ ᠶᠢᠨ ᠨᠤᠨᠳᠠᠭ ᠨᠡᠭᠦᠷᠡᠰᠤᠨ ᠦᠨᠡᠰᠤ ᠠᠴᠠ ᠢᠰᠦᠯᠳᠦᠭᠰᠡᠨ ᠬᠦᠩᠬᠡᠨ ᠴᠠᠭᠠᠨ ᠪᠤᠯᠪᠠᠰᠤᠷᠠᠭᠤᠯᠬᠤ ᠲᠦᠷᠦᠯ ᠵᠤᠶᠢᠯ ᠢ ᠪᠠᠷᠢᠯᠭ᠎ᠠ | ᠡᠬᠢᠯᠡᠭᠦᠯᠦᠨ ᠪᠦᠲᠦᠬᠡᠨ ᠪᠠᠶᠢᠭᠤᠯᠵᠤ᠂ ᠮᠧᠩ ᠲᠠᠢ ᠶᠢᠨ ᠬᠦᠩᠬᠡᠨ ᠴᠠᠭᠠᠨ ᠬᠠᠪᠳᠠᠰᠤ ᠵᠡᠷᠬᠡ ᠲᠦᠷᠦᠯ ᠵᠤᠶᠢᠯ ᠢ ᠪᠠᠶᠢᠭᠤᠯᠤᠨ ᠲᠠᠭᠤᠰᠬᠠᠵᠤ ᠠᠰᠢᠭᠯᠠᠯᠳᠠ ᠳᠤ | ᠤᠷᠤᠭᠤᠯᠬᠤ ᠶᠢ ᠪᠠᠳᠤᠯᠠᠨ᠎ᠠ᠃ ᠢ ᠲᠠᠢ ᠶᠢᠨ 200 ᠲᠦᠮᠡᠨ ᠲᠤᠨ ᠤ ᠨᠡᠭᠦᠷᠡᠰᠤ ᠪᠠᠷ ᠲᠤᠰᠤ ᠤᠶᠢᠯᠡᠳᠬᠦ᠂ ᠪᠡᠬᠡᠵᠢᠩ ᠤᠨ ᠬᠤᠪᠢ ᠡᠷᠬᠡᠰᠢᠶᠡᠬᠦ ᠬᠢᠵᠠᠭᠠᠷᠳᠤ | ᠺᠤᠮᠫᠠᠨᠢ ᠶᠢᠨ 40 ᠳ᠋ᠦᠩᠰᠢᠭᠤᠷ ᠪᠤᠰᠤᠭ᠎ᠠ ᠲᠦᠷᠪᠡᠯᠵᠢᠨ ᠮᠧᠲᠷ ᠤᠨ ᠨᠡᠭᠦᠷᠡᠰᠤ ᠪᠠᠷ ᠬᠡᠢ ᠤᠶᠢᠯᠡᠳᠬᠦ᠂ ᠵᠢᠤ ᠲᠠᠢ ᠶᠢᠨ 60 ᠲᠦᠮᠡᠨ ᠲᠤᠨ ᠮᠧᠲ᠋ᠢᠯ ᠠᠯᠺᠤᠤᠯ | ᠢᠶᠠᠷ ᠠᠯᠺᠧᠨ ᠤᠶᠢᠯᠡᠳᠬᠦ ᠵᠡᠷᠬᠡ ᠲᠦᠷᠦᠯ ᠵᠤᠶᠢᠯ ᠤᠨ ᠪᠦᠲᠦᠬᠡᠨ ᠪᠠᠶᠢᠭᠤᠯᠤᠯᠳᠠ ᠶᠢ ᠲᠦᠷᠬᠡᠳᠬᠡᠵᠤ᠂ ᠰᠢᠨ ᠨᠧᠩ ᠤᠨ ᠲᠤᠭᠳᠠᠩᠭᠤᠢ ᠬᠦᠩᠬᠡᠨ ᠨᠡᠭᠦᠷᠦᠭᠴᠢ᠂ | ᠢ ᠭᠤᠤ ᠶᠢᠨ ᠨᠡᠶᠢᠯᠡᠯᠬᠡ ᠬᠡᠢ ᠪᠠᠷ ᠡᠲ᠋ᠠ ᠬᠤᠶᠠᠷᠴᠢ ᠠᠯᠺᠤᠤᠯ ᠣᠶᠢᠯᠡᠳᠬᠦ ᠵᠡᠷᠬᠡ ᠲᠦᠷᠦᠯ ᠵᠤᠶᠢᠯ ᠢ ᠪᠠᠶᠢᠭᠤᠯᠤᠨ ᠲᠠᠭᠤᠰᠬᠠᠵᠤ ᠠᠰᠢᠭᠯᠠᠯᠳᠠ ᠳᠤ | ᠤᠷᠤᠭᠤᠯᠬᠤ ᠶᠢ ᠪᠠᠳᠤᠯᠠᠵᠤ᠂ ᠦᠵᠦᠭᠦᠷ ᠲᠡᠰ ᠤᠨ ᠨᠡᠭᠦᠷᠡᠰᠤᠨ ᠤ ᠬᠢᠮᠢ ᠶᠢᠨ ᠠᠵᠤ ᠤᠶᠢᠯᠡᠳᠪᠦᠷᠢ ᠶᠢᠨ ᠣᠶᠢᠯᠡᠳᠪᠦᠷᠢᠯᠡᠯ ᠤᠨ ᠴᠢᠳᠠᠪᠦᠷᠢ ᠶᠢ ᠰᠢᠨ᠎ᠡ ᠪᠠᠷ | 110 ᠲᠦᠮᠡᠨ ᠲᠤᠨ ᠨᠡᠮᠡᠭᠳᠡᠭᠦᠯᠦᠨ᠎ᠡ᠃ ᠲᠤᠮᠳᠠᠳᠤ ᠤᠯᠤᠰ ᠤᠨ ᠴᠢᠯᠠᠭᠤᠨ ᠲᠤᠰᠤᠨ ᠤ ᠬᠢᠮᠢ ᠶᠢᠨ ᠠᠵᠤ ᠤᠶᠢᠯᠡᠳᠪᠦᠷᠢ ᠶᠢᠨ ᠪᠦᠯᠦᠭᠯᠡᠯᠳᠤ ᠺᠤᠮᠫᠠᠨᠢ ᠵᠡᠷᠬᠡ | ᠠᠵᠤ ᠠᠬᠤᠶᠢᠯᠠᠯ ᠲᠠᠢ ᠪᠠᠶᠢᠭᠠᠯᠢ ᠶᠢᠨ ᠰᠢᠳᠠᠮᠠᠬᠠᠢ ᠬᠡᠢ ᠶᠢ ᠬᠠᠶᠢᠨ ᠰᠢᠨᠵᠢᠵᠤ ᠨᠡᠬᠡᠬᠡᠯᠳᠡ ᠬᠢᠬᠦ ᠬᠦᠷᠢᠶ᠎ᠡ ᠬᠡᠪᠴᠢᠶᠡᠨ ᠤ ᠬᠠᠮᠳᠤᠷᠠᠯᠴᠠᠭ᠎ᠠ ᠶᠢ ᠴᠢᠩᠭᠠᠳᠬᠠᠵᠤ᠂ | ᠪᠠᠶᠢᠭᠠᠯᠢ ᠶᠢᠨ ᠰᠢᠳᠠᠮᠠᠬᠠᠢ ᠬᠡᠢ ᠶᠢᠨ ᠭᠠᠷᠤᠯᠳᠠ ᠶᠢ ᠲᠤᠭᠳᠠᠭᠤᠨ ᠢᠶᠠᠷ ᠲᠡᠭᠡᠭᠰᠢᠯᠡᠭᠦᠯᠵᠤ᠂ CNG᠂ LNG ᠤᠨ ᠠᠵᠤ ᠤᠶᠢᠯᠡᠰ ᠢ ᠶᠡᠬᠡᠪᠡᠷ ᠬᠦᠭᠵᠢᠭᠦᠯᠦᠨ᠎ᠡ᠃ | ᠢᠮᠠᠭᠠᠨ ᠨᠤᠯᠤᠤᠷ ᠤᠨ ᠠᠵᠤ ᠤᠶᠢᠯᠡᠰ ᠢ ᠬᠦᠭᠵᠢᠭᠦᠯᠦᠨ ᠮᠠᠨᠳᠤᠭᠤᠯᠬᠤ ᠲᠦᠯᠦᠪᠯᠡᠭᠡ ᠶᠢ ᠬᠦᠨᠵᠡᠬᠡᠢ ᠬᠡᠷᠡᠭᠵᠢᠭᠦᠯᠵᠤ᠂ ︽ᠤᠷᠳᠤᠰ︾ ᠨᠠᠷᠠᠮᠵᠢᠳᠤ ᠦᠨᠳᠦᠰᠦᠳᠡᠨ | ᠤ ᠨᠡᠷᠡᠳᠤ ᠲᠡᠮᠳᠡᠭ ᠢ ᠰᠠᠶᠢᠳᠤᠷ ᠬᠠᠮᠠᠭᠠᠯᠠᠨ᠎ᠠ᠃ PVC᠂ ᠲᠡᠮᠦᠷᠯᠢᠭ ᠬᠠᠶᠢᠯᠤᠭᠤᠯᠬᠤ᠂ ᠸᠠᠭᠠᠷ ᠱᠠᠭᠠᠵᠠᠩ᠂ ᠼᠧᠮᠧᠨ᠋ᠲ ᠵᠡᠷᠬᠡ ᠠᠵᠤ ᠤᠶᠢᠯᠡᠰ ᠢ ᠦᠬᠡᠷᠡᠴᠢᠯᠡᠨ | ᠲᠡᠰ ᠲᠡᠪᠰᠢᠭᠦᠯᠬᠦ ᠶᠢ ᠠᠬᠢᠭᠤᠯᠵᠤ᠂ ᠬᠤᠪᠠᠨᠴᠢᠷ ᠰᠢᠷᠬᠡᠭ᠂ ᠤᠨᠴᠠᠭᠠᠢ ᠪᠤᠯᠤᠤᠨ ᠮᠠᠲ᠋ᠧᠷᠢᠶᠠᠯ᠂ ᠪᠡᠯᠡᠭ ᠤᠨ ᠸᠠᠭᠠᠷ ᠱᠠᠭᠠᠵᠠᠩ᠂ ᠰᠢᠨ᠎ᠡ ᠬᠡᠯᠪᠡᠷᠢ ᠶᠢᠨ ᠪᠠᠷᠢᠯᠭ᠎ᠠ | ᠶᠢᠨ ᠮᠠᠲ᠋ᠧᠷᠢᠶᠠᠯ ᠵᠡᠷᠬᠡ ᠦᠵᠦᠭᠦᠷ ᠲᠡᠰ ᠤᠨ ᠣᠶᠢᠯᠡᠳᠭᠦᠨ ᠢ ᠨᠡᠬᠡᠬᠡᠵᠤ᠂ ᠤᠯᠠᠮᠵᠢᠯᠠᠯᠳᠤ ᠠᠵᠤ ᠤᠶᠢᠯᠡᠰ ᠢ ᠲᠠᠭᠠᠭᠤᠯᠤᠨ ᠲᠦᠷᠦᠯ ᠵᠤᠶᠢᠯ ᠤᠨ ᠰᠢᠨ᠎ᠡ ᠶᠢ | ᠡᠭᠦᠳᠴᠤ᠂ ᠴᠢᠨᠠᠷ ᠲᠡᠰ ᠢ ᠲᠡᠭᠡᠭᠰᠢᠯᠡᠭᠦᠯᠵᠤ᠂ ᠨᠡᠷᠡᠳᠤ ᠲᠡᠮᠳᠡᠭ ᠢ ᠪᠤᠶᠢᠵᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠪᠠ ᠵᠠᠬ᠎ᠠ | ᠲᠡᠯᠬᠡᠭᠦᠷ ᠤᠨ ᠦᠷᠢᠰᠦᠯᠳᠦᠬᠦ ᠭᠦᠴᠦᠨ ᠢ ᠲᠡᠭᠡᠭᠰᠢᠯᠡᠭᠦᠯᠦᠨ᠎ᠡ᠃ | ᠬᠡᠷᠡᠭᠯᠡᠬᠡᠨ ᠤ ᠰᠠᠭᠤᠷᠢ ᠤᠶᠢᠯᠡᠳᠤᠯ ᠢ ᠪᠠᠳᠠᠷᠠᠭᠤᠯᠤᠨ᠎ᠠ᠃ ᠤᠯᠠᠨ ᠲᠦᠮᠡᠨ ᠤ ᠬᠡᠷᠡᠭᠯᠡᠬᠡᠨ ᠤ ᠤᠯᠠᠨ ᠶᠠᠩᠵᠤ ᠬᠡᠯᠪᠡᠷᠢ᠂ ᠦᠪᠡᠷᠮᠢᠴᠡ ᠤᠨᠴᠠᠯᠢᠭ ᠲᠠᠢ | ᠬᠡᠷᠡᠭᠴᠡᠭᠡ ᠱᠠᠭᠠᠷᠳᠠᠯᠭ᠎ᠠ ᠳᠤ ᠵᠤᠬᠢᠴᠠᠭᠤᠯᠵᠤ᠂ ᠬᠠᠮᠳᠤᠪᠠᠷ ᠡᠳ᠋ᠯᠡᠬᠦ ᠠᠵᠤ ᠠᠬᠤᠢ᠂ ᠡᠷᠡᠭᠦᠯᠵᠢᠯ ᠪᠡᠶ᠎ᠡ ᠰᠤᠪᠢᠯᠠᠬᠤ᠂ ᠮᠡᠳᠡᠭᠡ ᠵᠠᠩᠬᠢ ᠶᠢᠨ ᠤᠶᠢᠯᠡᠴᠢᠯᠡᠭᠡ᠂ | ᠬᠦᠮᠦᠵᠢᠭᠦᠯᠦᠨ ᠪᠤᠯᠪᠠᠰᠤᠷᠠᠭᠤᠯᠬᠤ᠂ ᠪᠦᠲᠦᠭᠡᠯᠴᠢ ᠲᠦᠰᠦᠪᠯᠡᠯ ᠤᠨ ᠵᠢᠷᠤᠭ ᠲᠦᠯᠦᠪᠯᠡᠭᠡ᠂ ᠪᠡᠶ᠎ᠡ ᠪᠤᠯᠪᠠᠰᠤᠷᠠᠭᠤᠯᠬᠤ ᠰᠡᠯᠡᠭᠦᠴᠡᠬᠦ ᠵᠡᠷᠬᠡ ᠰᠢᠨ᠎ᠡ ᠬᠡᠯᠪᠡᠷᠢ ᠶᠢᠨ | ᠬᠡᠷᠡᠭᠯᠡᠬᠡᠨ ᠤ ᠡᠵᠡᠩᠨᠡᠯᠳᠡ ᠶᠢᠨ ᠬᠡᠯᠪᠡᠷᠢ ᠶᠢᠨ ᠬᠦᠭᠵᠢᠯᠳᠡ ᠶᠢ ᠲᠦᠷᠬᠡᠳᠬᠡᠵᠤ᠂ ᠬᠡᠷᠡᠭᠯᠡᠬᠡᠨ ᠤ ᠰᠢᠨ᠎ᠡ ᠬᠠᠯᠠᠮᠰᠢᠯ ᠴᠢᠭ ᠢ ᠢᠳᠡᠪᠬᠢᠲᠠᠢ ᠪᠤᠶᠢᠵᠢᠭᠤᠯᠵᠤ᠂ | ᠤᠯᠤᠰ ᠤᠨ ᠰᠤᠶᠤᠯ ᠤᠨ ᠬᠡᠷᠡᠭᠯᠡᠬᠡᠨ ᠤ ᠲᠤᠷᠰᠢᠯᠳᠠ ᠶᠢᠨ ᠴᠢᠭ ᠤᠨ ᠬᠤᠳᠠ ᠶᠢ ᠪᠦᠲᠦᠬᠡᠨ ᠪᠠᠶᠢᠭᠤᠯᠤᠨ᠎ᠠ᠃ ᠸᠠᠨ ᠳ᠋ᠠ ᠬᠤᠳᠠ ᠶᠢᠨ ᠠᠭᠤᠳᠠᠮ ᠲᠠᠯᠠᠪᠠᠢ ᠶᠢ | ᠡᠬᠢᠯᠡᠨ ᠪᠦᠲᠦᠬᠡᠨ ᠪᠠᠶᠢᠭᠤᠯᠵᠤ᠂ ᠸᠤᠯᠮᠠᠷᠲ᠂ ᠸᠠᠩ ᠹᠦ᠋ ᠵᠢᠩ᠂ ᠬᠤ᠋ ᠨᠧᠩ ᠠᠭᠤᠳᠠᠮ ᠲᠠᠯᠠᠪᠠᠢ ᠵᠡᠷᠬᠡ ᠲᠤᠮᠤ ᠬᠡᠯᠪᠡᠷᠢ ᠶᠢᠨ ᠶᠡᠷᠦᠩᠬᠡᠶᠢᠯᠡᠭᠰᠡᠨ ᠬᠤᠳᠠᠯᠳᠤᠭᠠᠨ | ᠤ ᠴᠤᠭᠴᠠ ᠶᠢᠨ ᠬᠦᠭᠵᠢᠯᠳᠡ ᠶᠢᠨ ᠬᠢᠷᠢ ᠲᠦᠪᠰᠢᠨ ᠢ ᠲᠡᠭᠡᠭᠰᠢᠯᠡᠭᠦᠯᠦᠨ᠎ᠡ᠃ ᠠᠷᠠᠯᠵᠢᠶ᠎ᠠ ᠬᠤᠳᠠᠯᠳᠤᠭᠠᠨ ᠤ ᠭᠦᠢᠯᠬᠡᠬᠡᠨ ᠤ ᠤᠶᠢᠯᠡᠰ ᠢ ᠰᠦᠯᠵᠢᠶᠡᠨ ᠲᠡᠬᠡᠷ᠎ᠡ | ᠰᠦᠯᠵᠢᠶᠡᠨ ᠤ ᠭᠠᠳᠠᠨ᠎ᠠ ᠠᠭᠤᠰᠤᠯᠴᠠᠭᠤᠯᠤᠨ ᠬᠦᠳᠡᠯᠦᠯᠴᠡᠬᠦ ᠶᠢ ᠠᠬᠢᠭᠤᠯᠵᠤ᠂ ᠨᠢᠭᠡ ᠪᠦᠯᠦᠭ ᠰᠢᠨ᠎ᠡ ᠬᠡᠯᠪᠡᠷᠢ ᠶᠢᠨ ᠤᠶᠤᠨᠴᠢᠯᠠᠭᠰᠠᠨ ᠬᠤᠳᠠᠯᠳᠤᠭᠠᠨ ᠤ | ᠲᠤᠭᠤᠷᠢᠭ ᠢ ᠪᠠᠶᠢᠭᠤᠯᠤᠨ᠎ᠠ᠃ ᠲᠠᠸᠠᠷ ᠤᠨ ᠲᠡᠮᠳᠡᠭ ᠢ ᠨᠡᠷᠡᠳᠤ ᠲᠡᠮᠳᠡᠭᠴᠢᠯᠡᠬᠦ ᠪᠠᠶᠢᠯᠳᠤᠬᠤ ᠪᠤᠳᠤᠯᠭ᠎ᠠ ᠶᠢ ᠬᠦᠨᠵᠡᠬᠡᠢ ᠬᠡᠷᠡᠭᠵᠢᠭᠦᠯᠵᠤ᠂ ᠶᠠᠰᠤ ᠴᠢᠨᠠᠷ ᠢ | ᠲᠡᠭᠡᠭᠰᠢᠯᠡᠭᠦᠯᠬᠦ ᠠᠵᠢᠯᠯᠠᠭ᠎ᠠ ᠶᠢ ᠦᠷᠨᠢᠭᠦᠯᠦᠨ᠎ᠡ᠃ ᠬᠤᠳᠠ ᠬᠦᠳᠡᠭᠡ ᠶᠢᠨ ᠭᠦᠢᠯᠬᠡᠬᠡᠨ ᠤ ᠰᠦᠯᠵᠢᠶ᠎ᠡ ᠶᠢᠨ ᠪᠠᠶᠢᠭᠤᠯᠤᠯᠳᠠ ᠶᠢ ᠲᠦᠷᠬᠡᠳᠬᠡᠵᠤ᠂ ᠬᠠᠩᠭᠠᠨ | ᠪᠤᠷᠤᠯᠠᠭᠤᠯᠬᠤ ᠬᠤᠷᠰᠢᠶ᠎ᠠ ᠶᠢᠨ ᠶᠡᠷᠦᠩᠬᠡᠶᠢᠯᠡᠭᠰᠡᠨ ᠦᠬᠡᠷᠡᠴᠢᠯᠡᠯᠳᠡ ᠶᠢ ᠬᠦᠨᠵᠡᠬᠡᠶᠢᠷᠡᠭᠦᠯᠵᠤ᠂ ᠮᠠᠯᠵᠢᠬᠤ ᠲᠠᠷᠢᠶᠠᠯᠠᠬᠤ ᠤᠷᠤᠨ ᠤ ᠬᠡᠷᠡᠭᠯᠡᠬᠡᠨ ᠤ ᠲᠠᠯᠳᠠ ᠭᠦᠴᠦᠨ ᠢ | ᠠᠭᠤᠳᠠᠯᠯᠠᠨ᠎ᠠ᠃ ᠤᠶᠢᠯᠡᠳᠭᠦᠨ ᠤ ᠶᠠᠰᠤ ᠴᠢᠨᠠᠷ ᠤᠨ ᠨᠡᠬᠡᠮᠵᠢᠯᠡᠬᠦ ᠲᠤᠭᠳᠠᠯᠴᠠᠭ᠎ᠠ ᠶᠢ ᠪᠠᠶᠢᠭᠤᠯᠤᠨ ᠲᠦᠭᠦᠷᠴᠢᠯᠡᠵᠤ᠂ ᠬᠤᠳᠠᠯ ᠬᠠᠭᠤᠷᠮᠠᠭ ᠴᠢᠨᠠᠷ ᠮᠠᠭᠤ | ᠣᠶᠢᠯᠡᠳᠭᠦᠨ ᠣᠶᠢᠯᠡᠳᠤᠨ ᠬᠤᠳᠠᠯᠳᠤᠬᠤ ᠤᠶᠢᠯᠠ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠤ᠂ ᠠᠷᠠᠳ ᠲᠦᠮᠡᠨ ᠳᠤ ᠲᠦᠭᠦᠮ ᠲᠦᠳᠡ ᠬᠡᠷᠡᠭᠯᠡᠭᠡ ᠬᠠᠩᠭᠠᠵᠤ᠂ | ᠰᠠᠨᠠᠭ᠎ᠠ ᠠᠮᠤᠷ ᠢᠶᠠᠷ ᠬᠡᠷᠡᠭᠯᠡᠭᠡ ᠬᠢᠯᠬᠡᠨ᠎ᠡ᠃ | ︵ᠬᠤᠶᠠᠷ︶ ᠪᠤᠳᠠᠳᠤ ᠴᠤᠭᠴᠠ ᠶᠢᠨ ᠠᠵᠤ ᠠᠬᠤᠢ ᠶᠢ ᠪᠦᠬᠦ ᠲᠠᠯ᠎ᠠ ᠪᠠᠷ ᠬᠦᠭᠵᠢᠭᠦᠯᠦᠨ ᠮᠠᠨᠳᠤᠭᠤᠯᠵᠤ᠂ ᠠᠵᠤ ᠠᠬᠤᠢ ᠶᠢᠨ ᠬᠦᠭᠵᠢᠯᠳᠡ ᠶᠢᠨ ᠶᠠᠰᠤ | ᠴᠢᠨᠠᠷ ᠢ ᠭᠦᠴᠦᠯᠡᠨ ᠲᠡᠭᠡᠭᠰᠢᠯᠡᠭᠦᠯᠦᠨ᠎ᠡ᠃ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠭᠦᠴᠦᠯᠡᠴᠡ ᠶᠢ ᠨᠡᠮᠡᠭᠳᠡᠭᠦᠯᠦᠨ᠎ᠡ᠃ ᠰᠢᠨ᠎ᠡ ᠶᠢ ᠡᠭᠦᠳᠬᠦ ᠬᠡᠯᠪᠡᠷᠢ ᠶᠢᠨ ᠠᠵᠤ ᠠᠬᠤᠶᠢᠯᠠᠯ ᠢ | ᠪᠤᠶᠢᠵᠢᠭᠤᠯᠬᠤ ᠪᠠ ᠤᠷᠤᠭᠤᠯᠬᠤ᠂ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠬᠤ᠂ ᠵᠠᠩᠬᠢᠯᠠᠭ᠎ᠠ ᠶᠢᠨ ᠮᠡᠷᠭᠡᠵᠢᠯ ᠪᠠ ᠰᠢᠨ᠎ᠡ ᠶᠢ ᠡᠭᠦᠳᠬᠦ ᠣᠶᠢᠯᠡᠳᠭᠦᠨ ᠢ ᠨᠡᠬᠡᠬᠡᠬᠦ | ᠭᠤᠷᠪᠠᠨ ᠶᠡᠭᠡ ᠡᠭᠦᠷᠬᠡ ᠶᠢᠨ ᠲᠤᠭᠤᠷᠢᠨ ᠳᠤ᠂ ᠭᠤᠤᠯᠳᠠᠯᠭ᠎ᠠ ᠲᠠᠢ ᠬᠦᠷᠢᠶ᠎ᠡ ᠬᠡᠪᠴᠢᠶᠡᠨ ᠳᠤ ᠴᠢᠭᠯᠡᠭᠦᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠭᠦᠴᠦᠯᠡᠴᠡ ᠶᠢ ᠨᠡᠮᠡᠭᠳᠡᠭᠦᠯᠵᠤ᠂ ᠬᠦᠬᠡᠬᠤᠳᠠ ᠪᠤᠭᠤᠳᠤ ᠤᠷᠳᠤᠰ ᠤᠨ ᠤᠯᠤᠰ ᠤᠨ ᠪᠡᠶ᠎ᠡ ᠪᠠᠨ ᠲᠠᠭᠠᠭᠠᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ | ᠤᠷᠤᠨ ᠢ ᠡᠭᠦᠳᠦᠨ ᠪᠠᠶᠢᠭᠤᠯᠬᠤ ᠶᠢ ᠠᠬᠢᠭᠤᠯᠤᠨ᠎ᠠ᠃ ᠬᠤᠳᠠ ᠶᠢᠨ ᠲᠡᠬᠡᠳᠤ ᠰᠢᠨ᠎ᠡ ᠮᠡᠷᠭᠡᠵᠢᠯ ᠤᠨ ᠠᠵᠤ ᠤᠶᠢᠯᠡᠰ ᠤᠨ ᠬᠦᠷᠢᠶᠡᠯᠡᠩ ᠤᠨ ᠬᠦᠭᠵᠢᠯᠳᠡ ᠶᠢ | ᠲᠡᠮᠵᠢᠵᠤ᠂ ᠡᠯ᠎ᠡ ᠲᠦᠷᠦᠯ ᠤᠨ ᠰᠢᠨ᠎ᠡ ᠶᠢ ᠡᠭᠦᠳᠬᠦ ᠡᠬᠢ ᠪᠠᠶᠠᠯᠢᠭ᠂ ᠰᠤᠳᠤᠯᠤᠨ ᠨᠡᠬᠡᠬᠡᠬᠦ ᠪᠠᠶᠢᠭᠤᠯᠤᠮᠵᠢ ᠪᠠ ᠲᠡᠬᠡᠳᠤ ᠰᠢᠨ᠎ᠡ ᠮᠡᠷᠭᠡᠵᠢᠯ ᠤᠨ ᠲᠦᠷᠦᠯ ᠵᠤᠶᠢᠯ ᠢ | ᠲᠠᠭᠠᠭᠤᠯᠤᠨ ᠵᠤᠷᠢᠭᠵᠢᠭᠤᠯᠵᠤ ᠬᠦᠷᠢᠶᠡᠯᠡᠩ ᠲᠡᠰᠢ ᠴᠤᠭᠯᠠᠷᠠᠭᠤᠯᠵᠤ᠂ ᠰᠢᠨ᠎ᠡ ᠶᠢ ᠡᠭᠦᠳᠬᠦ ᠬᠦᠭᠵᠢᠯᠳᠡ ᠶᠢᠨ ᠭᠤᠤᠯ ᠪᠠᠬᠢᠯᠡᠯᠳᠡ ᠶᠢ ᠪᠠᠶᠢᠭᠤᠯᠤᠨ᠎ᠠ᠃ | ᠴᠢᠳᠠᠪᠦᠷᠢᠳᠠᠨ ᠤ ᠬᠦᠭᠵᠢᠯᠳᠡ ᠪᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ | ᠨᠠᠶᠢᠳᠠᠪᠦᠷᠢᠵᠢᠭᠤᠯᠵᠤ᠂ ᠪᠠᠴᠢᠮ ᠬᠡᠷᠡᠭᠴᠡᠬᠡᠳᠤ ᠬᠤᠪᠤᠷ ᠬᠤᠮᠰᠠ ᠴᠢᠳᠠᠪᠦᠷᠢᠳᠠᠨ ᠪᠠ ᠰᠢᠨ᠎ᠡ ᠶᠢ ᠡᠭᠦᠳᠬᠦ ᠣᠶᠢᠯᠡᠰ ᠪᠤᠰᠬᠠᠬᠤ ᠪᠦᠯᠭᠦᠮ ᠢ ᠶᠡᠬᠡᠪᠡᠷ ᠤᠷᠤᠭᠤᠯᠵᠤ᠂ | ᠪᠤᠶᠢᠵᠢᠭᠤᠯᠵᠤ᠂ ᠬᠤᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠠᠶᠢᠴᠢᠯᠠᠭᠴᠢ ᠴᠢᠳᠠᠪᠦᠷᠢᠳᠠᠨ ᠤ ᠲᠦᠪ ᠤᠨ ᠪᠦᠲᠦᠬᠡᠨ ᠪᠠᠶᠢᠭᠤᠯᠤᠯᠳᠠ ᠶᠢ ᠠᠬᠢᠭᠤᠯᠤᠨ᠎ᠠ᠃ | ᠮᠡᠳᠡᠯᠬᠡ ᠶᠢᠨ ᠪᠦᠲᠦᠭᠡᠭᠳᠡᠭᠦᠨ ᠤ ᠡᠷᠬᠡ ᠶᠢ ᠡᠭᠦᠳᠦᠨ ᠪᠦᠲᠦᠬᠡᠬᠦ ᠶᠢ ᠵᠤᠷᠢᠭᠵᠢᠭᠤᠯᠵᠤ᠂ ᠮᠡᠳᠡᠯᠬᠡ ᠶᠢᠨ ᠪᠦᠲᠦᠭᠡᠭᠳᠡᠭᠦᠨ ᠤ ᠡᠷᠬᠡ ᠶᠢ ᠬᠠᠮᠠᠭᠠᠯᠠᠬᠤ ᠶᠢ | ᠴᠢᠩᠭᠠᠳᠬᠠᠵᠤ᠂ ᠬᠦᠳᠡᠯᠮᠦᠷᠢ ᠶᠢᠨ ᠵᠢᠱᠢᠶᠡᠴᠢ ᠪᠠ ᠤᠷᠠᠴᠤᠳ ᠤᠨ ᠴᠤᠭ ᠵᠢᠪᠬᠤᠭ᠎ᠠ ᠶᠢ ᠪᠠᠳᠠᠷᠠᠭᠤᠯᠵᠤ᠂ ᠪᠦᠬᠦ ᠨᠡᠶᠢᠬᠡᠮ ᠢᠶᠠᠷ ᠢᠶᠠᠨ ᠬᠦᠳᠡᠯᠮᠦᠷᠢ ᠶᠢ | ᠬᠦᠨᠳᠦᠳᠬᠡᠬᠦ᠂ ᠰᠢᠨ᠎ᠡ ᠶᠢ ᠡᠭᠦᠳᠬᠦ ᠶᠢ ᠵᠤᠷᠢᠭᠵᠢᠭᠤᠯᠬᠤ ᠰᠠᠶᠢᠨ ᠰᠠᠶᠢᠬᠠᠨ ᠤᠷᠴᠢᠨ ᠠᠬᠤᠢ ᠶᠢ ᠪᠤᠢ ᠪᠤᠯᠭᠠᠵᠤ᠂ ᠡᠯ᠎ᠡ ᠲᠦᠷᠦᠯ ᠤᠨ ᠴᠢᠬᠤᠯᠠ ᠡᠯᠧᠮᠧᠨ᠋ᠲ ᠢ | ᠪᠤᠳᠠᠳᠤ ᠴᠤᠭᠴᠠ ᠶᠢᠨ ᠠᠵᠤ ᠤᠶᠢᠯᠡᠰ ᠲᠡᠰᠢ ᠴᠤᠭᠯᠠᠷᠠᠭᠤᠯᠤᠨ᠎ᠠ᠃ | ᠰᠢᠨ᠎ᠡ ᠪᠠᠷ ᠬᠦᠭᠵᠢᠭᠰᠡᠨ ᠠᠵᠤ ᠤᠶᠢᠯᠡᠰ ᠤᠨ ᠰᠦᠷᠦᠭᠵᠢᠯ ᠢ ᠪᠤᠶᠢᠵᠢᠭᠤᠯᠤᠨ᠎ᠠ᠃ ︽ᠲᠤᠮᠳᠠᠳᠤ ᠤᠯᠤᠰ ᠤᠶᠢᠯᠡᠳᠦᠭᠰᠡᠨ 2025︾ ᠲᠤᠷᠰᠢᠯᠳᠠ ᠶᠢᠨ | ᠴᠢᠭ ᠤᠨ ᠵᠢᠱᠢᠶ᠎ᠡ ᠦᠵᠡᠭᠦᠯᠬᠦ ᠬᠤᠳᠠ ᠶᠢ ᠢᠳᠡᠪᠬᠢᠲᠠᠢ ᠭᠤᠶᠤᠴᠢᠯᠠᠨ ᠮᠡᠳᠡᠭᠦᠯᠵᠤ᠂ ᠴᠢ ᠷᠦᠢ᠂ ᠬᠤᠸᠠ ᠲᠠᠢ ᠶᠢᠨ ᠰᠢᠨ᠎ᠡ ᠡᠨᠧᠷᠬᠢ ᠶᠢᠨ ᠮᠠᠰᠢᠨ ᠲᠡᠷᠬᠡ ᠪᠠ | ᠬᠠᠢ ᠮᠢᠩ ᠪᠤᠤ ᠶᠢᠨ ᠡᠭᠴᠡ ᠨᠢᠰᠬᠡᠯ ᠵᠡᠷᠬᠡ ᠣᠶᠢᠯᠡᠳᠬᠦ ᠤᠶᠢᠯᠡᠰ ᠤᠨ ᠲᠦᠷᠦᠯ ᠵᠤᠶᠢᠯ ᠤᠨ ᠪᠦᠲᠦᠬᠡᠨ ᠪᠠᠶᠢᠭᠤᠯᠤᠯᠳᠠ ᠶᠢ ᠲᠦᠷᠬᠡᠳᠬᠡᠨ᠎ᠡ᠃ ᠵᠢᠩ ᠳ᠋ᠦᠩ᠂ ᠱᠢ | ᠵᠢᠢ ᠬᠤ᠋ ᠯᠢᠶᠠᠨ ᠵᠡᠷᠬᠡ ᠲᠤᠮᠤ ᠳ᠋ᠠᠶᠢᠲᠨ ᠶᠢᠨ ᠲᠦᠷᠦᠯ ᠵᠤᠶᠢᠯ ᠢ ᠨᠤᠳᠤᠭᠰᠢᠯᠠᠭᠤᠯᠬᠤ ᠶᠢ ᠠᠬᠢᠭᠤᠯᠵᠤ᠂ ᠪᠦᠬᠦ ᠬᠤᠳᠠ ᠶᠢᠨ ᠹᠢᠽᠢᠺ ᠤᠨ ᠣᠶᠢᠯᠡᠴᠢᠯᠡᠭᠦᠷ ᠤᠨ | ᠮᠠᠰᠢᠨ ᠴᠤᠭᠴᠠᠯᠠᠪᠤᠷᠢ ᠶᠢᠨ ᠴᠢᠳᠠᠪᠦᠷᠢ ᠶᠢ 10 ᠲᠦᠮᠡᠨ ᠺᠤᠮᠫᠢᠤᠲ᠋ᠧᠷ ᠤᠨ ᠪᠠᠭᠳᠠᠭᠠᠮᠵᠢ ᠳᠤ ᠬᠦᠷᠬᠡᠵᠤ᠂ ᠮᠠᠨ ᠤ ᠬᠤᠳᠠ ᠪᠠᠨ ᠲᠦᠷᠬᠡᠨ ᠢᠶᠠᠷ ᠲᠤᠮᠳᠠᠳᠤ | ᠤᠯᠤᠰ ᠤᠨ ᠤᠮᠠᠷᠠᠳᠤ ᠤᠷᠤᠨ ᠤ ᠴᠢᠬᠤᠯᠠ ᠳ᠋ᠠᠶᠢᠲᠨ ᠬᠠᠳᠠᠭᠠᠯᠠᠬᠤ᠂ ᠭᠠᠮᠰᠢᠭ ᠤᠨ ᠪᠡᠯᠡᠳᠬᠡᠯ ᠲᠤᠰᠠᠯᠠᠮᠵᠢ ᠶᠢᠨ ᠲᠦᠪ ᠪᠤᠯᠭᠠᠨ ᠪᠠᠶᠢᠭᠤᠯᠤᠨ᠎ᠠ᠃ ᠴᠠᠬᠢᠯᠭᠠᠨ | ᠭᠦᠴᠦᠨ ᠢ ᠭᠠᠳᠠᠭᠰᠢ ᠲᠠᠮᠵᠢᠭᠤᠯᠬᠤ ᠵᠠᠮ ᠱᠤᠭᠤᠮ ᠤᠨ ᠪᠦᠲᠦᠬᠡᠨ ᠪᠠᠶᠢᠭᠤᠯᠤᠯᠳᠠ ᠳᠤ ᠲᠦᠰᠢᠭᠯᠡᠨ᠂ ᠬᠦᠪᠴᠢ ᠶᠢᠨ ᠡᠯᠡᠰᠤᠨ ᠤ ᠬᠡᠷᠡᠯ ᠴᠡᠨᠡᠭ ᠤᠨ | ᠬᠡᠷᠡᠭᠯᠡᠯᠳᠡ ᠶᠢᠨ ᠰᠠᠭᠤᠷᠢᠨ ᠭᠠᠵᠠᠷ ᠵᠡᠷᠬᠡ ᠲᠦᠷᠦᠯ ᠵᠤᠶᠢᠯ ᠢ ᠬᠡᠷᠡᠭᠵᠢᠭᠦᠯᠵᠤ᠂ ᠰᠢᠨ᠎ᠡ ᠡᠨᠧᠷᠬᠢ ᠶᠢᠨ ᠮᠠᠰᠢᠨ ᠴᠤᠭᠴᠠᠯᠠᠪᠤᠷᠢ ᠶᠢ ᠰᠢᠨ᠎ᠡ ᠪᠠᠷ 52 ᠲᠦᠮᠡᠨ | ᠺᠢᠯᠤᠸᠠᠲ ᠨᠡᠮᠡᠭᠳᠡᠭᠦᠯᠦᠨ᠎ᠡ᠃ ᠱᠠᠩ ᠳ᠋ᠧ ᠤᠨ ᠦᠮᠡᠨ ᠢ ᠡᠰᠡᠷᠭᠦᠴᠡᠬᠦ ᠡᠮ ᠢ ᠰᠤᠳᠤᠯᠤᠨ ᠨᠡᠬᠡᠬᠡᠬᠦ ᠪᠠ ᠠᠰᠢᠭᠯᠠᠯᠳᠠ ᠳᠤ ᠤᠷᠤᠭᠤᠯᠬᠤ ᠠᠴᠠ ᠡᠮᠦᠨ᠎ᠡ ᠲᠤᠷᠰᠢᠯᠳᠠ | ᠬᠢᠬᠦ ᠰᠠᠭᠤᠷᠢᠨ ᠭᠠᠵᠠᠷ ᠢ ᠪᠠᠷᠢᠯᠭ᠎ᠠ ᠡᠬᠢᠯᠡᠭᠦᠯᠦᠨ ᠪᠦᠲᠦᠬᠡᠨ ᠪᠠᠶᠢᠭᠤᠯᠵᠤ᠂ ᠮᠤᠩᠭᠤᠯ ᠬᠢᠳᠠᠳ ᠡᠮ ᠡᠮᠨᠡᠯᠬᠡ ᠶᠢᠨ ᠠᠵᠤ ᠤᠶᠢᠯᠡᠰᠵᠢᠭᠰᠡᠨ ᠬᠢᠷᠢ ᠲᠦᠪᠰᠢᠨ ᠢ | ᠲᠡᠭᠡᠭᠰᠢᠯᠡᠭᠦᠯᠦᠨ᠎ᠡ᠃ ᠵᠢᠤᠢ ᠦ᠋ ᠪᠠ ᠶᠢᠨ ᠯᠢᠲ᠋ᠢ ᠴᠡᠨᠡᠭ᠂ ᠬᠤᠸᠠ ᠮᠢᠩ ᠤᠨ ᠠᠷᠭ᠎ᠠ ᠲᠤᠶᠢᠯ ᠤᠨ ᠮᠠᠲ᠋ᠧᠷᠢᠶᠠᠯ᠂ ᠰᠢᠨ ᠨᠧᠩ ᠤᠨ ᠪᠠᠯ ᠴᠢᠯᠠᠭᠤ ᠶᠢᠨ ᠠᠯᠺᠧᠨ᠂ | ᠲᠤᠮᠳᠠᠳᠤ ᠤᠯᠤᠰ ᠤᠨ ᠲᠡᠮᠦᠷ ᠵᠠᠮ ᠤᠨ ᠢᠨᠵᠧᠨᠧᠷᠢᠩ ᠤᠨ ᠶᠡᠷᠦᠩᠬᠡᠢ ᠺᠤᠮᠫᠠᠨᠢ ᠶᠢᠨ ᠨᠡᠭᠦᠷᠡᠰᠤᠳᠦ᠋ᠷᠦᠭᠴᠢᠳᠤ ᠰᠢᠷᠬᠡᠭ ᠵᠡᠷᠬᠡ ᠲᠦᠷᠦᠯ ᠵᠤᠶᠢᠯ ᠤᠨ ᠪᠦᠲᠦᠬᠡᠨ | ᠪᠠᠶᠢᠭᠤᠯᠤᠯᠳᠠ ᠶᠢ ᠠᠬᠢᠭᠤᠯᠵᠤ᠂ ᠰᠢᠨ᠎ᠡ ᠮᠠᠲ᠋ᠧᠷᠢᠶᠠᠯ ᠤᠨ ᠠᠵᠤ ᠤᠶᠢᠯᠡᠰ ᠤᠨ ᠬᠦᠭᠵᠢᠯᠳᠡ ᠶᠢᠨ ᠵᠠᠩᠬᠢᠯᠠᠭ᠎ᠠ ᠶᠢᠨ ᠲᠤᠬᠢᠶᠠᠯ ᠢ ᠤᠷᠢᠳᠠᠵᠤ ᠡᠵᠡᠯᠡᠨ᠎ᠡ᠃ | ᠬᠤᠳᠠᠯᠳᠤᠭ᠎ᠠ ᠡᠷᠬᠢᠯᠡᠬᠦ ᠰᠠᠶᠢᠨ ᠰᠠᠶᠢᠬᠠᠨ ᠤᠷᠴᠢᠨ ᠲᠤᠭᠤᠷᠢᠨ ᠢ ᠪᠠᠶᠢᠭᠤᠯᠤᠨ᠎ᠠ᠃ ︽ᠨᠢᠭᠡ ᠦᠷᠳᠡᠭᠡ ᠳᠤ ᠭᠦᠢᠴᠡᠳᠬᠡᠬᠦ᠂ ᠪᠦᠬᠦ ᠬᠤᠳᠠ ᠳᠤ ᠴᠦᠮ | ᠭᠦᠢᠴᠡᠳᠬᠡᠵᠤ ᠪᠤᠯᠬᠤ᠂ ᠬᠠᠮᠤᠭ ᠤᠨ ᠤᠯᠠᠨ ᠳᠠᠭᠠᠨ ᠨᠢᠭᠡ ᠤᠳᠠᠭ᠎ᠠ ᠬᠦᠶᠦᠬᠦ︾ ᠦᠬᠡᠷᠡᠴᠢᠯᠡᠯᠳᠡ ᠶᠢ ᠪᠦᠬᠦ ᠲᠠᠯ᠎ᠠ ᠪᠠᠷ ᠶᠠᠪᠤᠭᠳᠠᠭᠤᠯᠵᠤ᠂ ᠵᠠᠰᠠᠭ ᠤᠨ ᠶᠠᠪᠤᠳᠠᠯ | ᠤᠨ ᠤᠶᠢᠯᠡᠴᠢᠯᠡᠭᠡ ᠶᠢ ᠪᠦᠬᠦ ᠶᠠᠪᠤᠴᠠ ᠪᠠᠷ ᠰᠦᠯᠵᠢᠶᠡᠨ ᠲᠡᠬᠡᠷ᠎ᠡ ᠡᠷᠬᠢᠯᠡᠬᠦ ᠶᠢ ᠠᠬᠢᠭᠤᠯᠵᠤ᠂ ᠪᠡᠯᠡ ᠤᠷᠤᠭᠤᠯᠤᠯᠳᠠ ᠶᠢᠨ ᠬᠢᠨᠠᠨ ᠵᠦᠪᠰᠢᠶᠡᠷᠡᠯ ᠢ ᠬᠤᠯᠪᠤᠭᠠᠯᠠᠨ | ᠬᠢᠨᠠᠨ ᠲᠤᠭᠳᠠᠭᠠᠬᠤ᠂ ᠬᠤᠯᠪᠤᠭᠠᠯᠠᠨ ᠰᠢᠯᠭᠠᠨ ᠬᠤᠷᠢᠶᠠᠬᠤ ᠵᠡᠷᠬᠡ ᠬᠡᠪ ᠵᠠᠭᠪᠤᠷ ᠢ ᠬᠡᠷᠡᠭᠵᠢᠭᠦᠯᠵᠤ᠂ ᠡᠯ᠎ᠡ ᠲᠦᠷᠦᠯ ᠤᠨ ᠵᠠᠬ᠎ᠠ ᠲᠡᠯᠬᠡᠭᠦᠷ ᠤᠨ ᠭᠤᠤᠯ | ᠴᠤᠭᠴᠠ ᠶᠢᠨ ᠠᠮᠢᠵᠢᠷᠠᠯ ᠤᠨ ᠭᠦᠴᠦᠨ ᠢ ᠤᠷᠮᠠᠰᠢᠭᠤᠯᠤᠨ᠎ᠠ᠃ ︽ᠬᠤᠤᠰ ᠲᠠᠰᠢᠷᠠᠮ᠂ ᠨᠢᠭᠡ ᠢᠯᠠ ᠪᠤᠯᠭᠠᠬᠤ︾ ᠬᠢᠨᠠᠨ ᠬᠠᠮᠢᠶᠠᠷᠬᠤ ᠬᠦᠷᠢᠶ᠎ᠡ ᠬᠡᠪᠴᠢᠶ᠎ᠡ ᠶᠢ | ᠦᠷᠬᠡᠳᠬᠡᠵᠤ᠂ ᠢᠳᠡᠬᠡᠮᠵᠢ ᠶᠢ ᠬᠢᠨᠠᠨ ᠬᠠᠮᠢᠶᠠᠷᠬᠤ ᠪᠠ ᠪᠡᠶᠡᠯᠡᠭᠦᠯᠵᠤ ᠲᠠᠭᠤᠰᠬᠠᠭᠰᠠᠨ ᠤ ᠲᠠᠷᠠᠭ᠎ᠠ ᠦᠨᠡᠯᠡᠬᠦ ᠬᠡᠪ ᠵᠠᠭᠪᠤᠷ ᠢ ᠬᠡᠷᠡᠭᠵᠢᠭᠦᠯᠦᠨ᠎ᠡ᠃ ᠪᠤᠳᠠᠳᠤ | ᠴᠤᠭᠴᠠ ᠶᠢᠨ ᠠᠵᠤ ᠠᠬᠤᠢ ᠶᠢᠨ ᠬᠦᠭᠵᠢᠯᠳᠡ ᠶᠢ ᠲᠡᠮᠵᠢᠬᠦ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠨᠠᠶᠢᠳᠠᠪᠦᠷᠢᠵᠢᠭᠤᠯᠬᠤ ᠪᠠ ᠲᠡᠭᠦᠯᠳᠡᠷᠵᠢᠭᠦᠯᠵᠤ᠂ ᠠᠵᠤ | ᠠᠬᠤᠶᠢᠯᠠᠯ ᠳᠤ ᠬᠤᠯᠪᠤᠭᠳᠠᠬᠤ ᠡᠯ᠎ᠡ ᠲᠦᠷᠦᠯ ᠤᠨ ᠰᠤᠶᠢᠳᠬᠡᠯ ᠬᠤᠷᠢᠶᠠᠯᠳᠠ ᠶᠢ ᠪᠦᠬᠦ ᠲᠠᠯ᠎ᠠ ᠪᠠᠷ ᠵᠢᠷᠤᠮᠵᠢᠭᠤᠯᠤᠨ ᠴᠡᠪᠡᠷᠯᠡᠵᠤ᠂ ᠲᠤᠷ᠎ᠠ ᠪᠠᠷ ᠢᠶᠠᠨ ᠰᠤᠶᠢᠳᠬᠡᠯ | ᠬᠤᠷᠢᠶᠠᠬᠤ ᠶᠢ ᠪᠠᠶᠢᠴᠠᠭᠠᠨ ᠰᠢᠢᠳᠪᠦᠷᠢᠯᠡᠵᠤ ᠴᠡᠭᠴᠡᠯᠡᠨ ᠵᠠᠰᠠᠬᠤ ᠭᠦᠴᠦᠯᠡᠴᠡ ᠶᠢ ᠨᠡᠮᠡᠭᠳᠡᠭᠦᠯᠦᠨ᠎ᠡ᠃ ᠠᠵᠤ ᠠᠬᠤᠶᠢᠯᠠᠯ ᠤᠨ ᠪᠡᠯᠡ ᠴᠤᠭᠯᠠᠭᠤᠯᠬᠤ ᠵᠠᠮ ᠮᠦᠷ ᠢ | ᠦᠷᠬᠡᠳᠬᠡᠵᠤ᠂ ᠤᠯᠠᠨ ᠲᠡᠰ ᠲᠠᠪᠬᠤᠷᠭᠠᠨ ᠤ ᠬᠦᠷᠦᠩᠬᠡ ᠶᠢᠨ ᠵᠠᠬ᠎ᠠ ᠲᠡᠯᠬᠡᠭᠦᠷ ᠤᠨ ᠪᠠᠶᠢᠭᠤᠯᠤᠯᠳᠠ ᠶᠢ ᠠᠬᠢᠭᠤᠯᠵᠤ᠂ ᠰᠢᠭᠤᠳ ᠪᠡᠯᠡ ᠴᠤᠭᠯᠠᠭᠤᠯᠬᠤ ᠬᠠᠷᠢᠴᠠᠯ ᠢ | ᠨᠡᠮᠡᠭᠳᠡᠭᠦᠯᠵᠤ᠂ ᠮᠦᠩᠭᠦᠨ ᠭᠦᠢᠯᠬᠡᠬᠡᠨ ᠤ ᠪᠤᠳᠠᠳᠤ ᠴᠤᠭᠴᠠ ᠶᠢᠨ ᠠᠵᠤ ᠠᠬᠤᠢ ᠳᠤ ᠤᠶᠢᠯᠡᠴᠢᠯᠡᠬᠦ ᠴᠢᠳᠠᠪᠦᠷᠢ ᠶᠢ ᠲᠡᠭᠡᠭᠰᠢᠯᠡᠭᠦᠯᠦᠨ᠎ᠡ᠃ ᠵᠠᠰᠠᠭ ᠤᠨ ᠤᠷᠳᠤᠨ ᠤ | ᠪᠡᠯᠡ ᠮᠦᠩᠭᠦ ᠶᠢᠨ ᠲᠠᠭᠠᠭᠤᠯᠬᠤ ᠤᠶᠢᠯᠡᠳᠤᠯ ᠢ ᠪᠠᠳᠠᠷᠠᠭᠤᠯᠵᠤ᠂ ᠶᠡᠷᠦᠩᠬᠡᠢ ᠬᠡᠪᠴᠢᠶ᠎ᠡ ᠨᠢ 100 ᠳ᠋ᠦᠩᠰᠢᠭᠤᠷ ᠲᠦᠭᠦᠷᠢᠭ ᠤᠨ ᠠᠵᠤ ᠤᠶᠢᠯᠡᠰ ᠤᠨ ᠭᠦᠭᠵᠢᠯᠳᠡ | ᠶᠢᠨ ᠰᠠᠭᠤᠷᠢ ᠮᠦᠩᠭᠦ ᠶᠢ ᠪᠠᠶᠢᠭᠤᠯᠵᠤ᠂ ᠪᠤᠳᠠᠳᠤ ᠴᠤᠭᠴᠠ ᠶᠢᠨ ᠠᠵᠤ ᠠᠬᠤᠢ ᠶᠢᠨ ᠭᠦᠭᠵᠢᠯᠳᠡ ᠶᠢ ᠲᠦᠪᠯᠡᠷᠡᠭᠦᠯᠦᠨ ᠲᠡᠮᠵᠢᠨ᠎ᠡ᠃ ᠬᠦᠷᠢᠶᠡᠯᠡᠩ ᠢ | ᠬᠦᠭᠵᠢᠭᠦᠯᠦᠨ ᠮᠠᠨᠳᠤᠭᠤᠯᠬᠤ ᠲᠦᠯᠦᠪᠯᠡᠭᠡ ᠶᠢ ᠲᠤᠭᠳᠠᠭᠠᠵᠤ᠂ ᠲᠠᠪᠠᠭᠤᠯᠢᠭ ᠢ ᠲᠤᠪᠤᠶᠢᠯᠭᠠᠵᠤ᠂ ᠤᠷᠤᠨ ᠪᠠᠶᠢᠷᠢ ᠶᠢ ᠵᠦᠪ ᠤᠨᠤᠪᠴᠢᠲᠠᠢ ᠲᠤᠭᠳᠠᠭᠠᠵᠤ᠂ | ᠵᠦᠷᠢᠶᠡᠴᠢᠯᠡᠨ ᠲᠡᠮᠵᠢᠵᠤ᠂ ᠬᠦᠷᠢᠶᠡᠯᠡᠩ ᠤᠨ ᠡᠷᠴᠢᠮᠵᠢᠭᠦᠯᠦᠭᠰᠡᠨ ᠬᠦᠭᠵᠢᠯᠳᠡ ᠶᠢᠨ ᠬᠢᠷᠢ ᠲᠦᠪᠰᠢᠨ ᠢ ᠲᠡᠭᠡᠭᠰᠢᠯᠡᠭᠦᠯᠵᠤ᠂ ᠬᠦᠷᠢᠶᠡᠯᠡᠩ ᠢ ᠪᠤᠳᠠᠳᠤ ᠴᠤᠭᠴᠠ ᠶᠢᠨ | ᠠᠵᠤ ᠠᠬᠤᠢ ᠶᠢᠨ ᠬᠦᠭᠵᠢᠯᠳᠡ ᠶᠢᠨ ᠭᠤᠤᠯ ᠠᠴᠢᠶᠠᠯᠠᠪᠤᠷᠢ ᠪᠤᠯᠭᠠᠨ᠎ᠠ᠃ | ᠲᠦᠯᠦᠬᠡᠯᠡᠭᠴᠢᠳ ᠡ᠂ ᠠᠵᠤ ᠠᠬᠤᠶᠢᠯᠠᠯ ᠪᠤᠯ ᠠᠵᠤ ᠠᠬᠤᠢ ᠶᠢᠨ ᠬᠦᠭᠵᠢᠯᠳᠡ ᠶᠢ ᠠᠬᠢᠭᠤᠯᠬᠤ ᠭᠤᠤᠯ ᠭᠦᠴᠦᠨ ᠪᠤᠯᠤᠨ᠎ᠠ᠂ ᠠᠵᠤ ᠠᠬᠤᠶᠢᠯᠠᠯᠳᠠᠨ ᠪᠤᠯ | ᠬᠠᠮᠤᠭ ᠤᠨ ᠬᠤᠪᠤᠷ ᠨᠠᠨᠳᠢᠨ ᠡᠬᠢ ᠪᠠᠶᠠᠯᠢᠭ ᠪᠤᠯᠤᠨ᠎ᠠ᠃ ᠪᠢᠳᠠ ᠠᠵᠤ ᠠᠬᠤᠶᠢᠯᠠᠯᠳᠠᠨ ᠤ ᠴᠤᠭ ᠵᠢᠪᠬᠤᠭ᠎ᠠ ᠶᠢ ᠶᠡᠬᠡᠪᠡᠷ ᠪᠠᠳᠠᠷᠠᠭᠤᠯᠬᠤ ᠪᠠ ᠬᠠᠮᠠᠭᠠᠯᠠᠵᠤ᠂ ︽ | ᠲᠤᠳᠤᠨᠤ︾ ︽ᠴᠢᠬᠡᠴᠢ︾ ᠰᠢᠨ᠎ᠡ ᠬᠡᠯᠪᠡᠷᠢ ᠶᠢᠨ ᠵᠠᠰᠠᠭ ᠤᠨ ᠤᠷᠳᠤᠨ ᠪᠠ ᠬᠤᠳᠠᠯᠳᠤᠭᠠᠴᠢᠨ ᠤ ᠬᠠᠷᠢᠴᠠᠭ᠎ᠠ ᠶᠢ ᠪᠠᠶᠢᠭᠤᠯᠵᠤ᠂ ᠲᠤᠳᠤᠨᠤ ᠨᠢ ᠬᠡᠮᠵᠢᠶ᠎ᠡ | ᠬᠢᠵᠠᠭᠠᠷ ᠲᠠᠢ᠂ ᠴᠢᠬᠡᠴᠢ ᠪᠠᠶᠢᠭᠠᠳ ᠠᠵᠢᠯᠯᠠᠭ᠎ᠠ ᠲᠠᠢ᠂ ᠪᠦᠬᠦ ᠭᠦᠴᠦᠨ ᠢᠶᠠᠷ ᠢᠶᠠᠨ ᠠᠷᠠᠳ ᠤᠨ ᠡᠵᠡᠩᠨᠡᠯ ᠤᠨ ᠠᠵᠤ ᠠᠬᠤᠢ ᠶᠢᠨ ᠬᠦᠭᠵᠢᠯᠳᠡ ᠳᠤ ᠨᠡᠩ | ᠴᠢᠯᠤᠬᠡᠲᠠᠢ ᠨᠦᠭᠦᠴᠡᠯ ᠡᠭᠦᠳᠴᠤ᠂ ᠤᠷᠳᠤᠰ ᠤᠨ ᠨᠡᠶᠢᠳᠡ ᠶᠢᠨ ᠪᠤᠰᠤ ᠦᠮᠴᠢᠯᠡᠯᠳᠤ ᠠᠵᠤ ᠠᠬᠤᠢ ᠶᠢ ᠬᠦᠭᠵᠢᠭᠦᠯᠵᠤ᠂ ᠠᠵᠤ ᠠᠬᠤᠶᠢᠯᠠᠯᠳᠠᠨ ᠢ ᠲᠠᠶᠢᠴᠢᠯᠠᠨ᠂ | ᠪᠤᠳᠠᠳᠤ ᠴᠤᠭᠴᠠ ᠶᠢᠨ ᠠᠵᠤ ᠠᠬᠤᠢ ᠶᠢ ᠬᠦᠭᠵᠢᠭᠦᠯᠦᠨ ᠮᠠᠨᠳᠤᠭᠤᠯᠵᠤ᠂ ᠭᠠᠵᠠᠷ ᠤᠷᠤᠨ ᠤ ᠬᠦᠭᠵᠢᠯᠳᠡ ᠶᠢ ᠠᠬᠢᠭᠤᠯᠬᠤ ᠳᠤ ᠨᠡᠩ ᠶᠡᠭᠡ ᠰᠢᠨ᠎ᠡ ᠬᠤᠪᠢ | ᠨᠡᠮᠡᠷᠢ ᠦᠵᠡᠭᠦᠯᠦᠶ᠎ᠡ︕ | ︵ᠭᠤᠷᠪᠠ︶ ᠤᠳᠤ ᠦᠶ᠎ᠡ ᠶᠢᠨ ᠤᠶᠢᠯᠡᠴᠢᠯᠡᠬᠡᠨ ᠤ ᠤᠶᠢᠯᠡᠰ ᠢ ᠪᠤᠵᠠᠭᠠᠶᠢᠷᠠᠭᠤᠯᠤᠨ ᠭᠦᠴᠦᠷᠬᠡᠭᠵᠢᠭᠦᠯᠵᠤ᠂ ᠬᠦᠭᠵᠢᠯᠳᠡ ᠶᠢᠨ ᠰᠢᠨ᠎ᠡ ᠬᠦᠳᠡᠯᠬᠡᠬᠡᠨ ᠤ | ᠡᠨᠧᠷᠬᠢ ᠶᠢ ᠭᠦᠴᠦᠯᠡᠨ ᠪᠤᠶᠢᠵᠢᠭᠤᠯᠤᠨ᠎ᠠ᠃ | ᠰᠤᠶᠤᠯ ᠵᠢᠭᠤᠯᠴᠢᠯᠠᠯ ᠤᠨ ᠠᠵᠤ ᠤᠶᠢᠯᠡᠰ ᠤᠨ ᠬᠡᠪᠴᠢᠶ᠎ᠡ ᠶᠢ ᠦᠷᠬᠡᠳᠬᠡᠨ᠎ᠡ᠃ ᠦᠨᠳᠦᠰᠦᠳᠡᠨ ᠤ ᠰᠤᠶᠤᠯ ᠪᠠ ᠤᠷᠤᠨ ᠨᠤᠳᠤᠭ ᠤᠨ ᠰᠤᠶᠤᠯ ᠤᠨ ᠡᠬᠢ | ᠪᠠᠶᠠᠯᠢᠭ ᠢ ᠭᠦᠢᠴᠡᠳ ᠠᠭᠤᠳᠠᠯᠯᠠᠵᠤ᠂ ᠰᠤᠶᠤᠯ ᠵᠢᠭᠤᠯᠴᠢᠯᠠᠯ ᠢ ᠠᠭᠤᠰᠤᠯᠴᠠᠭᠤᠯᠤᠨ ᠬᠦᠭᠵᠢᠭᠦᠯᠬᠦ ᠶᠢ ᠪᠦᠬᠦ ᠲᠠᠯ᠎ᠠ ᠪᠠᠷ ᠠᠬᠢᠭᠤᠯᠵᠤ᠂ ᠡᠷᠳᠡᠨᠢ ᠶᠢᠨ ᠲᠤᠪᠴᠢ᠂ | ᠤᠷᠳᠤᠰ ᠤᠨ ᠲᠠᠯᠠᠢ ᠶᠢᠨ ᠠᠮᠢᠳᠠᠨ ᠤ ᠤᠷᠳᠤᠨ᠂ ᠬᠠᠳᠤᠨ ᠭᠤᠤᠯ ᠤᠨ ᠲᠤᠮᠤ ᠬᠠᠪᠴᠢᠯ ᠵᠡᠷᠬᠡ ᠲᠦᠷᠦᠯ ᠵᠤᠶᠢᠯ ᠤᠨ ᠪᠦᠲᠦᠬᠡᠨ ᠪᠠᠶᠢᠭᠤᠯᠤᠯᠳᠠ ᠶᠢ | ᠲᠦᠷᠬᠡᠳᠬᠡᠨ᠎ᠡ᠃ ︽ᠲᠤᠮᠤ ᠴᠢᠩᠬᠢᠰ ᠬᠠᠭᠠᠨ ᠤ ᠤᠩᠭᠤᠨ︾ ᠤ ᠵᠢᠭᠤᠯᠴᠢᠯᠠᠯ ᠤᠨ ᠪᠦᠲᠦᠴᠡ ᠶᠢ ᠪᠦᠷᠢᠯᠳᠦᠭᠦᠯᠵᠤ᠂ ᠤᠳᠤᠭ ᠤᠨ ᠡᠮᠦᠨᠡᠳᠤ ᠬᠤᠰᠢᠭᠤᠨ ᠤ | ᠬᠤᠪᠢᠰᠬᠠᠯ ᠤᠨ ᠪᠤᠯᠪᠠᠰᠤᠷᠠᠯ ᠬᠦᠮᠦᠵᠢᠯ ᠤᠨ ᠰᠠᠭᠤᠷᠢᠨ ᠭᠠᠵᠠᠷ ᠤᠨ ᠴᠢᠳᠠᠮᠵᠢ ᠶᠢ ᠦᠷᠬᠡᠳᠬᠡᠵᠤ᠂ ᠺᠢᠨᠤ᠋ ᠲᠧᠯᠸᠢᠰ ᠤᠨ ᠠᠵᠤ ᠤᠶᠢᠯᠡᠰ ᠤᠨ ᠲᠠᠯᠳᠠ | ᠲᠠᠪᠠᠭᠤᠯᠢᠭ ᠢ ᠪᠠᠳᠠᠷᠠᠭᠤᠯᠵᠤ᠂ ᠤᠯᠠᠨ ᠤᠯᠤᠰ ᠤᠨ ᠮᠤᠩᠭᠤᠯ ᠶᠤᠸᠠᠨ ᠤᠨ ᠰᠤᠶᠤᠯ ᠢ ᠪᠡᠶ᠎ᠡ ᠪᠠᠷ ᠢᠶᠠᠨ ᠤᠶᠢᠯᠠᠭᠠᠬᠤ ᠵᠢᠭᠤᠯᠴᠢᠯᠠᠯ ᠤᠨ ᠲᠡᠷᠢᠭᠦᠨ ᠤ | ᠰᠤᠩᠭᠤᠯᠳᠠ ᠶᠢᠨ ᠭᠠᠵᠠᠷ᠂ ᠤᠯᠤᠰ ᠤᠨ ᠪᠠᠷᠠᠭᠤᠨ ᠤᠷᠤᠨ ᠤ ᠬᠤᠪᠢᠰᠬᠠᠯ ᠤᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠤᠷᠤᠨ᠂ ᠪᠦᠬᠦ ᠬᠡᠪᠴᠢᠶᠡᠨ ᠤ ᠺᠢᠨᠤ᠋ | ᠲᠧᠯᠸᠢᠰ ᠤᠨ ᠵᠢᠷᠤᠭ ᠲᠠᠳᠠᠬᠤ ᠰᠠᠭᠤᠷᠢᠨ ᠭᠠᠵᠠᠷ ᠤᠨ ᠨᠡᠷᠡᠳᠤ ᠲᠡᠮᠳᠡᠭ ᠢ ᠪᠤᠢ ᠪᠤᠯᠭᠠᠨ᠎ᠠ᠃ ᠬᠦᠳᠡᠭᠡ ᠲᠤᠰᠬᠤᠨ ᠤ ᠵᠢᠭᠤᠯᠴᠢᠯᠠᠯ ᠢ ᠶᠡᠬᠡᠪᠡᠷ ᠬᠦᠭᠵᠢᠭᠦᠯᠵᠤ᠂ | ᠦᠨᠳᠦᠷ ᠴᠢᠨᠠᠷ ᠲᠡᠰ ᠲᠠᠢ ᠵᠢᠭᠤᠯᠴᠢᠯᠠᠯ ᠤᠨ ᠵᠢᠱᠢᠶ᠎ᠡ ᠦᠵᠡᠭᠦᠯᠬᠦ ᠡᠷᠦᠬᠡ ᠶᠢ ᠰᠢᠨ᠎ᠡ ᠪᠠᠷ 100 ᠪᠠᠶᠢᠭᠤᠯᠵᠤ᠂ ᠰᠡᠯᠡᠭᠦᠴᠡᠵᠤ ᠲᠤᠭᠤᠷᠢᠨ ᠦᠵᠡᠬᠦ ᠲᠠᠷᠢᠶᠠᠯᠠᠩ | ᠮᠠᠯ ᠠᠵᠤ ᠠᠬᠤᠢ ᠶᠢᠨ ᠡᠳ᠋ᠯᠡᠩ ᠢ ᠰᠢᠨ᠎ᠡ ᠪᠠᠷ 20 ᠪᠠᠶᠢᠭᠤᠯᠤᠨ᠎ᠠ᠃ ᠵᠢᠭᠤᠯᠴᠢᠯᠠᠯ ᠤᠨ ᠢᠵᠢ ᠪᠦᠷᠢᠳᠦᠭᠦᠯᠦᠭᠰᠡᠨ ᠣᠶᠢᠯᠡᠴᠢᠯᠡᠬᠡᠨ ᠤ ᠲᠦᠭᠦᠭᠡᠷᠤᠮᠵᠢ ᠶᠢ | ᠲᠡᠭᠦᠯᠳᠡᠷᠵᠢᠭᠦᠯᠵᠤ᠂ ᠨᠢᠭᠡ ᠪᠦᠯᠦᠭ ᠦᠵᠦᠭᠦᠷ ᠲᠡᠰ ᠤᠨ ᠪᠠᠭᠤᠳᠠᠯ᠂ ᠰᠤᠳᠤᠨ ᠠᠷᠠᠳ ᠤᠨ ᠪᠠᠭᠤᠴᠠ ᠪᠠ ᠵᠤᠭ᠎ᠠ ᠴᠡᠩᠬᠡᠯ ᠤᠨ ᠵᠡᠬᠡᠯᠢ ᠲᠤᠭᠤᠷᠢᠭ ᠢ | ᠪᠤᠶᠢᠵᠢᠭᠤᠯᠵᠤ᠂ ᠲᠦᠭᠦᠮ ᠲᠦᠳᠡ ᠵᠢᠭᠤᠯᠴᠢᠯᠠᠯ ᠤᠨ ᠤᠯᠠᠨ ᠨᠡᠶᠢᠳᠡ ᠶᠢᠨ ᠵᠠᠮ ᠬᠠᠷᠢᠯᠴᠠᠭᠠᠨ ᠤ ᠰᠦᠯᠵᠢᠶ᠎ᠡ ᠶᠢ ᠨᠡᠪᠲᠡᠷᠡᠭᠦᠯᠵᠤ᠂ ᠬᠠᠯᠠᠮᠰᠢᠯ ᠴᠢᠭ ᠤᠨ | ᠬᠤᠳᠠ ᠶᠢᠨ ᠵᠢᠭᠤᠯᠴᠢᠯᠠᠯ ᠤᠨ ᠠᠭᠠᠷ ᠤᠨ ᠠᠶᠠᠯᠠᠯ ᠤᠨ ᠱᠤᠭᠤᠮ ᠢ ᠨᠡᠮᠡᠭᠳᠡᠭᠦᠯᠵᠤ᠂ ᠪᠦᠬᠦ ᠬᠤᠳᠠ ᠶᠢᠨ ᠵᠤᠭᠠᠴᠠᠭᠰᠠᠳ ᠢ ᠲᠦᠪᠯᠡᠷᠡᠭᠦᠯᠵᠤ ᠲᠠᠷᠬᠠᠭᠠᠬᠤ ᠲᠦᠪ | ᠢ ᠪᠠᠶᠢᠭᠤᠯᠵᠤ᠂ ᠨᠢᠭᠡ ᠪᠦᠯᠦᠭ ᠦᠨᠳᠦᠷ ᠪᠠᠷᠢᠮᠵᠢᠶᠠᠳᠤ ᠵᠢᠭᠤᠯᠴᠢᠯᠠᠯ ᠤᠨ ᠵᠤᠷᠯᠤᠩ ᠢ ᠰᠢᠨ᠎ᠡ ᠪᠠᠷ ᠦᠬᠡᠷᠡᠴᠢᠯᠡᠨ ᠪᠠᠶᠢᠭᠤᠯᠤᠨ᠎ᠠ᠃ ᠬᠤᠳᠠ ᠶᠢᠨ ᠰᠤᠶᠤᠯ | ᠵᠢᠭᠤᠯᠴᠢᠯᠠᠯ ᠤᠨ ᠪᠦᠯᠦᠭᠯᠡᠯ ᠢ ᠪᠤᠵᠠᠭᠠᠶᠢᠷᠠᠭᠤᠯᠤᠨ ᠭᠦᠴᠦᠷᠬᠡᠭᠵᠢᠭᠦᠯᠵᠤ᠂ ᠤᠯᠤᠰ ᠤᠨ ᠦᠮᠴᠢᠯᠡᠯᠳᠤ ᠬᠦᠷᠦᠩᠬᠡ ᠶᠢᠨ ᠲᠠᠭᠠᠭᠤᠯᠤᠨ ᠲᠠᠶᠢᠴᠢᠯᠠᠬᠤ ᠤᠶᠢᠯᠡᠳᠤᠯ ᠢ | ᠪᠠᠳᠠᠷᠠᠭᠤᠯᠤᠨ᠎ᠠ᠃ ︽ᠰᠠᠨᠠᠭ᠎ᠠ ᠬᠠᠨᠤᠮᠵᠢᠲᠠᠢ ᠤᠷᠳᠤᠰ ᠤᠨ ᠵᠢᠭᠤᠯᠴᠢᠯᠠᠯ︾ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠦᠷᠨᠢᠭᠦᠯᠵᠤ᠂ ᠵᠢᠭᠤᠯᠴᠢᠯᠠᠯ ᠤᠨ | ᠤᠶᠢᠯᠡᠰ ᠤᠨ ᠤᠶᠢᠯᠡᠴᠢᠯᠡᠬᠡᠨ ᠤ ᠬᠢᠷᠢ ᠲᠦᠪᠰᠢᠨ ᠢ ᠲᠡᠭᠡᠭᠰᠢᠯᠡᠭᠦᠯᠵᠤ᠂ ᠪᠦᠬᠦ ᠵᠢᠯ ᠤᠨ ᠵᠤᠭᠠᠴᠠᠭᠰᠠᠳ ᠤᠨ ᠬᠦᠯᠢᠶᠡᠨ ᠠᠪᠤᠭᠰᠠᠨ ᠲᠤᠭ᠎ᠠ᠂ ᠵᠢᠭᠤᠯᠴᠢᠯᠠᠯ ᠤᠨ | ᠤᠷᠤᠯᠭ᠎ᠠ ᠶᠢ ᠲᠤᠰᠪᠤᠷᠢ 18% ᠪᠠ 16% ᠪᠠᠷ ᠨᠡᠮᠡᠭᠳᠡᠭᠦᠯᠦᠨ᠎ᠡ᠃ | ᠪᠤᠳᠠᠰ ᠤᠨ ᠭᠦᠢᠯᠬᠡᠬᠡᠨ ᠤ ᠠᠵᠤ ᠤᠶᠢᠯᠡᠰ ᠤᠨ ᠲᠡᠰ ᠲᠠᠪᠬᠤᠷᠭ᠎ᠠ ᠶᠢ ᠲᠡᠭᠡᠭᠰᠢᠯᠡᠭᠦᠯᠦᠨ᠎ᠡ᠃ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠭᠠᠷᠭᠠᠵᠤ᠂ | ᠨᠡᠭᠦᠷᠡᠰᠤ᠂ ᠪᠠᠶᠢᠭᠠᠯᠢ ᠶᠢᠨ ᠰᠢᠳᠠᠮᠠᠬᠠᠢ ᠬᠡᠢ᠂ ᠨᠡᠭᠦᠷᠡᠰᠤᠨ ᠤ ᠬᠢᠮᠢ ᠶᠢᠨ ᠠᠵᠤ ᠤᠶᠢᠯᠡᠳᠪᠦᠷᠢ᠂ ᠴᠠᠬᠢᠭᠤᠷᠳᠤ ᠲᠡᠮᠦᠷ᠂ PVC ᠵᠡᠷᠬᠡ ᠶᠡᠭᠡ ᠬᠡᠮᠵᠢᠶᠡᠨ ᠤ | ᠲᠠᠸᠠᠷ ᠤᠨ ᠠᠷᠠᠯᠵᠢᠶᠠᠨ ᠤ ᠲᠠᠪᠴᠠᠩ ᠢ ᠢᠳᠡᠪᠬᠢᠲᠠᠢ ᠪᠠᠶᠢᠭᠤᠯᠵᠤ᠂ ᠰᠦᠯᠵᠢᠶᠡᠨ ᠲᠡᠬᠡᠷ᠎ᠡ ᠠᠷᠠᠯᠵᠢᠶᠠᠯᠠᠬᠤ ᠬᠡᠮᠵᠢᠶ᠎ᠡ ᠶᠢ ᠦᠷᠬᠡᠳᠬᠡᠵᠤ᠂ ᠤᠯᠤᠰ ᠤᠨ ᠪᠠᠷᠠᠭᠤᠨ | ᠤᠷᠤᠨ ᠤ ᠡᠨᠧᠷᠬᠢ ᠶᠢᠨ ᠠᠷᠠᠯᠵᠢᠶᠠᠨ ᠤ ᠲᠦᠪ ᠢ ᠲᠦᠷᠬᠡᠨ ᠢᠶᠠᠷ ᠪᠦᠲᠦᠬᠡᠨ ᠪᠠᠶᠢᠭᠤᠯᠤᠨ᠎ᠠ᠃ ᠲᠦᠯᠦᠪᠵᠢᠭᠦᠯᠬᠡ ᠶᠢ ᠲᠡᠭᠦᠯᠳᠡᠷᠵᠢᠭᠦᠯᠵᠤ᠂ ᠭᠤᠤᠯᠳᠠᠯᠭ᠎ᠠ ᠲᠠᠢ | ᠲᠡᠮᠦᠷ ᠵᠠᠮ ᠲᠠᠭᠠᠤ ᠨᠢᠭᠡ ᠪᠦᠯᠦᠭ ᠤᠳᠤᠬᠢᠴᠢᠯᠠᠭᠰᠠᠨ ᠨᠡᠭᠦᠷᠡᠰᠤᠨ ᠤ ᠪᠤᠳᠠᠰ ᠤᠨ ᠭᠦᠢᠯᠬᠡᠬᠡᠨ ᠤ ᠲᠦᠪᠯᠡᠷᠡᠭᠦᠯᠦᠨ ᠰᠠᠪᠠᠯᠠᠬᠤ ᠦᠷᠳᠡᠭᠡ ᠶᠢ ᠪᠦᠲᠦᠬᠡᠨ | ᠪᠠᠶᠢᠭᠤᠯᠵᠤ᠂ ᠵᠠᠰᠠᠮᠠᠯ ᠵᠠᠮ ᠪᠠ ᠲᠡᠮᠦᠷ ᠵᠠᠮ᠂ ᠲᠡᠮᠦᠷ ᠵᠠᠮ ᠪᠠ ᠲᠠᠯᠠᠢ ᠶᠢᠨ ᠵᠠᠮ ᠢᠶᠠᠷ ᠬᠤᠯᠪᠤᠭᠠᠯᠠᠨ ᠲᠡᠬᠡᠬᠡᠪᠦᠷᠢᠯᠡᠬᠦ ᠰᠢᠨ᠎ᠡ ᠬᠡᠪ ᠵᠠᠭᠪᠤᠷ ᠢ ᠶᠡᠬᠡᠪᠡᠷ | ᠬᠦᠭᠵᠢᠭᠦᠯᠵᠤ᠂ ᠨᠡᠭᠦᠷᠡᠰᠤ ᠶᠢ ᠭᠠᠳᠠᠭᠰᠢ ᠲᠡᠬᠡᠬᠡᠪᠦᠷᠢᠯᠡᠬᠦ ᠴᠢᠳᠠᠪᠦᠷᠢ ᠶᠢ ᠲᠡᠭᠡᠭᠰᠢᠯᠡᠭᠦᠯᠦᠨ᠎ᠡ᠃ ᠶᠡᠷᠦᠩᠬᠡᠶᠢᠯᠡᠭᠰᠡᠨ ᠭᠠᠶᠢᠯᠢ ᠪᠠᠳᠤᠯᠠᠬᠤ ᠤᠷᠤᠨ ᠤ ᠰᠠᠭᠤᠷᠢ | ᠲᠦᠭᠦᠭᠡᠷᠤᠮᠵᠢ ᠶᠢᠨ ᠪᠦᠲᠦᠬᠡᠨ ᠪᠠᠶᠢᠭᠤᠯᠤᠯᠳᠠ ᠶᠢ ᠲᠦᠷᠬᠡᠳᠬᠡᠵᠤ᠂ ᠠᠭᠠᠷ ᠤᠨ ᠭᠠᠷᠠᠮ ᠤᠨ ᠪᠠᠷᠠᠭ᠎ᠠ ᠲᠡᠬᠡᠬᠡᠪᠦᠷᠢ ᠶᠢᠨ ᠶᠡᠷᠦᠩᠬᠡᠶᠢᠯᠡᠭᠰᠡᠨ ᠵᠠᠩᠬᠢᠯᠠᠭ᠎ᠠ ᠶᠢᠨ | ᠲᠦᠷᠦᠯ ᠵᠤᠶᠢᠯ ᠢ ᠡᠬᠢᠯᠡᠭᠦᠯᠵᠤ᠂ ᠭᠠᠵᠠᠷ ᠤᠷᠤᠨ ᠤ ᠲᠦᠷᠬᠡᠨ ᠬᠦᠷᠬᠡᠯᠳᠡ ᠶᠢᠨ ᠲᠦᠪᠯᠡᠷᠡᠭᠦᠯᠵᠤ ᠲᠠᠷᠬᠠᠭᠠᠬᠤ ᠲᠦᠪ᠂ ᠠᠭᠠᠷ ᠤᠨ ᠪᠤᠳᠠᠰ ᠤᠨ ᠭᠦᠢᠯᠬᠡᠬᠡᠨ ᠤ | ᠲᠦᠪ ᠢ ᠪᠦᠲᠦᠬᠡᠨ ᠪᠠᠶᠢᠭᠤᠯᠵᠤ᠂ ᠠᠭᠠᠷ ᠤᠨ ᠭᠠᠷᠠᠮ ᠤᠨ ᠬᠦᠷᠢᠶᠡᠯᠡᠩ ᠢ ᠪᠦᠬᠦ ᠬᠤᠳᠠ ᠶᠢᠨ ᠪᠤᠳᠠᠰ ᠤᠨ ᠭᠦᠢᠯᠬᠡᠬᠡᠨ ᠤ ᠣᠶᠢᠯᠡᠰ ᠤᠨ ᠭᠦᠭᠵᠢᠯᠳᠡ ᠶᠢᠨ | ᠲᠠᠭᠠᠭᠤᠯᠤᠭᠴᠢ ᠪᠤᠯᠭᠠᠨ ᠪᠠᠶᠢᠭᠤᠯᠤᠨ᠎ᠠ᠃ ᠠᠴᠢᠶᠠᠨ ᠤ ᠲᠡᠷᠬᠡ ᠶᠢᠨ ᠠᠶᠢᠮᠠᠭ ᠪᠦᠯᠦᠭ ᠵᠡᠷᠬᠡ ᠤᠶᠤᠨᠳᠤ ᠪᠤᠳᠠᠰ ᠤᠨ ᠭᠦᠢᠯᠬᠡᠬᠡᠨ ᠤ ᠲᠦᠷᠦᠯ ᠵᠤᠶᠢᠯ ᠢ | ᠤᠷᠤᠭᠤᠯᠤᠨ ᠬᠡᠷᠡᠭᠵᠢᠭᠦᠯᠵᠤ᠂ ᠪᠤᠳᠠᠰ ᠤᠨ ᠭᠦᠢᠯᠬᠡᠬᠡᠨ ᠤ ᠮᠡᠳᠡᠭᠡ ᠵᠠᠩᠬᠢᠴᠢᠯᠠᠭᠰᠠᠨ ᠬᠢᠷᠢ ᠲᠦᠪᠰᠢᠨ ᠢ ᠪᠦᠬᠦ ᠲᠠᠯ᠎ᠠ ᠪᠠᠷ ᠲᠡᠭᠡᠭᠰᠢᠯᠡᠭᠦᠯᠦᠨ᠎ᠡ᠃ ᠤᠯᠤᠰ ᠤᠨ | ᠬᠢᠯᠢ ᠠᠯᠤᠰᠯᠠᠭᠰᠠᠨ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠤᠷᠰᠢᠯᠳᠠ ᠶᠢᠨ ᠤᠷᠤᠨ ᠢ ᠭᠤᠶᠤᠴᠢᠯᠠᠨ ᠮᠡᠳᠡᠭᠦᠯᠵᠤ᠂ ᠡᠯᠧᠺᠲᠷᠤᠨ | ᠬᠤᠳᠠᠯᠳᠤᠭᠠᠨ ᠤ ᠶᠠᠪᠤᠳᠠᠯ ᠤᠨ ᠠᠵᠤ ᠠᠬᠤᠶᠢᠯᠠᠯ ᠢ ᠴᠤᠭᠯᠠᠷᠠᠭᠤᠯᠵᠤ᠂ ︽ᠲᠤᠮᠤ ᠡᠯᠧᠺᠲᠷᠤᠨ ᠬᠤᠳᠠᠯᠳᠤᠭᠠᠨ ᠤ ᠶᠠᠪᠤᠳᠠᠯ︾ ᠤᠨ ᠪᠦᠲᠦᠴᠡ ᠶᠢ ᠪᠦᠷᠢᠯᠳᠦᠭᠦᠯᠬᠦ | ᠶᠢ ᠠᠬᠢᠭᠤᠯᠤᠨ᠎ᠠ᠃ | ᠮᠦᠩᠭᠦᠨ ᠭᠦᠢᠯᠬᠡᠬᠡᠨ ᠤ ᠠᠵᠤ ᠤᠶᠢᠯᠡᠰ ᠤᠨ ᠲᠤᠭᠳᠠᠯᠴᠠᠭ᠎ᠠ ᠶᠢ ᠲᠡᠭᠦᠯᠳᠡᠷᠵᠢᠭᠦᠯᠦᠨ᠎ᠡ᠃ ᠦᠪᠦᠷ ᠮᠤᠩᠭᠤᠯ ᠪᠠᠩᠬᠢ᠂ ᠪᠦᠸᠧᠬᠠᠢ ᠪᠠᠩᠬᠢ ᠵᠢᠴᠢ | ᠲᠠᠭᠠᠳᠬᠠᠯ᠂ ᠲᠡᠮᠳᠡᠭᠳᠤ ᠵᠡᠷᠬᠡ ᠮᠦᠩᠭᠦᠨ ᠭᠦᠢᠯᠬᠡᠬᠡᠨ ᠤ ᠪᠠᠶᠢᠭᠤᠯᠤᠮᠵᠢ ᠶᠢ ᠢᠳᠡᠪᠬᠢᠲᠠᠢ ᠤᠷᠤᠭᠤᠯᠤᠨ ᠨᠤᠳᠤᠭᠰᠢᠯᠠᠭᠤᠯᠵᠤ᠂ ᠨᠦᠭᠦᠴᠡᠯ ᠳᠤ ᠨᠡᠶᠢᠴᠡᠬᠦ ᠲᠤᠮᠤ | ᠬᠡᠯᠪᠡᠷᠢ ᠶᠢᠨ ᠠᠵᠤ ᠠᠬᠤᠶᠢᠯᠠᠯ ᠢ ᠵᠤᠷᠢᠭᠵᠢᠭᠤᠯᠤᠨ ᠠᠷᠠᠳ ᠤᠨ ᠡᠵᠡᠩᠨᠡᠯ ᠤᠨ ᠪᠠᠩᠬᠢ᠂ ᠠᠵᠤ ᠠᠬᠤᠶᠢᠯᠠᠯ ᠤᠨ ᠡᠳ᠋ ᠤᠨ ᠶᠠᠪᠤᠳᠠᠯ ᠤᠨ ᠺᠤᠮᠫᠠᠨᠢ ᠪᠠ ᠰᠠᠭᠤᠷᠢ | ᠮᠦᠩᠭᠦᠨ ᠤ ᠺᠤᠮᠫᠠᠨᠢ ᠶᠢ ᠡᠬᠢᠯᠡᠨ ᠪᠠᠶᠢᠭᠤᠯᠵᠤ᠂ ᠡᠯ᠎ᠡ ᠲᠦᠷᠦᠯ ᠤᠨ ᠮᠦᠩᠭᠦᠨ ᠭᠦᠢᠯᠬᠡᠬᠡᠨ ᠤ ᠡᠵᠡᠩᠨᠡᠯᠳᠡ ᠶᠢᠨ ᠬᠡᠯᠪᠡᠷᠢ ᠶᠢ ᠪᠦᠬᠦ ᠲᠠᠯ᠎ᠠ ᠪᠠᠷ ᠪᠦᠷᠬᠦᠬᠦᠯᠬᠦ ᠶᠢ | ᠪᠡᠶᠡᠯᠡᠭᠦᠯᠦᠨ᠎ᠡ᠃ ᠤᠷᠤᠨ ᠨᠤᠳᠤᠭ ᠤᠨ ᠬᠤᠳᠠᠯᠳᠤᠭᠠᠨ ᠤ ᠪᠠᠩᠬᠢ ᠶᠢᠨ ᠪᠡᠯᠡ ᠮᠦᠩᠭᠦ ᠶᠢ ᠨᠡᠮᠡᠭᠳᠡᠭᠦᠯᠦᠨ ᠬᠤᠪᠢ ᠤᠷᠤᠭᠤᠯᠤᠯᠳᠠ ᠶᠢ ᠦᠷᠬᠡᠳᠬᠡᠵᠤ᠂ ᠵᠡᠭᠦᠨᠭᠠᠷ | ᠤᠨ ᠨᠡᠭᠦᠷᠡᠰᠤᠨ ᠤ ᠬᠤᠯᠪᠤᠭᠠᠳᠤ ᠬᠤᠷᠰᠢᠶ᠎ᠠ᠂ ᠡᠵᠡᠨ ᠬᠤᠷᠤᠭ᠎ᠠ ᠬᠤᠰᠢᠭᠤᠨ ᠤ ᠠᠭᠤᠷᠬᠠᠢ ᠶᠢᠨ ᠤᠷᠤᠨ ᠤ ᠬᠤᠯᠪᠤᠭᠠᠳᠤ ᠬᠤᠷᠰᠢᠶ᠎ᠠ ᠵᠡᠷᠬᠡ 6 ᠢᠳᠡᠬᠡᠮᠵᠢᠳᠤ | ᠬᠤᠯᠪᠤᠭᠠᠳᠤ ᠬᠤᠷᠰᠢᠶ᠎ᠠ ᠶᠢᠨ ᠪᠠᠶᠢᠭᠤᠯᠤᠯ ᠢ ᠦᠬᠡᠷᠡᠴᠢᠯᠡᠬᠡᠳ ᠬᠦᠳᠡᠭᠡ ᠲᠤᠰᠬᠤᠨ ᠤ ᠬᠤᠳᠠᠯᠳᠤᠭᠠᠨ ᠤ ᠪᠠᠩᠬᠢ ᠪᠤᠯᠭᠠᠨ᠎ᠠ᠃ ᠬᠤᠳᠠ ᠶᠢᠨ ᠪᠡᠯᠡ | ᠤᠷᠤᠭᠤᠯᠤᠯᠳᠠ ᠶᠢᠨ ᠲᠠᠭᠠᠭᠠᠯᠳᠠ ᠶᠢᠨ ᠺᠤᠮᠫᠠᠨᠢ ᠶᠢ ᠪᠤᠵᠠᠭᠠᠶᠢᠷᠠᠭᠤᠯᠵᠤ᠂ ᠬᠤᠳᠠ ᠶᠢᠨ ᠮᠦᠩᠭᠦᠨ ᠭᠦᠢᠯᠬᠡᠬᠡᠨ ᠤ ᠬᠤᠪᠢ ᠡᠷᠬᠡᠰᠢᠶᠡᠬᠦ ᠪᠦᠯᠦᠭᠯᠡᠯᠳᠤ ᠺᠤᠮᠫᠠᠨᠢ ᠶᠢ | ᠵᠤᠬᠢᠶᠠᠨ ᠪᠠᠶᠢᠭᠤᠯᠤᠨ᠎ᠠ᠃ ᠠᠵᠤ ᠠᠬᠤᠶᠢᠯᠠᠯ ᠤᠨ ᠰᠲ᠋ᠤᠺ ᠢᠶᠠᠨ ᠵᠠᠬ᠎ᠠ ᠲᠡᠯᠬᠡᠭᠦᠷ ᠲᠤ ᠭᠠᠷᠭᠠᠬᠤ ᠶᠢ ᠰᠠᠶᠢᠰᠢᠶᠠᠨ ᠬᠦᠬᠢᠭᠦᠯᠬᠦ ᠪᠡᠯᠡ ᠮᠦᠩᠭᠦ ᠲᠤᠬᠢᠷᠠᠭᠤᠯᠵᠤ᠂ | ᠠᠵᠤ ᠠᠬᠤᠶᠢᠯᠠᠯ ᠤᠨ ᠰᠲ᠋ᠤᠺ ᠤᠨ ᠡᠷᠬᠡ ᠶᠢᠨ ᠦᠬᠡᠷᠡᠴᠢᠯᠡᠯᠳᠡ ᠪᠠ ᠰᠲ᠋ᠤᠺ ᠢᠶᠠᠨ ᠵᠠᠬ᠎ᠠ ᠲᠡᠯᠬᠡᠭᠦᠷ ᠲᠤ ᠭᠠᠷᠭᠠᠨ ᠫᠠᠶᠢᠰᠠ ᠡᠯᠭᠦᠭᠦ ᠶᠢ ᠲᠡᠮᠵᠢᠵᠤ᠂ ᠰᠲ᠋ᠤᠺ | ᠤᠨ ᠭᠤᠤᠯ ᠲᠠᠪᠴᠠᠩ ᠤᠨ ᠵᠠᠬ᠎ᠠ ᠲᠡᠯᠬᠡᠭᠦᠷ ᠲᠤ ᠰᠲ᠋ᠤᠺ ᠢᠶᠠᠨ ᠭᠠᠷᠭᠠᠭᠰᠠᠨ ᠠᠵᠤ ᠠᠬᠤᠶᠢᠯᠠᠯ ᠢ ᠰᠢᠨ᠎ᠡ ᠪᠠᠷ 1 ᠨᠡᠮᠡᠭᠳᠡᠭᠦᠯᠵᠤ᠂ ︽ᠰᠢᠨ᠎ᠡ ᠭᠤᠷᠪᠠᠨ | ᠲᠠᠪᠴᠠᠩ︾ ᠳᠤ ᠫᠠᠶᠢᠰᠠ ᠡᠯᠭᠦᠭᠰᠡᠨ ᠠᠵᠤ ᠠᠬᠤᠶᠢᠯᠠᠯ ᠢ ᠰᠢᠨ᠎ᠡ ᠪᠠᠷ 2 ᠨᠡᠮᠡᠭᠳᠡᠭᠦᠯᠵᠤ᠂ ᠤᠷᠤᠨ ᠲᠤᠭᠤᠷᠢᠭ ᠤᠨ ᠴᠢᠨᠠᠷᠲᠠᠢ ᠰᠲ᠋ᠤᠺ ᠤᠨ ᠡᠷᠬᠡ ᠶᠢᠨ ᠵᠠᠬ᠎ᠠ | ᠲᠡᠯᠬᠡᠭᠦᠷ ᠲᠤ ᠫᠠᠶᠢᠰᠠ ᠡᠯᠭᠦᠭᠰᠡᠨ ᠠᠵᠤ ᠠᠬᠤᠶᠢᠯᠠᠯ ᠢ ᠰᠢᠨ᠎ᠡ ᠪᠠᠷ 30 ᠨᠡᠮᠡᠭᠳᠡᠭᠦᠯᠦᠨ᠎ᠡ᠃ | ︵ᠲᠦᠷᠪᠡ︶ ᠬᠤᠳᠠ ᠬᠦᠳᠡᠭᠡ ᠶᠢᠨ ᠪᠦᠲᠦᠬᠡᠨ ᠪᠠᠶᠢᠭᠤᠯᠤᠯᠳᠠ ᠶᠢ ᠨᠢᠭᠡᠳᠤᠯᠲᠠᠢ ᠲᠦᠯᠦᠪᠯᠡᠨ ᠠᠬᠢᠭᠤᠯᠵᠤ᠂ ᠬᠤᠳᠠ ᠬᠦᠳᠡᠭᠡ ᠶᠢᠨ ᠤᠷᠤᠰᠢᠨ | ᠰᠠᠭᠤᠬᠤ ᠳᠤ ᠲᠤᠬᠢᠷᠠᠮᠵᠢᠲᠠᠢ ᠬᠢᠷᠢ ᠲᠦᠪᠰᠢᠨ ᠢ ᠲᠡᠭᠡᠭᠰᠢᠯᠡᠭᠦᠯᠦᠨ᠎ᠡ᠃ | ᠬᠤᠳᠠ ᠶᠢᠨ ᠴᠢᠨᠠᠷ ᠲᠡᠰ ᠢ ᠲᠡᠭᠡᠭᠰᠢᠯᠡᠭᠦᠯᠬᠦ ᠠᠵᠢᠯᠯᠠᠭ᠎ᠠ ᠶᠢ ᠬᠦᠨᠵᠡᠬᠡᠢ ᠦᠷᠨᠢᠭᠦᠯᠦᠨ᠎ᠡ᠃ ᠭᠠᠵᠠᠷ ᠤᠷᠤᠨ ᠪᠠ ᠦᠨᠳᠦᠰᠦᠳᠡᠨ ᠤ ᠤᠨᠴᠠᠯᠢᠭ ᠢ | ᠲᠤᠪᠤᠶᠢᠯᠭᠠᠵᠤ᠂ ᠬᠤᠳᠠ ᠶᠢᠨ ᠲᠦᠯᠦᠪᠵᠢᠭᠦᠯᠬᠡ ᠶᠢ ᠦᠨᠳᠦᠷ ᠡᠬᠢᠯᠡᠯᠳᠡ ᠶᠢᠨ ᠴᠢᠭ᠂ ᠦᠨᠳᠦᠷ ᠪᠠᠷᠢᠮᠵᠢᠶ᠎ᠠ ᠪᠠᠷ ᠰᠠᠶᠢᠳᠤᠷ ᠬᠢᠵᠤ᠂ ᠬᠤᠳᠠ ᠶᠢᠨ ᠶᠡᠷᠦᠩᠬᠡᠢ | ᠲᠦᠯᠦᠪᠵᠢᠭᠦᠯᠬᠡ ᠶᠢ ᠵᠠᠰᠠᠪᠦᠷᠢᠯᠠᠨ ᠨᠠᠶᠢᠷᠠᠭᠤᠯᠬᠤ ᠠᠵᠢᠯ ᠢ ᠡᠬᠢᠯᠡᠭᠦᠯᠦᠨ᠎ᠡ᠃ ᠬᠤᠳᠠ ᠶᠢᠨ ᠴᠢᠳᠠᠮᠵᠢ ᠶᠢ ᠲᠡᠭᠦᠯᠳᠡᠷᠵᠢᠭᠦᠯᠵᠤ᠂ 177 ᠲᠦᠷᠦᠯ ᠤᠨ ᠬᠤᠳᠠ | ᠶᠢᠨ ᠶᠠᠪᠤᠳᠠᠯ ᠤᠨ ᠰᠠᠭᠤᠷᠢ ᠲᠦᠭᠦᠭᠡᠷᠤᠮᠵᠢ ᠶᠢᠨ ᠲᠦᠷᠦᠯ ᠵᠤᠶᠢᠯ ᠢ ᠬᠡᠷᠡᠭᠵᠢᠭᠦᠯᠵᠤ᠂ ᠬᠤᠳᠠ ᠶᠢᠨ ᠬᠡᠪᠴᠢᠶᠡᠨ ᠤ ᠬᠡᠢ ᠬᠠᠩᠭᠠᠬᠤ ᠬᠤᠭᠤᠯᠠᠢ ᠶᠢᠨ ᠲᠤᠤᠷ ᠢ | ᠰᠢᠨ᠎ᠡ ᠪᠠᠷ 370 ᠺᠢᠯᠤᠮᠧᠲᠷ ᠤᠭᠰᠠᠷᠠᠭᠤᠯᠤᠨ ᠪᠠᠶᠢᠭᠤᠯᠵᠤ᠂ ᠬᠤᠰᠢᠭᠤ ᠲᠤᠭᠤᠷᠢᠭ ᠤᠨ ᠠᠮᠢᠳᠤᠷᠠᠯ ᠤᠨ ᠪᠤᠵᠠᠷ ᠤᠰᠤ ᠶᠢ ᠴᠡᠪᠡᠷᠰᠢᠭᠦᠯᠬᠦ ᠣᠶᠢᠯᠡᠳᠪᠦᠷᠢ ᠶᠢᠨ | ᠪᠠᠷᠢᠮᠵᠢᠶ᠎ᠠ ᠶᠢ ᠲᠡᠭᠡᠭᠰᠢᠯᠡᠭᠦᠯᠦᠨ ᠦᠬᠡᠷᠡᠴᠢᠯᠡᠬᠦ ᠶᠢ ᠪᠡᠶᠡᠯᠡᠭᠦᠯᠵᠤ᠂ ᠬᠤᠭ ᠨᠤᠪᠰᠢ ᠶᠢ ᠬᠤᠤᠷ ᠬᠦᠨᠦᠬᠡᠯ ᠦᠬᠡᠢ ᠰᠢᠢᠳᠪᠦᠷᠢᠯᠡᠬᠦ ᠰᠢᠨ᠎ᠡ ᠮᠡᠷᠭᠡᠵᠢᠯ᠂ ᠰᠢᠨ᠎ᠡ ᠭᠠᠷ | ᠤᠷᠠᠯᠠᠯ᠂ ᠰᠢᠨ᠎ᠡ ᠲᠦᠷᠦᠯ ᠵᠤᠶᠢᠯ ᠢ ᠤᠷᠤᠭᠤᠯᠤᠨ᠎ᠠ᠃ ᠳ᠋ᠦᠩᠱᠧᠩ ᠠᠯᠳᠠᠨᠰᠢᠷᠡᠬᠡᠳᠤ ᠬᠢᠶ᠎ᠡ ᠪᠠᠭᠰᠢ ᠶᠢ ᠨᠢᠭᠡ ᠴᠤᠭᠴᠠᠵᠢᠭᠤᠯᠤᠨ ᠬᠠᠮᠵᠢᠯᠴᠠᠨ ᠬᠦᠭᠵᠢᠭᠦᠯᠬᠦ ᠶᠢ | ᠠᠬᠢᠭᠤᠯᠵᠤ᠂ ᠰᠠᠭᠤᠷᠢ ᠲᠦᠭᠦᠭᠡᠷᠤᠮᠵᠢ ᠶᠢ ᠬᠠᠷᠢᠯᠴᠠᠨ ᠨᠡᠪᠲᠡᠷᠡᠭᠦᠯᠬᠦ᠂ ᠤᠯᠠᠨ ᠨᠡᠶᠢᠳᠡ ᠶᠢᠨ ᠲᠦᠭᠦᠭᠡᠷᠤᠮᠵᠢ ᠶᠢ ᠬᠠᠮᠳᠤᠪᠠᠷ ᠪᠠᠶᠢᠭᠤᠯᠵᠤ ᠬᠠᠮᠳᠤᠪᠠᠷ ᠡᠳ᠋ᠯᠡᠬᠦ | ᠶᠢ ᠪᠡᠶᠡᠯᠡᠭᠦᠯᠦᠨ᠎ᠡ᠃ ᠨᠤᠭᠤᠭᠠᠷᠠᠭᠤᠯᠤᠯᠳᠠ ᠴᠡᠴᠡᠷᠯᠢᠭᠵᠢᠭᠦᠯᠦᠯᠳᠡ ᠶᠢᠨ ᠴᠢᠨᠠᠷ ᠲᠡᠰ ᠢ ᠲᠡᠭᠡᠭᠰᠢᠯᠡᠭᠦᠯᠵᠤ᠂ ᠨᠤᠭᠤᠭᠠᠨ ᠭᠠᠵᠠᠷ ᠢ ᠰᠢᠨ᠎ᠡ ᠪᠠᠷ 800 ᠲᠦᠮᠡᠨ | ᠲᠡᠭᠰᠢ ᠲᠦᠷᠪᠡᠯᠵᠢᠨ ᠮᠧᠲᠷ ᠪᠠᠶᠢᠭᠤᠯᠬᠤ ᠪᠠ ᠦᠬᠡᠷᠡᠴᠢᠯᠡᠨ᠎ᠡ᠃ ᠵᠡᠭᠦᠨ ᠪᠠᠷᠠᠭᠤᠨ ᠤᠯᠠᠭᠠᠨ ᠨᠠᠭᠤᠷ ᠤᠨ ᠦᠵᠡᠮᠵᠢ ᠶᠢ ᠪᠦᠲᠦᠬᠡᠨ ᠪᠠᠶᠢᠭᠤᠯᠬᠤ ᠢᠨᠵᠧᠨᠧᠷᠢᠩ ᠢ | ᠬᠡᠷᠡᠭᠵᠢᠭᠦᠯᠵᠤ᠂ ᠤᠰᠤᠨ ᠡᠷᠬᠢ ᠶᠢᠨ ᠰᠢᠨ᠎ᠡ ᠬᠤᠳᠠ ᠶᠢᠨ ᠢᠵᠢ ᠪᠦᠷᠢᠳᠦᠭᠦᠯᠦᠭᠰᠡᠨ ᠣᠶᠢᠯᠡᠴᠢᠯᠡᠬᠡᠨ ᠤ ᠲᠦᠭᠦᠭᠡᠷᠤᠮᠵᠢ ᠶᠢ ᠲᠡᠭᠦᠯᠳᠡᠷᠵᠢᠭᠦᠯᠵᠤ᠂ | ᠤᠯᠠᠭᠠᠨᠮᠦ᠋ᠷᠡᠨ ᠭᠤᠤᠯ ᠤᠨ ᠡᠮᠦᠨ᠎ᠡ ᠡᠷᠬᠢ ᠶᠢᠨ ᠲᠤᠭᠤᠷᠢᠭ ᠤᠨ ᠤᠷᠤᠰᠢᠨ ᠰᠠᠭᠤᠬᠤ ᠳᠤ ᠲᠤᠬᠢᠷᠠᠮᠵᠢᠲᠠᠢ ᠬᠢᠷᠢ ᠲᠦᠪᠰᠢᠨ ᠢ ᠲᠡᠭᠡᠭᠰᠢᠯᠡᠭᠦᠯᠦᠨ᠎ᠡ᠃ ᠬᠠᠭᠤᠴᠢᠨ | ᠵᠢᠵᠢᠭ ᠲᠤᠭᠤᠷᠢᠭ ᠢ ᠦᠬᠡᠷᠡᠴᠢᠯᠡᠬᠦ ᠶᠢ ᠠᠬᠢᠭᠤᠯᠵᠤ᠂ ᠠᠳᠠᠯ ᠠᠬᠤᠢ ᠶᠢᠨ ᠪᠠᠷᠢᠮᠵᠢᠶᠠᠴᠢᠯᠠᠭᠰᠠᠨ ᠬᠠᠮᠢᠶᠠᠷᠤᠯᠳᠠ ᠶᠢᠨ ᠬᠡᠪ ᠵᠠᠭᠪᠤᠷ ᠢ ᠬᠡᠷᠡᠭᠵᠢᠭᠦᠯᠦᠨ᠎ᠡ᠃ | ᠰᠠᠶᠢᠵᠢᠷᠠᠭᠤᠯᠬᠤ ᠴᠢᠨᠠᠷ ᠲᠠᠢ ᠤᠷᠤᠨ ᠰᠠᠭᠤᠴᠠ ᠶᠢᠨ ᠬᠡᠷᠡᠭᠴᠡᠭᠡ ᠶᠢ ᠲᠡᠮᠵᠢᠵᠤ᠂ ᠰᠠᠭᠤᠬᠤ ᠤᠷᠤᠨ ᠰᠠᠭᠤᠴᠠ ᠶᠢᠨ ᠲᠦᠷᠢᠶᠡᠰᠦᠯᠡᠬᠦ ᠵᠠᠬ᠎ᠠ ᠲᠡᠯᠬᠡᠭᠦᠷ ᠢ | ᠬᠦᠭᠵᠢᠭᠦᠯᠵᠤ᠂ ᠭᠠᠵᠠᠷ ᠬᠦᠷᠦᠩᠬᠡ ᠶᠢᠨ ᠬᠦᠮᠦᠷᠬᠡᠯᠡᠯᠳᠡ ᠶᠢ ᠪᠠᠭᠠᠰᠬᠠᠬᠤ ᠶᠢ ᠠᠬᠢᠭᠤᠯᠵᠤ᠂ ᠬᠤᠳᠠ ᠶᠢᠨ ᠪᠦᠷᠬᠡ ᠤᠷᠤᠨ ᠤ 5399 ᠬᠡᠷ ᠪᠠᠶᠢᠰᠢᠩ ᠢ | ᠦᠬᠡᠷᠡᠴᠢᠯᠡᠵᠤ᠂ ᠬᠡᠷ ᠪᠠᠶᠢᠰᠢᠩ ᠭᠠᠵᠠᠷ ᠬᠦᠷᠦᠩᠬᠡ ᠶᠢᠨ 240 ᠲᠦᠮᠡᠨ ᠲᠡᠭᠰᠢ ᠲᠦᠷᠪᠡᠯᠵᠢᠨ ᠮᠧᠲᠷ ᠤᠨ ᠬᠦᠮᠦᠷᠬᠡᠯᠡᠯᠳᠡ ᠶᠢ ᠰᠢᠢᠳᠪᠦᠷᠢᠯᠡᠨ᠎ᠡ᠃ ︽ | ᠤᠯᠤᠰ ᠤᠨ ᠤᠶᠤᠨᠳᠤ ᠬᠤᠳᠠ︾ ᠶᠢᠨ ᠲᠤᠷᠰᠢᠯᠳᠠ ᠶᠢᠨ ᠴᠢᠭ ᠤᠨ ᠪᠦᠲᠦᠬᠡᠨ ᠪᠠᠶᠢᠭᠤᠯᠤᠯᠳᠠ ᠶᠢᠨ ᠡᠭᠦᠷᠬᠡ ᠶᠢ ᠠᠬᠢᠭᠤᠯᠵᠤ᠂ ᠭᠤᠤᠳᠠᠯᠭᠠᠳᠤ ᠬᠤᠳᠠ | ᠲᠤᠭᠤᠷᠢᠭ ᠤᠨ ᠲᠤᠭᠠᠴᠠᠯᠠᠭᠰᠠᠨ ᠬᠠᠮᠢᠶᠠᠷᠤᠯᠳᠠ ᠶᠢ ᠪᠦᠬᠦ ᠲᠠᠯ᠎ᠠ ᠪᠠᠷ ᠪᠦᠷᠬᠦᠬᠦᠯᠬᠦ ᠶᠢ ᠪᠡᠶᠡᠯᠡᠭᠦᠯᠦᠨ᠎ᠡ᠃ ᠠᠮᠢ ᠠᠬᠤᠢ ᠶᠢᠨ ᠤᠷᠤᠰᠢᠨ ᠰᠠᠭᠤᠬᠤ ᠳᠤ | ᠲᠤᠬᠢᠷᠠᠮᠵᠢᠲᠠᠢ ᠰᠢᠶᠠᠨ ᠬᠤᠳᠠ ᠶᠢ ᠡᠭᠦᠳᠦᠨ ᠪᠠᠶᠢᠭᠤᠯᠬᠤ ᠠᠵᠢᠯ ᠢ ᠦᠷᠨᠢᠭᠦᠯᠵᠤ᠂ ᠪᠤᠢ ᠪᠦᠬᠦᠢ ᠬᠤᠰᠢᠭᠤ ᠲᠤᠭᠤᠷᠢᠭ ᠢ ᠡᠭᠦᠳᠦᠨ ᠪᠠᠶᠢᠭᠤᠯᠬᠤ ᠪᠠᠷᠢᠮᠵᠢᠶ᠎ᠠ | ᠳᠤ ᠬᠦᠷᠬᠡᠬᠦ ᠪᠠᠷ ᠴᠢᠷᠮᠠᠶᠢᠨ᠎ᠠ᠃ ᠤᠷᠳᠤᠰ ᠤᠨ ᠤᠯᠠᠨ ᠤᠯᠤᠰ ᠤᠨ ᠨᠠᠭᠠᠳᠤᠮ ᠤᠨ ᠬᠤᠷᠠᠯ᠂ ᠤᠯᠠᠨ ᠤᠯᠤᠰ ᠤᠨ ᠰᠤᠶᠤᠯ ᠤᠨ ᠪᠦᠲᠦᠬᠡᠯᠴᠢ ᠲᠦᠰᠦᠪᠯᠡᠯ ᠤᠨ | ᠴᠤᠭᠯᠠᠭᠠᠨ ᠪᠠ ᠢᠮᠠᠭᠠᠨ ᠨᠤᠯᠤᠤᠷ᠂ ᠨᠡᠭᠦᠷᠡᠰᠤ᠂ ᠰᠤᠶᠤᠯ ᠤᠨ ᠠᠵᠤ ᠤᠶᠢᠯᠡᠰ ᠤᠨ ᠦᠵᠡᠰᠭᠦᠯᠡᠩ ᠠᠷᠠᠯᠵᠢᠶᠠᠨ ᠤ ᠴᠤᠭᠯᠠᠭᠠᠨ ᠢ ᠨᠠᠷᠢᠨ ᠨᠢᠮᠪᠠᠢ ᠰᠠᠶᠢᠳᠤᠷ | ᠡᠷᠬᠢᠯᠡᠵᠤ᠂ ᠭᠤᠤᠯᠳᠠᠯᠭᠠᠳᠤ ᠬᠤᠳᠠ ᠲᠤᠭᠤᠷᠢᠭ ᠢ ᠮᠠᠨ ᠤ ᠬᠤᠳᠠ ᠶᠢᠨ ᠪᠠᠷᠠᠭᠤᠨ ᠤᠷᠤᠨ ᠤ ᠤᠨᠴᠠᠯᠢᠭᠳᠤ ᠦᠵᠡᠭᠦᠯᠦᠯᠬᠡ ᠶᠢᠨ ᠠᠵᠤ ᠠᠬᠤᠢ ᠶᠢᠨ | ᠭᠤᠤᠯᠳᠠᠯᠭᠠᠳᠤ ᠤᠷᠤᠨ ᠪᠤᠯᠭᠠᠨ ᠪᠠᠶᠢᠭᠤᠯᠵᠤ᠂ ᠬᠤᠳᠠᠯᠳᠤᠭ᠎ᠠ ᠠᠷᠠᠯᠵᠢᠶ᠎ᠠ ᠶᠢ ᠲᠠᠰᠤᠷᠠᠯᠳᠠ ᠦᠬᠡᠢ ᠬᠦᠭᠵᠢᠶᠡᠨ ᠲᠠᠢ ᠪᠤᠯᠭᠠᠨ᠎ᠠ᠃ | ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠬᠦᠳᠡᠭᠡ ᠲᠤᠰᠬᠤᠨ ᠢ | ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠲᠦᠯᠦᠪᠵᠢᠭᠦᠯᠬᠡ ᠶᠢ ᠰᠢᠨᠵᠢᠯᠡᠬᠦ ᠤᠬᠠᠭᠠᠨᠴᠢ ᠪᠠᠷ ᠲᠤᠭᠳᠠᠭᠠᠵᠤ᠂ ᠡᠬᠢᠯᠡᠯᠳᠡ ᠶᠢ ᠰᠠᠶᠢᠳᠤᠷ | ᠡᠬᠢᠯᠡᠭᠦᠯᠬᠦ ᠶᠢ ᠪᠠᠳᠤᠯᠠᠨ᠎ᠠ᠃ ᠮᠠᠯᠵᠢᠬᠤ ᠲᠠᠷᠢᠶᠠᠯᠠᠬᠤ ᠤᠷᠤᠨ ᠤ ᠶᠡᠷᠦᠩᠬᠡᠶᠢᠯᠡᠭᠰᠡᠨ ᠦᠬᠡᠷᠡᠴᠢᠯᠡᠯᠳᠡ ᠶᠢ ᠬᠦᠨᠵᠡᠬᠡᠶᠢᠷᠡᠭᠦᠯᠵᠤ᠂ ᠬᠠᠮᠳᠤ ᠶᠢᠨ ᠭᠠᠵᠠᠷ ᠰᠢᠷᠤᠢ ᠶᠢᠨ | ᠦᠮᠴᠢᠯᠡᠬᠦ ᠡᠷᠬᠡ ᠶᠢ ᠲᠤᠭᠳᠠᠭᠠᠵᠤ ᠦᠨᠡᠮᠯᠡᠯ ᠤᠯᠭᠤᠬᠤ ᠪᠠ ᠬᠡᠷ ᠪᠠᠶᠢᠰᠢᠩ ᠭᠠᠵᠠᠷ ᠰᠢᠷᠤᠢ ᠶᠢ ᠨᠢᠭᠡ ᠴᠤᠭᠴᠠᠵᠢᠭᠤᠯᠤᠨ ᠲᠠᠩᠰᠠᠯᠠᠬᠤ ᠠᠵᠢᠯ ᠢ ᠪᠡᠶᠡᠯᠡᠭᠦᠯᠵᠤ᠂ | ᠲᠠᠭᠠᠭᠠᠴᠢᠯᠠᠭᠰᠠᠨ ᠭᠠᠵᠠᠷ ᠤᠨ ︽ᠭᠤᠷᠪᠠ ᠡᠷᠬᠡ︾ ᠶᠢ ᠬᠤᠪᠢᠶᠠᠷᠢᠯᠠᠨ ᠲᠤᠬᠢᠷᠠᠭᠤᠯᠬᠤ ᠶᠢ ᠠᠬᠢᠭᠤᠯᠵᠤ᠂ ᠭᠠᠵᠠᠷ ᠰᠢᠷᠤᠢ ᠨᠤᠳᠤᠭ ᠪᠡᠯᠴᠢᠬᠡᠷ ᠤᠨ | ᠲᠠᠭᠠᠭᠠᠴᠢᠯᠠᠯᠳᠠ ᠶᠢᠨ ᠬᠠᠷᠢᠴᠠᠭ᠎ᠠ ᠶᠢ ᠤᠷᠳᠤ ᠬᠤᠭᠤᠴᠠᠭ᠎ᠠ ᠪᠠᠷ ᠲᠤᠭᠳᠠᠭᠤᠨ ᠪᠠᠶᠢᠯᠭᠠᠬᠤ ᠶᠢ ᠪᠠᠳᠤᠯᠠᠨ᠎ᠠ᠃ ᠶᠠᠰᠤ ᠴᠢᠨᠠᠷ ᠢᠶᠠᠷ ᠲᠠᠷᠢᠶᠠᠯᠠᠩ ᠢ ᠬᠦᠭᠵᠢᠭᠦᠯᠬᠦ᠂ | ᠪᠤᠬᠢᠷᠳᠤᠯ ᠦᠬᠡᠢ ᠪᠠᠷ ᠲᠠᠷᠢᠶᠠᠯᠠᠩ ᠢ ᠬᠦᠭᠵᠢᠭᠦᠯᠬᠦ ᠶᠢ ᠪᠠᠷᠢᠮᠳᠠᠯᠠᠵᠤ᠂ ᠲᠠᠷᠢᠮᠠᠯ ᠲᠡᠵᠢᠬᠡᠪᠦᠷᠢ ᠶᠢᠨ ᠤᠶᠢᠯᠡᠰ ᠤᠨ ᠪᠦᠲᠦᠴᠡ ᠶᠢ ᠰᠢᠯᠢᠳᠡᠭᠵᠢᠭᠦᠯᠵᠤ᠂ ᠪᠤᠬᠢᠷᠳᠤᠯ | ᠦᠬᠡᠢ᠂ ᠤᠷᠭᠠᠨᠢᠭ᠂ ᠨᠡᠶᠢᠳᠡ ᠶᠢᠨ ᠬᠦᠨᠦᠬᠡᠯ ᠦᠬᠡᠢ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢᠨ ᠬᠠᠩᠭᠠᠯᠭ᠎ᠠ ᠶᠢ ᠦᠷᠬᠡᠳᠬᠡᠨ᠎ᠡ᠃ | ᠲᠠᠷᠢᠶᠠᠯᠠᠩ ᠮᠠᠯ ᠠᠵᠤ ᠠᠬᠤᠢ ᠶᠢᠨ ᠰᠢᠨ᠎ᠡ ᠬᠡᠯᠪᠡᠷᠢ ᠶᠢᠨ ᠡᠵᠡᠩᠨᠡᠯᠳᠡ ᠶᠢᠨ ᠭᠤᠤᠯ ᠴᠤᠭᠴᠠ ᠶᠢ ᠪᠤᠶᠢᠵᠢᠭᠤᠯᠤᠨ ᠪᠤᠵᠠᠭᠠᠶᠢᠷᠠᠭᠤᠯᠵᠤ᠂ ᠲᠠᠷᠢᠶᠠᠯᠠᠩ ᠤᠨ | ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢ ᠨᠠᠷᠢᠯᠢᠭ ᠬᠦᠨᠵᠡᠬᠡᠢ ᠪᠤᠯᠪᠠᠰᠤᠷᠠᠭᠤᠯᠬᠤ ᠶᠢ ᠲᠦᠷᠬᠡᠳᠬᠡᠵᠤ᠂ ᠠᠵᠤ ᠤᠶᠢᠯᠡᠰᠵᠢᠭᠰᠡᠨ ᠲᠠᠭᠠᠭᠤᠯᠬᠤ ᠠᠵᠤ ᠠᠬᠤᠶᠢᠯᠠᠯ ᠢ | ᠰᠢᠨ᠎ᠡ ᠪᠠᠷ 20 ᠨᠡᠮᠡᠭᠳᠡᠭᠦᠯᠵᠤ᠂ ᠮᠠᠯᠴᠢᠨ ᠲᠠᠷᠢᠶᠠᠴᠢᠳ ᠤᠨ ᠲᠤᠰᠬᠠᠢ ᠬᠤᠷᠰᠢᠶ᠎ᠠ ᠶᠢ ᠰᠢᠨ᠎ᠡ ᠪᠠᠷ 300 ᠨᠡᠮᠡᠭᠳᠡᠭᠦᠯᠵᠤ᠂ ᠨᠢᠭᠡ ᠪᠦᠯᠦᠭ ᠮᠠᠯᠵᠢᠬᠤ | ᠲᠠᠷᠢᠶᠠᠯᠠᠬᠤ ᠤᠷᠤᠨ ᠤ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠬᠦ ᠡᠷᠦᠬᠡ ᠶᠢ ᠪᠠᠶᠢᠭᠤᠯᠵᠤ᠂ ᠴᠢᠨᠠᠷ ᠰᠠᠶᠢᠲᠠᠢ ᠲᠠᠷᠢᠶᠠᠯᠠᠩ ᠤᠨ | ᠪᠦᠲᠦᠭᠡᠭᠳᠡᠭᠦᠨ ᠮᠠᠯ ᠤᠨ ᠠᠰᠢᠭ ᠰᠢᠮ᠎ᠡ ᠪᠠᠷ ᠵᠠᠬ᠎ᠠ ᠲᠡᠯᠬᠡᠭᠦᠷ ᠢ ᠨᠡᠬᠡᠬᠡᠵᠤ᠂ ᠰᠠᠶᠢᠨ ᠦᠨ᠎ᠡ ᠳᠤ ᠬᠦᠷᠬᠡᠨ᠎ᠡ᠃ ᠲᠠᠷᠢᠶᠠᠯᠠᠬᠤ ᠭᠠᠵᠠᠷ ᠢ ᠬᠠᠮᠠᠭᠠᠯᠠᠬᠤ | ᠭᠦᠴᠦᠯᠡᠴᠡ ᠶᠢ ᠨᠡᠮᠡᠭᠳᠡᠭᠦᠯᠵᠤ᠂ ᠠᠮᠤ ᠪᠤᠳᠠᠭ᠎ᠠ ᠶᠢ ᠬᠤᠷᠢᠶᠠᠵᠤ ᠨᠦᠬᠡᠴᠡᠯᠡᠬᠦ ᠲᠦᠷᠢᠮ ᠤᠨ ᠦᠬᠡᠷᠡᠴᠢᠯᠡᠯᠳᠡᠡ ᠶᠢ ᠬᠦᠨᠵᠡᠬᠡᠶᠢᠷᠡᠭᠦᠯᠵᠤ᠂ ᠮᠠᠯᠴᠢᠨ ᠲᠠᠷᠢᠶᠠᠴᠢᠳ | ᠤᠨ ︽ᠠᠮᠤ ᠪᠤᠳᠠᠭ᠎ᠠ ᠬᠤᠳᠠᠯᠳᠤᠬᠤ ᠳᠤ ᠭᠦᠴᠢᠷᠳᠡᠢ︾ ᠠᠰᠠᠭᠤᠳᠠᠯ ᠢ ᠰᠢᠢᠳᠪᠦᠷᠢᠯᠡᠨ᠎ᠡ᠃ ᠮᠠᠯᠵᠢᠬᠤ ᠲᠠᠷᠢᠶᠠᠯᠠᠬᠤ ᠤᠷᠤᠨ ᠤ ᠪᠤᠳᠠᠳᠤ ᠬᠡᠷᠡᠭᠴᠡᠬᠡᠨ ᠤ ᠬᠡᠯᠪᠡᠷᠢ᠂ | ᠮᠡᠷᠭᠡᠵᠢᠯ ᠴᠢᠳᠠᠪᠦᠷᠢ ᠶᠢᠨ ᠬᠡᠯᠪᠡᠷᠢ ᠶᠢᠨ ᠴᠢᠳᠠᠪᠦᠷᠢᠳᠠᠨ ᠢ ᠶᠡᠬᠡᠪᠡᠷ ᠪᠤᠶᠢᠵᠢᠭᠤᠯᠤᠨ᠎ᠠ᠃ ᠲᠠᠷᠢᠶᠠᠯᠠᠩ ᠮᠠᠯ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠢ | ᠲᠡᠯᠬᠡᠷᠡᠭᠦᠯᠬᠦ ᠤᠶᠢᠯᠡᠴᠢᠯᠡᠬᠡᠨ ᠤ ᠲᠤᠭᠳᠠᠯᠴᠠᠭ᠎ᠠ ᠶᠢ ᠲᠡᠭᠦᠯᠳᠡᠷᠵᠢᠭᠦᠯᠵᠤ᠂ ᠲᠠᠷᠢᠶᠠᠯᠠᠩ ᠮᠠᠯ ᠠᠵᠤ ᠠᠬᠤᠢ ᠶᠢᠨ ᠮᠧᠬᠠᠨᠢᠭᠵᠢᠭᠤᠯᠤᠭᠰᠠᠨ ᠬᠢᠷᠢ ᠲᠦᠪᠰᠢᠨ ᠢ | ᠲᠡᠭᠡᠭᠰᠢᠯᠡᠭᠦᠯᠦᠨ᠎ᠡ᠃ ᠮᠠᠯᠵᠢᠬᠤ ᠲᠠᠷᠢᠶᠠᠯᠠᠬᠤ ᠤᠷᠤᠨ ᠤ ᠤᠷᠴᠢᠨ ᠲᠤᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯᠯᠠᠭᠠᠨ ᠤ ᠲᠦᠯᠦᠪᠯᠡᠭᠡ ᠶᠢ ᠡᠬᠢᠯᠡᠭᠦᠯᠵᠤ | ᠂ ᠰᠢᠶᠠᠩ ᠪᠠᠯᠭᠠᠰᠤᠨ ᠤ ᠬᠤᠭ ᠨᠤᠪᠰᠢ᠂ ᠪᠤᠵᠠᠷ ᠤᠰᠤ ᠶᠢ ᠬᠤᠤᠷ ᠬᠦᠨᠦᠬᠡᠯ ᠦᠬᠡᠢ ᠰᠢᠢᠳᠪᠦᠷᠢᠯᠡᠬᠦ ᠲᠤᠷᠰᠢᠯᠳᠠ ᠶᠢᠨ ᠴᠢᠭ ᠤᠨ ᠠᠵᠢᠯ ᠢ ᠡᠬᠢᠯᠡᠭᠦᠯᠵᠤ᠂ | ᠪᠠᠶᠢᠭᠠᠯᠢ ᠶᠢᠨ ᠰᠢᠳᠠᠮᠠᠬᠠᠢ ᠬᠡᠢ᠂ ᠨᠡᠷᠡᠨ ᠤ ᠡᠨᠧᠷᠬᠢ ᠵᠡᠷᠬᠡ ᠴᠡᠪᠡᠷ ᠡᠨᠧᠷᠬᠢ ᠢ ᠶᠡᠬᠡᠪᠡᠷ ᠲᠡᠯᠬᠡᠷᠡᠭᠦᠯᠦᠨᠡ᠃ ᠬᠦᠳᠡᠭᠡ ᠲᠤᠰᠬᠤᠨ ᠤ ᠵᠠᠩ ᠰᠤᠷᠳᠠᠯ ᠤᠨ | ᠪᠤᠯᠪᠠᠰᠤᠨ ᠤ ᠲᠤᠮᠤ ᠠᠵᠢᠯᠯᠠᠭ᠎ᠠ ᠶᠢ ᠬᠦᠨᠵᠡᠬᠡᠢ ᠦᠷᠨᠢᠭᠦᠯᠵᠤ᠂ ᠮᠠᠯᠴᠢᠨ ᠲᠠᠷᠢᠶᠠᠴᠢᠳ ᠤᠨ ᠪᠤᠯᠪᠠᠰᠤᠨ ᠤ ᠬᠡᠪ ᠴᠢᠨᠠᠷ ᠢ ᠲᠡᠭᠡᠭᠰᠢᠯᠡᠭᠦᠯᠵᠤ᠂ ᠨᠤᠳᠤᠭ ᠤᠨ | ᠰᠢᠯᠢᠳᠡᠭ ᠰᠤᠶᠤᠯ ᠢ ᠤᠯᠠᠮᠵᠢᠯᠠᠨ ᠵᠠᠯᠭᠠᠮᠵᠢᠯᠠᠵᠤ᠂ ᠬᠠᠭᠤᠴᠢᠨ ᠶᠤᠰᠤ ᠪᠤᠯᠬᠢ ᠲᠠᠳᠬᠠᠯ ᠢ ᠡᠰᠡᠷᠭᠦᠴᠡᠵᠤ᠂ ᠴᠠᠭ ᠦᠶ᠎ᠡ ᠶᠢᠨ ᠰᠢᠨ᠎ᠡ ᠰᠤᠷᠳᠠᠯ ᠢ ᠪᠠᠳᠠᠷᠠᠭᠤᠯᠵᠤ᠂ | ᠮᠠᠯᠴᠢᠨ ᠲᠠᠷᠢᠶᠠᠴᠢᠳ ᠤᠨ ᠤᠶᠤᠨ ᠰᠠᠨᠠᠭᠠᠨ ᠤ ᠬᠡᠷ ᠤᠷᠤᠨ ᠢ ᠴᠤᠭᠴᠠᠯᠠᠨ᠎ᠠ᠃ | ᠲᠦᠯᠦᠬᠡᠯᠡᠭᠴᠢᠳ ᠡ᠂ ᠮᠠᠯᠵᠢᠬᠤ ᠲᠠᠷᠢᠶᠠᠯᠠᠬᠤ ᠤᠷᠤᠨ ᠤ ᠬᠦᠭᠵᠢᠯᠳᠡ ᠬᠤᠴᠤᠷᠤᠭᠳᠠᠩᠭᠤᠢ ᠪᠠᠶᠢᠬᠤ ᠨᠢ ᠮᠠᠨ ᠤ ᠬᠤᠳᠠ ᠶᠢᠨ ᠴᠢᠨᠡᠬᠡᠯᠢᠭ ᠨᠡᠶᠢᠬᠡᠮ ᠢ | ᠪᠦᠬᠦ ᠲᠠᠯ᠎ᠠ ᠪᠠᠷ ᠪᠦᠲᠦᠬᠡᠨ ᠪᠠᠶᠢᠭᠤᠯᠬᠤ ᠬᠠᠮᠤᠭ ᠤᠨ ᠶᠡᠭᠡ ︽ᠲᠤᠳᠠᠭᠳᠠᠯ ᠲᠠᠢ ᠲᠠᠯ᠎ᠠ︾ ᠪᠤᠯᠤᠨ᠎ᠠ᠃ ᠪᠢᠳᠠ ᠤᠯᠤᠰ ᠤᠨ ᠬᠦᠳᠡᠭᠡ ᠲᠤᠰᠬᠤᠨ ᠢ | ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠠᠵᠠ ᠲᠤᠬᠢᠶᠠᠯ ᠳᠤ ᠲᠦᠰᠢᠭᠯᠡᠨ᠂ ᠤᠷᠤᠭᠤᠯᠤᠯᠳᠠ ᠶᠢ ᠦᠷᠭᠦᠯᠵᠢᠯᠡᠨ ᠨᠡᠮᠡᠭᠳᠡᠭᠦᠯᠵᠤ᠂ | ᠤᠶᠢᠯᠡᠳᠪᠦᠷᠢᠯᠡᠯ ᠠᠮᠢᠳᠤᠷᠠᠯ ᠤᠨ ᠨᠦᠭᠦᠴᠡᠯ ᠢ ᠪᠦᠬᠦ ᠲᠠᠯ᠎ᠠ ᠪᠠᠷ ᠰᠠᠶᠢᠵᠢᠷᠠᠭᠤᠯᠵᠤ᠂ ᠮᠠᠯᠵᠢᠬᠤ ᠲᠠᠷᠢᠶᠠᠯᠠᠬᠤ ᠤᠷᠤᠨ ᠢ ᠪᠦᠬᠦ ᠲᠠᠯ᠎ᠠ ᠪᠠᠷ ᠬᠦᠭᠵᠢᠭᠦᠯᠦᠨ | ᠮᠠᠨᠳᠤᠭᠤᠯᠬᠤ ᠶᠢ ᠠᠬᠢᠭᠤᠯᠵᠤ᠂ ᠦᠷᠬᠡᠨ ᠤᠯᠠᠨ ᠮᠠᠯᠴᠢᠨ ᠲᠠᠷᠢᠶᠠᠴᠢᠳ ᠲᠤ ᠨᠡᠩ ᠴᠢᠨᠠᠷ ᠲᠡᠰ ᠲᠠᠢ ᠰᠠᠶᠢᠬᠠᠨ ᠠᠮᠢᠳᠤᠷᠠᠯ ᠢ ᠡᠳ᠋ᠯᠡᠭᠦᠯᠦᠶ᠎ᠡ︕ | ︵ᠲᠠᠪᠤ︶ ᠦᠬᠡᠷᠡᠴᠢᠯᠡᠯᠳᠡ ᠬᠢᠵᠤ ᠴᠢᠯᠤᠬᠡᠲᠠᠢ ᠶᠠᠪᠤᠯᠴᠠᠬᠤ ᠶᠢ ᠬᠦᠨᠵᠡᠬᠡᠢ ᠠᠬᠢᠭᠤᠯᠵᠤ᠂ ᠬᠦᠭᠵᠢᠯᠳᠡ ᠶᠢᠨ ᠬᠦᠳᠡᠯᠭᠡᠭᠴᠢ ᠭᠦᠴᠦᠨ ᠠᠮᠢᠵᠢᠷᠠᠯ ᠤᠨ | ᠭᠦᠴᠦᠨ ᠢ ᠭᠦᠴᠦᠯᠡᠨ ᠲᠡᠭᠡᠭᠰᠢᠯᠡᠭᠦᠯᠦᠨ᠎ᠡ᠃ | ᠦᠬᠡᠷᠡᠴᠢᠯᠡᠯᠳᠡ ᠶᠢᠨ ᠪᠤᠳᠠᠳᠤ ᠦᠷ᠎ᠡ ᠪᠦᠲᠦᠮᠵᠢ ᠶᠢ ᠲᠡᠭᠡᠭᠰᠢᠯᠡᠭᠦᠯᠬᠦ ᠲᠡᠬᠡᠷ᠎ᠡ ᠭᠦᠴᠦ ᠲᠠᠯᠪᠢᠨ᠎ᠠ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ | ᠴᠢᠨᠠᠷ ᠲᠠᠢ ᠦᠬᠡᠷᠡᠴᠢᠯᠡᠯᠳᠡ ᠶᠢ ᠬᠦᠨᠵᠡᠬᠡᠢ ᠠᠬᠢᠭᠤᠯᠵᠤ᠂ ︽ᠭᠤᠷᠪᠠ ᠶᠢ ᠪᠠᠭᠠᠰᠬᠠᠵᠤ ᠨᠢᠬᠡ ᠶᠢ ᠪᠠᠭᠤᠷᠠᠭᠤᠯᠵᠤ ᠨᠢᠭᠡ ᠶᠢ ᠨᠦᠬᠦᠪᠦᠷᠢᠯᠡᠬᠦ︾ ᠡᠭᠦᠷᠬᠡ ᠶᠢᠨ | ᠨᠠᠶᠢᠳᠠᠪᠦᠷᠢᠵᠢᠭᠤᠯᠳᠠ ᠶᠢ ᠰᠠᠶᠢᠳᠤᠷ ᠠᠳᠬᠤᠨ᠎ᠠ᠃ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠦᠬᠡᠷᠡᠴᠢᠯᠡᠯᠳᠡ ᠶᠢ | ᠬᠦᠨᠵᠡᠬᠡᠶᠢᠷᠡᠭᠦᠯᠵᠤ᠂ ᠬᠠᠮᠢᠶᠠᠷᠤᠯᠳᠠ ᠶᠢᠨ ᠴᠢᠳᠠᠪᠬᠢ ᠶᠢ ᠲᠤᠬᠢᠷᠠᠭᠤᠯᠤᠨ ᠰᠢᠯᠢᠳᠡᠭᠵᠢᠭᠦᠯᠵᠤ᠂ ᠬᠤᠯᠪᠤᠭᠠᠯᠠᠨ ᠬᠠᠤᠯᠢ ᠬᠡᠷᠡᠭᠵᠢᠭᠦᠯᠬᠦ ᠲᠤᠭᠳᠠᠴᠠ ᠶᠢ ᠪᠠᠶᠢᠭᠤᠯᠤᠨ | ᠲᠦᠭᠦᠷᠴᠢᠯᠡᠵᠤ᠂ ᠬᠠᠤᠯᠢ ᠬᠡᠷᠡᠭᠵᠢᠭᠦᠯᠬᠦ ᠭᠤᠤᠯᠳᠠᠯᠭ᠎ᠠ ᠶᠢ ᠲᠤᠷᠤᠭᠰᠢ ᠰᠢᠯᠵᠢᠭᠦᠯᠬᠦ ᠶᠢ ᠠᠬᠢᠭᠤᠯᠵᠤ᠂ ᠨᠤᠳᠤᠭ ᠪᠡᠯᠴᠢᠬᠡᠷ ᠢ ᠡᠪᠳᠡᠬᠦ᠂ ᠠᠳᠠᠷ ᠬᠠᠭᠠᠯᠪᠦᠷᠢᠯᠠᠨ | ᠲᠠᠷᠢᠶ᠎ᠠ ᠲᠠᠷᠢᠬᠤ᠂ ᠮᠠᠯᠵᠢᠬᠤ ᠲᠠᠷᠢᠶᠠᠯᠠᠬᠤ ᠤᠷᠤᠨ ᠤ ᠤᠷᠴᠢᠨ ᠲᠤᠭᠤᠷᠢᠨ ᠢ ᠪᠤᠬᠢᠷᠳᠤᠭᠤᠯᠬᠤ ᠵᠡᠷᠬᠡ ᠤᠶᠢᠯᠠ ᠠᠵᠢᠯᠯᠠᠭ᠎ᠠ ᠳᠤ ᠴᠤᠬᠢᠯᠳᠠ ᠦᠭᠬᠦ ᠭᠦᠴᠦᠯᠡᠴᠡ | ᠶᠢ ᠨᠡᠮᠡᠭᠳᠡᠭᠦᠯᠵᠤ᠂ ᠬᠠᠮᠢᠶᠠᠷᠬᠤ ᠶᠤᠰᠤᠲᠠᠢ ᠤᠴᠢᠷ ᠢ ᠵᠠᠪᠠᠯ ᠰᠠᠶᠢᠳᠤᠷ ᠬᠠᠮᠢᠶᠠᠷᠤᠨ᠎ᠠ᠃ ᠤᠯᠤᠰ ᠤᠨ ᠦᠮᠴᠢᠯᠡᠯᠳᠤ ᠬᠦᠷᠦᠩᠬᠡ ᠶᠢᠨ ᠡᠷᠬᠡ ᠤᠯᠭᠤᠨ ᠡᠵᠡᠩᠨᠡᠬᠦ | ᠪᠠᠶᠢᠭᠤᠯᠤᠯ ᠢ ᠦᠬᠡᠷᠡᠴᠢᠯᠡᠵᠤ᠂ ᠤᠯᠤᠰ ᠤᠨ ᠦᠮᠴᠢᠯᠡᠯᠳᠤ ᠬᠦᠷᠦᠩᠬᠡ ᠶᠢᠨ ᠪᠠᠶᠢᠷᠢᠯᠠᠭᠤᠯᠤᠯᠳᠠ ᠶᠢᠨ ᠪᠦᠲᠦᠴᠡ ᠶᠢ ᠰᠢᠯᠢᠳᠡᠭᠵᠢᠭᠦᠯᠵᠤ᠂ ᠬᠤᠯᠢᠮᠠᠭ ᠦᠮᠴᠢᠯᠡᠯ | ᠤᠨ ᠠᠵᠤ ᠠᠬᠤᠢ ᠶᠢ ᠬᠦᠭᠵᠢᠭᠦᠯᠵᠤ᠂ ᠤᠯᠤᠰ ᠤᠨ ᠦᠮᠴᠢᠯᠡᠯᠳᠤ ᠠᠵᠤ ᠠᠬᠤᠶᠢᠯᠠᠯ ᠢ ᠪᠤᠵᠠᠭᠠᠶᠢᠷᠠᠭᠤᠯᠤᠨ ᠭᠦᠴᠦᠷᠬᠡᠭᠵᠢᠭᠦᠯᠵᠤ ᠰᠢᠯᠢᠳᠡᠭᠵᠢᠭᠦᠯᠦᠨ᠎ᠡ᠃ | ᠤᠯᠠᠨ ᠨᠡᠶᠢᠳᠡ ᠶᠢᠨ ᠡᠬᠢ ᠪᠠᠶᠠᠯᠢᠭ ᠤᠨ ᠠᠷᠠᠯᠵᠢᠶᠠᠨ ᠤ ᠤᠶᠢᠯᠠ ᠠᠵᠢᠯᠯᠠᠭ᠎ᠠ ᠶᠢ ᠵᠢᠷᠤᠮᠵᠢᠭᠤᠯᠵᠤ᠂ ᠤᠯᠠᠨ ᠨᠡᠶᠢᠳᠡ ᠶᠢᠨ ᠡᠬᠢ ᠪᠠᠶᠠᠯᠢᠭ ᠤᠨ ᠠᠷᠠᠯᠵᠢᠶ᠎ᠠ | ᠶᠢ ᠪᠦᠬᠦ ᠤᠷᠤᠨ ᠪᠠᠶᠢᠷᠢ ᠪᠠᠷ ᠪᠠᠷᠢᠮᠵᠢᠶᠠᠴᠢᠯᠠᠨ ᠬᠠᠮᠢᠶᠠᠷᠬᠤ ᠶᠢ ᠪᠡᠶᠡᠯᠡᠭᠦᠯᠦᠨ᠎ᠡ᠃ ᠮᠠᠯᠵᠢᠬᠤ ᠲᠠᠷᠢᠶᠠᠯᠠᠬᠤ ᠤᠷᠤᠨ ᠤ ᠮᠦᠩᠭᠦᠨ ᠭᠦᠢᠯᠬᠡᠬᠡᠨ ᠤ | ᠦᠬᠡᠷᠡᠴᠢᠯᠡᠯᠳᠡ ᠶᠢ ᠲᠦᠷᠬᠡᠳᠬᠡᠵᠤ᠂ ︽ᠬᠤᠶᠠᠷ ᠡᠷᠬᠡ︾ ᠶᠢᠨ ᠪᠠᠷᠢᠴᠠᠭᠠᠨ ᠤ ᠵᠢᠬᠡᠯᠡᠯᠬᠡ ᠶᠢᠨ ᠬᠡᠪ ᠵᠠᠭᠪᠤᠷ ᠢ ᠪᠦᠬᠦ ᠲᠠᠯ᠎ᠠ ᠪᠠᠷ ᠲᠡᠯᠬᠡᠷᠡᠭᠦᠯᠦᠨᠡ᠃ ᠡᠳ᠋ | ᠤᠨ ᠵᠠᠰᠠᠭ ᠭᠠᠶᠢᠯᠢ ᠶᠢᠨ ᠪᠠᠶᠢᠭᠤᠯᠤᠯ ᠤᠨ ᠦᠬᠡᠷᠡᠴᠢᠯᠡᠯᠳᠡ ᠶᠢ ᠬᠦᠨᠵᠡᠬᠡᠶᠢᠷᠡᠭᠦᠯᠵᠤ᠂ ᠪᠦᠬᠦ ᠬᠤᠳᠠ ᠶᠢᠨ ᠭᠠᠶᠢᠯᠢ ᠤᠨ ᠶᠠᠪᠤᠳᠠᠯ ᠢ ᠶᠡᠷᠦᠩᠬᠡᠶᠢᠯᠡᠨ ᠵᠠᠰᠠᠬᠤ | ᠲᠠᠪᠴᠠᠩ ᠤᠨ ᠪᠠᠶᠢᠭᠤᠯᠤᠯᠳᠠ ᠶᠢ ᠴᠢᠩᠭᠠᠳᠬᠠᠵᠤ᠂ ᠬᠤᠪᠢ ᠶᠢᠨ ᠪᠠ ᠲᠠᠷᠬᠠᠢ ᠪᠤᠳᠠᠷᠬᠠᠢ ᠭᠠᠶᠢᠯᠢ ᠲᠠᠳᠠᠪᠦᠷᠢ ᠶᠢ ᠨᠡᠶᠢᠬᠡᠮᠴᠢᠯᠡᠨ ᠬᠠᠮᠢᠶᠠᠷᠬᠤ ᠬᠡᠪ ᠵᠠᠭᠪᠤᠷ ᠢ | ᠬᠡᠷᠡᠭᠵᠢᠭᠦᠯᠦᠨ᠎ᠡ᠃ ᠡᠷᠦᠬᠡ ᠠᠮᠠ ᠶᠢᠨ ᠲᠦᠷᠢᠮ ᠤᠨ ᠦᠬᠡᠷᠡᠴᠢᠯᠡᠯᠳᠡ ᠶᠢ ᠲᠡᠭᠦᠯᠳᠡᠷᠵᠢᠭᠦᠯᠵᠤ᠂ ᠲᠠᠷᠢᠶᠠᠯᠠᠩ ᠮᠠᠯ ᠠᠵᠤ ᠠᠬᠤᠢ ᠠᠴᠠ ᠰᠢᠯᠵᠢᠭᠦᠯᠦᠭᠰᠡᠨ | ᠬᠦᠮᠦᠨ ᠠᠮᠠ ᠶᠢ ᠬᠤᠳᠠ ᠶᠢᠨ ᠠᠷᠠᠳᠴᠢᠯᠠᠬᠤ ᠶᠢ ᠠᠬᠢᠭᠤᠯᠤᠨ᠎ᠠ᠃ ᠬᠡᠮᠵᠢᠶ᠎ᠡ ᠶᠢ ᠨᠡᠮᠡᠭᠳᠡᠭᠦᠯᠦᠨ ᠴᠠᠬᠢᠯᠭᠠᠨ ᠲᠦᠬᠡᠬᠡᠬᠦ ᠲᠤᠷᠰᠢᠯᠳᠠ ᠶᠢᠨ ᠴᠢᠭ ᠤᠨ ᠠᠵᠢᠯ | ᠢ ᠦᠷᠨᠢᠭᠦᠯᠵᠤ᠂ ᠴᠠᠬᠢᠯᠭᠠᠨ ᠭᠦᠴᠦᠨ ᠤ ᠤᠯᠠᠨ ᠲᠠᠯ᠎ᠠ ᠶᠢᠨ ᠠᠷᠠᠯᠵᠢᠶᠠᠨ ᠤ ᠬᠡᠪᠴᠢᠶ᠎ᠡ ᠶᠢ ᠦᠷᠬᠡᠳᠬᠡᠵᠤ᠂ ᠴᠠᠬᠢᠯᠭᠠᠨ ᠭᠦᠴᠦᠨ ᠤ ᠦᠪᠡᠷ ᠤᠨ ᠦᠷᠳᠡᠭ | ᠤᠨ ︽ᠬᠤᠳᠤᠭᠤᠷ ᠭᠠᠵᠠᠷ︾ ᠢ ᠪᠠᠶᠢᠭᠤᠯᠤᠨ᠎ᠠ᠃ | ᠭᠠᠳᠠᠭᠠᠳᠤ ᠲᠠᠢ ᠴᠢᠯᠤᠬᠡᠲᠠᠢ ᠶᠠᠪᠤᠯᠴᠠᠬᠤ ᠶᠢ ᠦᠷᠬᠡᠳᠬᠡᠬᠦ ᠲᠡᠬᠡᠷ᠎ᠡ ᠭᠦᠴᠦ ᠲᠠᠯᠪᠢᠨ᠎ᠠ᠃ ᠢᠰᠷᠧᠯ ᠵᠡᠷᠬᠡ ︽ᠨᠢᠭᠡ ᠪᠦᠰᠡ ᠨᠢᠭᠡ ᠵᠠᠮ︾ ᠲᠠᠭᠠᠤ ᠤᠯᠤᠰ | ᠯᠤᠭ᠎ᠠ ᠶᠢᠨ ᠬᠠᠮᠳᠤᠷᠠᠯᠴᠠᠭ᠎ᠠ ᠰᠤᠯᠢᠯᠴᠠᠭ᠎ᠠ ᠶᠢ ᠴᠢᠩᠭᠠᠳᠬᠠᠵᠤ᠂ ︽ᠲᠤᠮᠳᠠᠳᠤ ᠤᠷᠤᠰ ᠮᠤᠩᠭᠤᠯ ᠤᠨ ᠠᠵᠤ ᠠᠬᠤᠢ ᠶᠢᠨ ᠬᠤᠩᠬᠢᠯ︾ ᠤᠨ ᠪᠦᠲᠦᠬᠡᠨ | ᠪᠠᠶᠢᠭᠤᠯᠤᠯᠳᠠ ᠳᠤ ᠢᠳᠡᠪᠬᠢᠲᠠᠢ ᠠᠭᠤᠰᠤᠯᠴᠠᠨ ᠤᠷᠤᠵᠤ᠂ ᠬᠤᠶᠠᠳᠤᠭᠠᠷ ᠬᠤᠭᠤᠴᠠᠭᠠᠨ ᠤ ᠲᠤᠮᠳᠠᠳᠤ ᠮᠤᠩᠭᠤᠯ ᠤᠨ ᠦᠵᠡᠰᠭᠦᠯᠡᠩ᠂ ᠲᠤᠮᠳᠠᠳᠤ ᠤᠷᠤᠰ | ᠮᠤᠩᠭᠤᠯ ᠤᠨ ᠤᠯᠠᠨ ᠤᠯᠤᠰ ᠤᠨ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠤᠷᠤᠯᠳᠤᠭᠠᠨ᠂ 24 ᠳ᠋ᠤᠬᠡᠷ ᠬᠤᠭᠤᠴᠠᠭᠠᠨ ᠤ ᠲᠡᠯᠡᠬᠡᠢ ᠶᠢᠨ | ᠡᠨᠧᠷᠬᠢ ᠶᠢᠨ ᠬᠤᠷᠠᠯ ᠵᠡᠷᠬᠡ ᠠᠵᠢᠯᠯᠠᠭ᠎ᠠ ᠶᠢ ᠰᠠᠶᠢᠳᠤᠷ ᠡᠷᠬᠢᠯᠡᠨ᠎ᠡ᠃ ᠬᠦᠬᠡᠮᠦ᠋ᠷᠡᠨ ᠤ ᠠᠵᠤ ᠠᠬᠤᠢ ᠶᠢᠨ ᠪᠦᠰᠡ᠂ ᠵᠦᠵᠢᠶᠠᠩ ᠮᠦᠷᠡᠨ ᠤ ᠭᠤᠷᠪᠠᠯᠵᠢᠨ | ᠬᠤᠶᠢᠭ᠂ ᠱᠠᠨ ᠰᠢ ᠱᠠᠨᠰᠢ ᠨᠢᠩᠰᠢᠶᠠ ᠵᠡᠷᠬᠡ ᠭᠠᠵᠠᠷ ᠤᠷᠤᠨ ᠯᠤᠭ᠎ᠠ ᠬᠠᠮᠳᠤᠷᠠᠨ ᠠᠵᠢᠯᠯᠠᠬᠤ ᠬᠢᠷᠢ ᠲᠦᠪᠰᠢᠨ ᠢ ᠲᠡᠭᠡᠭᠰᠢᠯᠡᠭᠦᠯᠵᠤ᠂ ᠬᠦᠬᠡᠬᠤᠳᠠ ᠪᠤᠭᠤᠳᠤ | ᠤᠷᠳᠤᠰ ᠤᠨ ᠬᠠᠮᠵᠢᠯᠴᠠᠨ ᠬᠦᠭᠵᠢᠭᠦᠯᠬᠦ ᠲᠦᠯᠦᠪᠵᠢᠭᠦᠯᠬᠡ ᠶᠢᠨ ᠬᠦᠳᠦᠯᠪᠦᠷᠢ ᠶᠢᠨ ᠲᠤᠪᠴᠢ ᠶᠢ ᠨᠠᠷᠢᠨ ᠬᠢᠨᠠᠮᠠᠭᠠᠢ ᠨᠠᠶᠢᠳᠠᠪᠦᠷᠢᠵᠢᠭᠤᠯᠵᠤ᠂ ᠪᠡᠬᠡᠵᠢᠩ | ᠲᠢᠶᠠᠨᠵᠢᠨ ᠡᠾᠧᠪᠸᠢ ᠶᠢᠨ ᠬᠠᠮᠵᠢᠯᠴᠠᠨ ᠬᠦᠭᠵᠢᠭᠦᠯᠬᠦ ᠲᠠᠢ ᠢᠳᠡᠪᠬᠢᠲᠠᠢ ᠠᠪᠤᠴᠠᠯᠳᠤᠭᠤᠯᠵᠤ᠂ ᠲᠢᠶᠠᠨᠵᠢᠨ ᠤ ᠪᠢᠨ ᠬᠠᠢ ᠰᠢᠨ᠎ᠡ ᠲᠤᠭᠤᠷᠢᠭ ᠯᠤᠭ᠎ᠠ ᠬᠠᠮᠳᠤᠷᠠᠨ | ᠠᠵᠢᠯᠯᠠᠬᠤ ᠭᠦᠴᠦᠯᠡᠴᠡ ᠶᠢ ᠨᠡᠮᠡᠭᠳᠡᠭᠦᠯᠦᠨ᠎ᠡ᠃ ᠪᠤᠯᠪᠠᠰᠤᠷᠠᠭᠤᠯᠬᠤ ᠠᠷᠠᠯᠵᠢᠶᠠᠨ ᠤ ᠬᠦᠭᠵᠢᠯᠳᠡ ᠶᠢ ᠠᠬᠢᠭᠤᠯᠵᠤ᠂ ᠤᠯᠠᠨ ᠤᠯᠤᠰ ᠤᠨ ᠠᠷᠠᠯᠵᠢᠶᠠᠨ ᠤ ︽ | ᠭᠠᠭᠴᠠ ᠴᠤᠩᠬᠤᠪᠴᠢ︾ ᠶᠢ ᠲᠡᠯᠬᠡᠷᠡᠭᠦᠯᠦᠨ ᠬᠡᠷᠡᠭᠯᠡᠵᠤ᠂ ᠠᠷᠠᠯᠵᠢᠶ᠎ᠠ ᠶᠢ ᠲᠦᠭᠦᠮᠴᠢᠯᠡᠬᠦ ᠶᠢ ᠠᠬᠢᠭᠤᠯᠵᠤ᠂ ᠤᠷᠳᠤᠰ ᠪᠤᠭᠤᠮᠳᠠ ᠶᠢᠨ ᠬᠠᠮᠢᠶᠠᠷᠤᠯᠳᠠ ᠶᠢᠨ | ᠬᠢᠷᠢ ᠲᠦᠪᠰᠢᠨ ᠢ ᠲᠡᠭᠡᠭᠰᠢᠯᠡᠭᠦᠯᠦᠨ᠎ᠡ᠃ ᠤᠯᠠᠨ ᠤᠯᠤᠰ ᠤᠨ ᠠᠭᠠᠷ ᠤᠨ ᠠᠶᠠᠯᠠᠯ ᠤᠨ ᠱᠤᠭᠤᠮ ᠢ ᠪᠠᠳᠤᠳᠬᠠᠬᠤ ᠪᠠ ᠦᠷᠬᠡᠳᠬᠡᠵᠤ᠂ ᠬᠦᠬᠡᠬᠤᠳᠠ ᠪᠤᠭᠤᠳᠤ | ᠤᠷᠳᠤᠰ ᠲᠡᠮᠡᠬᠡᠳᠤ ᠵᠡᠷᠬᠡ ᠭᠠᠵᠠᠷ ᠤᠷᠤᠨ ᠤ ᠤᠯᠠᠨ ᠤᠯᠤᠰ ᠤᠨ ᠠᠭᠠᠷ ᠤᠨ ᠠᠶᠠᠨᠴᠢᠨ ᠪᠠᠷᠠᠭ᠎ᠠ ᠲᠡᠬᠡᠬᠡᠪᠦᠷᠢ ᠶᠢᠨ ᠲᠦᠪ ᠢ ᠪᠦᠲᠦᠬᠡᠨ ᠪᠠᠶᠢᠭᠤᠯᠤᠨ᠎ᠠ᠃ | ᠬᠤᠳᠠᠯᠳᠤᠭᠠᠴᠢᠨ ᠤᠷᠢᠵᠤ ᠪᠡᠯᠡ ᠲᠠᠳᠠᠬᠤ ᠤᠨᠤᠪᠴᠢ ᠶᠢᠨ ᠬᠡᠮᠵᠢᠶ᠎ᠠ ᠶᠢ ᠲᠡᠭᠡᠭᠰᠢᠯᠡᠭᠦᠯᠭᠦ ᠲᠡᠭᠡᠷ᠎ᠠ ᠭᠦᠴᠤ ᠲᠠᠯᠪᠢᠨ᠎ᠠ᠃ ᠬᠤᠳᠠᠯᠳᠤᠭᠠᠴᠢᠨ ᠤᠷᠢᠵᠤ ᠪᠡᠯᠡ | ᠲᠠᠳᠠᠬᠤ ᠬᠡᠪ ᠵᠠᠭᠪᠤᠷ ᠤᠨ ᠰᠢᠨ᠎ᠠ ᠶᠢ ᠡᠭᠦᠳᠴᠤ᠂ ᠮᠠᠨ ᠤ ᠬᠤᠳᠠ ᠶᠢᠨ ᠨᠠᠭᠦᠷᠡᠰᠤᠨ ᠤ ᠬᠢᠮᠢ ᠶᠢᠨ ᠠᠵᠤ ᠤᠶᠢᠯᠡᠳᠪᠤᠷᠢ ᠵᠡᠷᠭᠡ ᠲᠠᠪᠠᠭᠤᠯᠢᠭ ᠠᠵᠤ ᠤᠶᠢᠯᠡᠰ ᠲᠤ | ᠲᠦᠰᠢᠭᠯᠡᠨ᠂ ᠬᠡᠪᠴᠢᠶ᠎ᠠ ᠶᠢᠨ ᠴᠤᠭᠯᠠᠷᠠᠯ ᠤᠨ ᠤᠶᠢᠯᠡᠳᠤᠯ ᠢ ᠪᠠᠳᠠᠷᠠᠭᠤᠯᠵᠤ᠂ ᠠᠵᠤ ᠤᠶᠢᠯᠡᠰ ᠤᠨ ᠬᠡᠯᠬᠢᠶᠠᠵᠢᠯ ᠢᠶᠠᠷ ᠬᠤᠳᠠᠯᠳᠤᠭᠠᠴᠢᠨ ᠤᠷᠢᠬᠤ ᠶᠢ ᠶᠠᠭᠡᠪᠠᠷ | ᠦᠷᠨᠢᠭᠦᠯᠤᠨ᠂ ᠨᠡᠩ ᠤᠯᠡᠨ ᠬᠤᠯᠪᠤᠭᠳᠤᠯᠳᠤ ᠴᠢᠨᠠᠷ᠂ ᠴᠤᠭᠯᠠᠷᠠᠯ ᠤᠨ ᠴᠢᠨᠠᠷ ᠪᠠᠷ ᠴᠢᠩᠭ᠎ᠠ ᠨᠦᠭᠦᠪᠤᠷᠢ ᠬᠡᠯᠬᠢᠶᠠᠵᠢᠯ᠂ ᠦᠷᠭᠦᠯᠵᠢᠯᠡᠭᠰᠡᠨ ᠬᠡᠯᠬᠢᠶᠠᠵᠢᠯ ᠤᠨ | ᠲᠦᠷᠤᠯ ᠵᠤᠶᠢᠯ ᠢ ᠲᠠᠳᠠᠨ ᠨᠤᠳᠤᠭᠰᠢᠯᠠᠭᠤᠯᠤᠨᠠ︔ ᠡᠬᠢ ᠪᠠᠶᠠᠯᠢᠭ ᠤᠨ ᠲᠠᠪᠠᠭᠤᠯᠢᠭ ᠢᠶᠠᠨ ᠪᠠᠳᠠᠷᠠᠭᠤᠯᠤᠨ᠂ ᠡᠬᠢ ᠪᠠᠶᠠᠯᠢᠭ ᠤᠨ ᠵᠠᠬ᠎ᠠ ᠲᠡᠯᠭᠡᠭᠦᠷ ᠤᠨ | ᠲᠤᠬᠢᠷᠠᠭᠤᠯᠭ᠎ᠠ ᠲᠠᠢ ᠨᠠᠶᠢᠴᠡᠭᠦᠯᠤᠨ ᠬᠤᠳᠠᠯᠳᠤᠭᠠᠴᠢᠨ ᠤᠷᠢᠬᠤ ᠶᠢ ᠦᠷᠨᠢᠭᠦᠯᠤᠨ᠂ ᠰᠢᠨ᠎ᠠ ᠡᠨᠧᠷᠬᠢ᠂ ᠪᠠᠶᠢᠭᠠᠯᠢ ᠶᠢᠨ ᠰᠢᠳᠠᠮᠠᠬᠠᠢ ᠬᠡᠢ ᠶᠢ ᠪᠤᠯᠪᠠᠰᠤᠷᠠᠭᠤᠯᠬᠤ᠂ bt365备用网址_365国际体育官网_365bet体育在线投注官网 | ᠡᠭᠦᠯᠡᠨ ᠪᠤᠳᠤᠯᠭ᠎ᠠ ᠶᠢᠨ ᠲᠤᠮᠤ ᠳ᠋ᠠᠶᠢᠲ᠋ᠠ᠂ ᠡᠨᠧᠷᠬᠢ ᠠᠷᠪᠢᠯᠡᠨ ᠤᠷᠴᠢᠨ ᠲᠤᠭᠤᠷᠢᠨ ᠢ ᠬᠠᠮᠠᠭᠠᠯᠠᠬᠤ ᠵᠡᠷᠭᠡ ᠦᠪᠠᠷ ᠤᠨ ᠦᠷᠳᠡᠭ ᠤᠨ ᠲᠠᠪᠠᠭᠤᠯᠢᠭ ᠢᠶᠠᠷ | ᠢᠯᠠᠳᠳᠠ ᠲᠦᠷᠤᠯ ᠵᠤᠶᠢᠯ ᠢ ᠶᠠᠭᠡᠪᠠᠷ ᠤᠷᠤᠭᠤᠯᠤᠨ ᠠᠪᠴᠢᠷᠠᠨ᠎ᠠ︔ ᠤᠯᠤᠰ ᠤᠨ ᠭᠦᠷᠤᠩᠬᠡ ᠠᠴᠠ ᠬᠤᠪᠢ ᠤᠷᠤᠬᠤ᠂ ᠠᠵᠤ ᠠᠬᠤᠶᠢᠯᠡᠯ ᠠᠴᠠ ᠨᠢᠭᠡᠳᠭᠡᠨ | ᠠᠪᠬᠤ᠂ ᠬᠤᠯᠪᠤᠭᠠᠯᠡᠨ ᠪᠡᠯᠡ ᠤᠷᠤᠭᠤᠯᠬᠤ ᠵᠡᠷᠭᠡ ᠬᠡᠯᠪᠡᠷᠢ ᠮᠠᠶ᠋ᠢᠭ ᠪᠠᠷ ᠲᠠᠮᠵᠢᠨ᠂ ᠨᠢᠭᠡ ᠪᠦᠯᠤᠭ᠌ ᠦᠰᠤᠯᠳᠠ ᠪᠤᠶᠢᠵᠢᠯᠳᠠ ᠪᠠᠷ ᠰᠠᠶᠢᠨ ᠲᠦᠷᠤᠯ ᠵᠤᠶᠢᠯ ᠢ | ᠬᠠᠮᠳᠤᠷᠠᠨ ᠪᠦᠳᠤᠭᠡᠨ ᠪᠠᠶᠢᠭᠤᠯᠤᠨ᠎ᠠ᠃ ᠬᠤᠳᠠᠯᠳᠤᠭᠠᠴᠢᠨ ᠤᠷᠢᠵᠤ ᠪᠡᠯᠡ ᠲᠠᠳᠠᠬᠤ ᠶᠠᠰᠤ ᠴᠢᠨᠠᠷ ᠢ ᠨᠡᠩ ᠴᠢᠬᠤᠯᠠᠴᠢᠯᠠᠵᠤ᠂ ᠮᠡᠷᠭᠡᠵᠢᠯ ᠢᠶᠠᠷ ᠰᠢᠨ᠎ᠠ᠂ ᠦᠷ᠎ᠠ | ᠪᠦᠳᠤᠮᠵᠢ ᠪᠠᠷ ᠰᠠᠶᠢᠨ᠂ ᠲᠠᠶᠢᠴᠢᠯᠠᠬᠤ ᠴᠢᠨᠠᠷ ᠢᠶᠠᠷ ᠴᠢᠩᠭ᠎ᠠ ᠠᠵᠤ ᠠᠬᠤᠶᠢᠯᠡᠯ ᠪᠠ ᠠᠵᠤ ᠤᠶᠢᠯᠡᠰ ᠢ ᠭᠤᠤᠯᠳᠠᠯᠭ᠎ᠠ ᠲᠠᠢ ᠪᠠᠷ ᠤᠷᠤᠭᠤᠯᠤᠨ ᠠᠪᠴᠢᠷᠠᠵᠤ᠂ ︽ | ᠬᠤᠳᠠᠯᠳᠤᠭᠠᠴᠢᠨ ᠤᠷᠢᠵᠤ ᠪᠡᠯᠡ ᠲᠠᠳᠠᠬᠤ︾ ᠠᠴᠠ ︽ᠬᠤᠳᠠᠯᠳᠤᠭᠠᠴᠢᠨ ᠰᠢᠯᠢᠵᠤ ᠪᠡᠯᠡ ᠰᠤᠩᠭᠤᠬᠤ︾ ᠲᠡᠰᠢ ᠬᠤᠪᠢᠷᠠᠭᠤᠯᠬᠤ ᠶᠢ ᠪᠡᠶᠠᠯᠡᠭᠦᠯᠤᠨᠠ᠃ | ︵ᠵᠢᠷᠭᠤᠭ᠎ᠠ︶ ᠠᠮᠢ ᠠᠬᠤᠢ ᠶᠢᠨ ᠲᠠᠪᠠᠭᠤᠯᠢᠭ ᠢᠶᠠᠨ ᠦᠷᠭᠦᠯᠵᠢᠯᠡᠨ ᠪᠠᠳᠤᠳᠬᠠᠵᠤ᠂ ᠠᠮᠢ ᠠᠬᠤᠢ ᠶᠢᠨ ᠪᠤᠯᠪᠠᠰᠤᠨ ᠤ ᠬᠢᠷᠢ ᠲᠦᠪᠰᠢᠨ ᠢ ᠭᠦᠴᠤᠯᠡᠨ | ᠲᠡᠭᠡᠭᠰᠢᠯᠡᠭᠦᠯᠤᠨ᠎ᠠ᠃ | ᠭᠤᠤᠯᠳᠠᠯᠭᠠᠳᠤ ᠠᠮᠢ ᠠᠬᠤᠢ ᠶᠢᠨ ᠢᠨᠵᠧᠨᠧᠷᠢᠩ ᠢ ᠰᠠᠶᠢᠳᠤᠷ ᠬᠡᠷᠡᠭᠵᠢᠭᠦᠯᠤᠨ᠎ᠠ᠃ ᠤᠯᠤᠰ ᠤᠨ ᠭᠠᠵᠡᠷ ᠰᠢᠷᠤᠢ ᠶᠢ ᠨᠤᠭᠤᠭᠠᠷᠠᠭᠤᠯᠬᠤ ᠠᠵᠢᠯᠯᠠᠭ᠎ᠠ ᠶᠢ | ᠶᠡᠭᠡ ᠬᠡᠪᠴᠢᠶ᠎ᠠ ᠪᠠᠷ ᠦᠷᠨᠢᠭᠦᠯᠤᠨ᠂ ᠠᠵᠤ ᠠᠬᠤᠶᠢᠯᠡᠯ᠂ ᠨᠠᠶᠢᠭᠡᠮ ᠤᠨ ᠵᠤᠬᠢᠶᠠᠨ ᠪᠠᠶᠢᠭᠤᠯᠤᠯᠳᠠ᠂ ᠬᠤᠪᠢ ᠭᠦᠮᠤᠨ ᠵᠡᠷᠭᠡ ᠡᠯ᠎ᠠ ᠲᠠᠯ᠎ᠠ ᠶᠢᠨ ᠪᠡᠯᠡ | ᠤᠷᠤᠭᠤᠯᠤᠯᠳᠠ ᠶᠢ ᠭᠦᠳᠤᠯᠤᠨ ᠵᠢᠯᠤᠭᠤᠳᠴᠤ᠂ ᠠᠮᠢ ᠠᠬᠤᠢ ᠶᠢᠨ ᠪᠦᠳᠤᠭᠡᠨ ᠪᠠᠶᠢᠭᠤᠯᠤᠯᠳᠠ ᠶᠢᠨ ᠭᠦᠴᠤᠯᠡᠴᠠ ᠶᠢ ᠦᠷᠭᠦᠯᠵᠢᠯᠡᠨ ᠨᠡᠮᠡᠭᠳᠡᠭᠦᠯᠤᠨ᠎ᠠ᠃ | ᠪᠠᠶᠢᠭᠠᠯᠢᠯᠢᠭ ᠤᠢ ᠶᠢᠨ ᠬᠠᠮᠠᠭᠠᠯᠠᠯᠳᠠ᠂ ᠲᠠᠷᠢᠶᠠᠯᠠᠬᠤ ᠶᠢ ᠵᠤᠭᠰᠤᠭᠠᠵᠤ ᠤᠢ ᠶᠢ ᠰᠡᠷᠭᠦᠭᠡᠭᠦ᠂ ᠪᠡᠭᠡᠵᠢᠩ ᠲᠢᠶᠠᠨᠵᠢᠨ ᠤ ᠰᠠᠯᠬᠢ ᠡᠯᠡᠰᠤᠨ ᠤ ᠢᠷᠠᠯᠳᠠ ᠶᠢ ᠵᠠᠰᠠᠬᠤ᠂ | ᠠᠷᠪᠠᠨ ᠶᠡᠭᠡ ᠭᠦᠨᠳᠡᠢ ᠶᠢᠨ ᠠᠮᠢ ᠠᠬᠤᠢ ᠪᠠᠷ ᠡᠯᠡᠰᠤ ᠶᠢ ᠬᠤᠷᠢᠬᠤ ᠵᠡᠷᠭᠡ ᠤᠯᠤᠰ ᠤᠨ ᠭᠤᠤᠯᠳᠠᠯᠭᠠᠳᠤ ᠠᠮᠢ ᠠᠬᠤᠢ ᠵᠢᠨᠢᠨᠵᠧᠨᠧᠷᠢᠩ ᠢ ᠭᠦᠨᠵᠡᠬᠡᠢ ᠠᠬᠢᠭᠤᠯᠵᠤ | ᠂ ︽ᠲᠦᠷᠪᠠᠨ ᠪᠦᠰᠠ︾ ᠶᠢᠨ ᠢᠨᠵᠧᠨ᠋ᠷᠢᠩ ᠤᠨ ᠪᠦᠳᠤᠭᠡᠨ ᠪᠠᠶᠢᠭᠤᠯᠤᠯᠳᠠ ᠶᠢ ᠲᠦᠷᠭᠡᠳᠭᠡᠨ᠂ ᠭᠦᠭᠡᠬᠤᠳᠠ ᠪᠤᠭᠤᠳᠤ ᠤᠷᠳᠤᠰ ᠤᠨ ᠬᠠᠳᠤᠨ ᠭᠤᠤᠯ ᠲᠠᠭᠠᠤ | ᠠᠮᠢ ᠠᠬᠤᠢ ᠶᠢᠨ ᠬᠤᠩᠬᠢᠯ ᠤᠨ ᠪᠦᠳᠤᠭᠡᠨ ᠪᠠᠶᠢᠭᠤᠯᠤᠯᠳᠠ ᠵᠢᠨᠢᠨᠵᠧᠨᠧᠷᠢᠩ ᠢ ᠡᠬᠢᠯᠡᠭᠦᠯᠵᠤ᠂ ᠤᠢ ᠰᠢᠭᠤᠢ ᠶᠢᠨ ᠠᠮᠢ ᠠᠬᠤᠢ ᠶᠢᠨ ᠪᠦᠳᠤᠭᠡᠨ ᠪᠠᠶᠢᠭᠤᠯᠤᠯᠳᠠ | ᠶᠢ 150 ᠲᠦᠮᠡᠨ ᠮᠤ᠋᠂ ᠨᠤᠳᠤᠭ ᠪᠡᠯᠴᠢᠭᠡᠷ ᠤᠨ ᠬᠠᠮᠠᠭᠠᠯᠠᠯᠳᠠ ᠶᠢᠨ ᠪᠦᠳᠤᠭᠡᠨ ᠪᠠᠶᠢᠭᠤᠯᠤᠯᠳᠠ ᠶᠢ 350 ᠲᠦᠮᠡᠨ ᠮᠤ᠋᠂ ᠤᠰᠤ ᠭᠦᠷᠤᠰᠤ ᠰᠢᠷᠤᠢ ᠶᠢᠨ | ᠢᠳᠡᠭᠳᠡᠯ ᠤᠨ ᠶᠠᠷᠤᠩᠬᠡᠢ ᠵᠠᠰᠠᠯᠳᠠ ᠶᠢ 180 ᠲᠦᠮᠡᠨ ᠮᠤ᠋ ᠪᠠᠶᠠᠯᠡᠭᠦᠯᠤᠨ᠎ᠠ᠃ ᠬᠠᠮᠠᠭᠠᠯᠠᠬᠤ ᠶᠢ ᠲᠠᠷᠢᠭᠦᠨ ᠳᠤ ᠲᠠᠯᠪᠢᠵᠤ᠂ ᠠᠶᠠᠨᠳᠠᠭᠠᠨ ᠰᠡᠷᠭᠦᠭᠡᠭᠦ ᠪᠠᠷ ᠭᠤᠤᠯ | ᠪᠤᠯᠭᠠᠬᠤ ᠶᠢ ᠪᠠᠷᠢᠮᠳᠠᠯᠠᠵᠤ ᠂ ᠮᠠᠯ ᠪᠡᠯᠴᠢᠭᠡᠷᠯᠡᠭᠦᠯᠭᠦ ᠶᠢ ᠬᠤᠷᠢᠭᠯᠠᠬᠤ ᠰᠡᠯᠭᠦᠨ ᠮᠠᠯᠵᠢᠬᠤ ᠡᠭᠡᠯᠵᠢᠯᠡᠨ ᠮᠠᠯᠵᠢᠬᠤ ᠪᠠ ︽ᠮᠠᠯ ᠪᠠᠯᠴᠢᠭᠡᠷ ᠢ ᠲᠡᠩᠴᠡᠭᠦᠷᠢ ᠲᠠᠢ | ᠪᠠᠶᠢᠯᠭᠠᠬᠤ︾ ᠲᠦᠷᠤ ᠶᠢᠨ ᠪᠤᠳᠤᠯᠭ᠎ᠠ ᠶᠢ ᠡᠷᠡᠰ ᠭᠡᠷᠡᠭᠵᠢᠭᠦᠯᠵᠤ᠂ ︽ᠭᠤᠷᠪᠠᠨ ᠤᠷᠤᠨ︾ ᠤ ᠭᠦᠭᠵᠢᠯᠳᠠ ᠶᠢᠨ ᠲᠦᠯᠤᠪᠵᠢᠭᠦᠯᠭᠡ ᠶᠢ ᠰᠠᠶᠢᠳᠤᠷ | ᠨᠠᠶᠢᠳᠠᠪᠤᠷᠢᠵᠢᠭᠤᠯᠤᠨ᠎ᠠ᠃ᠲᠤᠮᠳᠠᠳᠤ ᠤᠯᠤᠰ ᠤᠨ ᠤᠷᠳᠤᠰ ᠤᠨ ᠤᠯᠡᠨ ᠤᠯᠤᠰ ᠤᠨ ᠡᠯᠡᠰᠤᠨ ᠤ ᠠᠵᠤ ᠤᠶᠢᠯᠡᠰ ᠤᠨ ᠦᠵᠡᠰᠭᠦᠯᠡᠩ ᠢ ᠨᠠᠷᠢᠯᠢᠭ ᠰᠠᠶᠢᠳᠤᠷ | ᠵᠤᠬᠢᠶᠠᠨ ᠪᠠᠶᠢᠭᠤᠯᠤᠨ᠎ᠠ᠃ | ᠲᠤᠪᠤᠶᠢᠮ᠎ᠠ ᠤᠷᠴᠢᠨ ᠲᠤᠭᠤᠷᠢᠨ ᠤ ᠠᠰᠠᠭᠤᠳᠠᠯ ᠢ ᠰᠠᠶᠢᠳᠤᠷ ᠰᠡᠢᠳᠪᠤᠷᠢᠯᠡᠨᠠ᠃ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠲᠤᠳᠤᠷ᠎ᠠ ᠨᠡᠭᠡᠭᠡᠯᠳᠠ ᠬᠢᠵᠤ | ᠪᠦᠳᠤᠭᠡᠨ ᠪᠠᠶᠢᠭᠤᠯᠬᠤ ᠠᠵᠢᠯᠯᠠᠭ᠎ᠠ ᠶᠢ ᠴᠡᠪᠡᠷᠯᠡᠨ ᠴᠡᠭᠴᠡᠯᠡᠨ ᠵᠠᠰᠠᠬᠤ ᠠᠵᠢᠯ ᠢ ᠪᠦᠬᠦ ᠭᠦᠴᠤᠨ ᠢᠶᠠᠷ ᠲᠦᠯᠬᠢᠨ ᠠᠬᠢᠭᠤᠯᠵᠤ᠂ ᠴᠢ ᠫᠠᠨ ᠵᠢᠩ ᠮᠧᠩ ᠰᠢ ᠭᠠᠵᠡᠷ | ᠤᠷᠤᠨ ᠤ ᠤᠷᠴᠢᠨ ᠲᠤᠭᠤᠷᠢᠨ ᠢ ᠶᠡᠷᠦᠩᠬᠡᠶᠢᠯᠡᠨ ᠵᠠᠰᠠᠬᠤ ᠵᠢᠯ ᠤᠨ ᠡᠭᠦᠷᠭᠡ ᠪᠠᠨ ᠪᠠᠶᠠᠯᠡᠭᠦᠯᠤᠨ᠎ᠠ᠃ ᠨᠤᠮᠢᠨ ᠨᠤᠭᠤᠭᠠᠨ ᠠᠭᠤᠷᠬᠠᠢ ᠶᠢᠨ ᠪᠦᠳᠤᠭᠡᠨ | ᠪᠠᠶᠢᠭᠤᠯᠤᠯᠳᠠ ᠶᠢ ᠲᠦᠷᠭᠡᠳᠭᠡᠵᠤ᠂ ᠠᠭᠤᠷᠬᠠᠢ ᠶᠢᠨ ᠤᠷᠤᠨ ᠤ ᠤᠷᠴᠢᠨ ᠲᠤᠭᠤᠷᠢᠨ ᠤ ᠶᠠᠷᠤᠩᠭᠡᠶᠢᠯᠡᠭᠰᠡᠨ ᠵᠠᠰᠠᠯᠳᠠ ᠶᠢ 66 ᠬᠠᠪᠳᠠᠭᠠᠢ ᠲᠦᠷᠪᠡᠯᠵᠢᠨ | ᠺᠢᠯᠤᠮᠧᠲᠷ ᠪᠠᠶᠠᠯᠡᠭᠦᠯᠤᠨ᠎ᠠ᠃ ᠤᠰᠤᠨ ᠤ ᠪᠤᠬᠢᠷᠳᠤᠯ ᠢ ᠰᠠᠷᠭᠡᠶᠢᠯᠡᠨ ᠵᠠᠰᠠᠬᠤ ᠬᠠᠷᠢᠭᠤᠴᠠᠯᠭ᠎ᠠ ᠶᠢ ᠴᠢᠩᠭᠠᠳᠬᠠᠵᠤ᠂ ᠭᠤᠤᠯ ᠤᠨ ᠲᠠᠷᠤᠭ᠎ᠠ ᠶᠢᠨ ᠲᠦᠷᠢᠮ᠂ ᠨᠠᠭᠤᠷ | ᠤᠨ ᠲᠠᠷᠤᠭ᠎ᠠ ᠶᠢᠨ ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠤᠯᠠᠭᠠᠨᠮᠦ᠋ᠷᠡᠨ᠂ ᠯᠥᠩ ᠸᠠᠩ ᠭᠧᠦ ᠵᠡᠷᠭᠡ ᠴᠢᠬᠤᠯᠠ ᠭᠤᠤᠯ ᠮᠦᠷᠡᠨ ᠤ ᠤᠰᠤᠨ ᠤ | ᠴᠢᠨᠠᠷ ᠢ ᠲᠤᠭᠳᠠᠭᠤᠨ ᠢᠶᠠᠷ ᠪᠠᠷᠢᠮᠵᠢᠶ᠎ᠠ ᠳᠤ ᠭᠦᠷᠭᠡᠭᠦ᠂ ᠬᠤᠳᠠ ᠪᠠᠯᠭᠠᠰᠤᠨ ᠤ ᠲᠦᠪᠯᠡᠷᠡᠩᠭᠦᠢ ᠤᠤᠭᠤᠬᠤ ᠤᠰᠤᠨ ᠤ ᠡᠬᠢ ᠰᠤᠷᠪᠤᠯᠵᠢ ᠶᠢᠨ ᠤᠰᠤᠨ ᠤ ᠴᠢᠨᠠᠷ ᠢ | ᠴᠦᠮ ᠪᠠᠷᠢᠮᠵᠢᠶ᠎ᠠ ᠳᠤ ᠭᠦᠷᠭᠡᠭᠦ ᠶᠢ ᠪᠠᠳᠤᠯᠠᠨ᠎ᠠ᠃ ᠭᠦᠷᠤᠰᠤᠨ ᠤ ᠪᠤᠬᠢᠷᠳᠤᠯ ᠢ ᠰᠡᠷᠭᠡᠶᠢᠯᠡᠨ ᠵᠠᠰᠠᠬᠤ ᠠᠵᠢᠯᠯᠠᠭ᠎ᠠ ᠶᠢ ᠲᠦᠯᠬᠢᠨ ᠠᠬᠢᠭᠤᠯᠵᠤ᠂ ᠪᠦᠬᠦ ᠬᠤᠳᠠ ᠶᠢᠨ | ᠲᠠᠷᠢᠶᠠᠯᠠᠩ ᠳᠤ ᠬᠡᠷᠡᠭᠯᠡᠭᠦ ᠭᠠᠵᠡᠷ ᠤᠨ ᠭᠦᠷᠤᠰᠤ ᠶᠢ ᠨᠠᠷᠢᠨ ᠪᠠᠶᠢᠴᠠᠭᠠᠬᠤ ᠠᠵᠢᠯ ᠢ ᠪᠡᠶᠠᠯᠡᠭᠦᠯᠤᠨ᠂ ᠬᠢᠮᠢ ᠶᠢᠨ ᠪᠤᠷᠳᠤᠭᠤᠷ᠂ ᠲᠠᠷᠢᠶᠠᠨ ᠡᠮ ᠵᠠᠷᠤᠬᠤ ᠬᠡᠮᠵᠢᠶ᠎ᠠ ᠶᠢ | ᠪᠠᠭᠠᠰᠬᠠᠬᠤ ᠠᠵᠢᠯᠯᠠᠭ᠎ᠠ ᠶᠢ ᠭᠦᠨᠵᠡᠬᠡᠢ ᠦᠷᠨᠢᠭᠦᠯᠵᠤ᠂ ᠮᠠᠯ ᠵᠢᠭᠦᠷᠳᠡᠨ ᠤ ᠲᠠᠵᠢᠭᠡᠪᠤᠷᠢ ᠶᠢᠨ ᠬᠠᠶᠠᠭᠳᠠᠮᠠᠯ ᠪᠤᠳᠠᠰ ᠪᠠ ᠲᠠᠷᠢᠶᠠᠯᠠᠩ ᠲᠠᠷᠢᠮᠠᠯ ᠤᠨ ᠵᠤᠶᠢᠯ ᠤᠨ ᠡᠰᠢ | ᠰᠦᠷᠠᠯ ᠤᠨ ᠶᠠᠷᠤᠩᠭᠡᠶᠢᠯᠡᠨ ᠠᠰᠢᠭᠯᠠᠬᠤ ᠨᠤᠷᠮ᠎ᠠ ᠶᠢ ᠲᠡᠭᠡᠭᠰᠢᠯᠡᠭᠦᠯᠤᠨ᠎ᠠ᠃ ᠠᠭᠠᠷ ᠮᠠᠨᠳᠠᠯ ᠤᠨ ᠪᠤᠬᠢᠷᠳᠤᠯ ᠢ ᠰᠡᠷᠭᠡᠶᠢᠯᠡᠨ ᠵᠠᠰᠠᠬᠤ ᠠᠵᠢᠯᠯᠠᠭᠠᠨ ᠤ ᠲᠦᠯᠤᠪᠯᠡᠭᠡ ᠶᠢ | ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠬᠡᠢ ᠠᠭᠠᠷ ᠤᠨ ᠶᠠᠰᠤ ᠴᠢᠨᠠᠷ ᠢ ᠬᠢᠨᠡᠨ ᠭᠡᠮᠵᠢᠵᠤ ᠤᠷᠢᠳᠴᠢᠯᠡᠨ ᠰᠡᠷᠡᠮᠵᠢᠯᠡᠭᠦᠯᠭᠦ ᠲᠤᠭᠳᠠᠯᠴᠠᠭ᠎ᠠ ᠶᠢ ᠪᠠᠶᠢᠭᠤᠯᠤᠨ | ᠲᠦᠭᠦᠷᠴᠢᠯᠡᠵᠤ᠂ ᠠᠵᠤ ᠤᠶᠢᠯᠡᠳᠪᠤᠷᠢ ᠶᠢᠨ ᠭᠠᠳᠠᠭᠰᠢᠯᠠᠭᠤᠯᠤᠯᠳᠠ᠂ ᠨᠠᠭᠦᠷᠡᠰᠤ ᠰᠢᠳᠠᠭᠠᠨ ᠲᠤᠯᠠᠭᠠᠴᠠᠬᠤ᠂ ᠲᠤᠭᠤᠰᠤ ᠨᠤᠨᠳᠠᠭ ᠤᠨ ᠪᠤᠬᠢᠷᠳᠤᠯ ᠵᠡᠷᠭᠡ | ᠲᠤᠪᠤᠶᠢᠮ᠎ᠠ ᠠᠰᠠᠭᠤᠳᠠᠯ ᠢ ᠭᠦᠴᠤᠯᠡᠨ ᠰᠡᠢᠳᠪᠤᠷᠢᠯᠡᠨᠠ᠃ | ᠠᠮᠢ ᠠᠬᠤᠢ ᠶᠢᠨ ᠬᠠᠮᠠᠭᠠᠯᠠᠯᠳᠠ ᠶᠢᠨ ᠲᠤᠭᠳᠠᠴᠠ ᠶᠢ ᠰᠠᠶᠢᠳᠤᠷ ᠪᠠᠶᠢᠭᠤᠯᠤᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠡᠳ᠋ ᠭᠦᠷᠤᠩᠭᠡ ᠶᠢᠨ ᠦᠷᠢᠳᠠᠯ ᠤᠨ | ᠭᠦᠰᠤᠨᠤᠭ᠍ᠳᠤ᠂ ᠤᠳᠤᠷᠢᠳᠬᠤ ᠺᠠᠳ᠋ᠷ ᠤᠨ ᠲᠤᠰᠢᠶᠠᠯ ᠠᠴᠠ ᠰᠠᠯᠬᠤ ᠦᠶ᠎ᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠭᠦᠷᠤᠩᠭᠡ ᠳᠤ ᠬᠢᠨᠠᠨ ᠪᠤᠳᠤᠯᠳᠠ ᠬᠢᠬᠦ | ᠪᠠ ᠨᠠᠰᠤᠨ ᠲᠤᠷᠰᠢ ᠬᠠᠷᠢᠭᠤᠴᠠᠯᠭ᠎ᠠ ᠨᠡᠭᠡᠮᠵᠢᠯᠡᠭᠦ ᠵᠡᠷᠭᠡ ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠤ᠂ ᠪᠠᠶᠢᠭᠠᠯᠢ ᠶᠢᠨ ᠡᠬᠢ ᠪᠠᠶᠠᠯᠢᠭ ᠢ ᠦᠨ᠎ᠠ ᠲᠦᠯᠤᠪᠤᠷᠢ ᠲᠠᠢ | ᠬᠡᠷᠡᠭᠯᠡᠭᠦ᠂ ᠠᠮᠢ ᠠᠬᠤᠢ ᠶᠢᠨ ᠤᠷᠴᠢᠨ ᠲᠤᠭᠤᠷᠢᠨ ᠢ ᠬᠤᠬᠢᠷᠠᠭᠤᠯᠪᠠᠯ ᠲᠦᠯᠤᠪᠤᠷᠢ ᠦᠭᠭᠦ ᠵᠡᠷᠭᠡ ᠲᠦᠷᠢᠮ ᠢ ᠡᠷᠡᠰ ᠨᠠᠶᠢᠳᠠᠪᠤᠷᠢᠵᠢᠭᠤᠯᠤᠨ᠂ ᠲᠦᠷᠢᠮ ᠢᠶᠠᠷ | ᠤᠶᠢᠯᠡ ᠠᠵᠢᠯᠯᠠᠭ᠎ᠠ ᠶᠢ ᠵᠢᠷᠤᠮᠵᠢᠭᠤᠯᠬᠤ ᠤᠶᠢᠯᠡᠳᠤᠯ ᠢ ᠵᠢᠩᠬᠢᠨᠢ ᠪᠠᠷ ᠪᠠᠳᠠᠷᠠᠭᠤᠯᠤᠨ᠎ᠠ᠃ ᠤᠷᠴᠢᠨ ᠲᠤᠭᠤᠷᠢᠨ ᠤ ᠲᠦᠭᠰᠢᠭᠦᠷᠢ ᠶᠢ ᠲᠦᠰᠤᠭᠡᠯᠡᠨ ᠤᠷᠢᠳᠴᠢᠯᠡᠨ | ᠰᠡᠷᠡᠮᠵᠢᠯᠡᠭᠦᠯᠭᠦ ᠲᠤᠭᠳᠠᠯᠴᠠᠭ᠎ᠠ ᠶᠢ ᠪᠠᠶᠢᠭᠤᠯᠵᠤ᠂ ᠠᠵᠤ ᠠᠬᠤᠶᠢᠯᠡᠯ ᠠᠵᠤ ᠤᠶᠢᠯᠡᠰ ᠤᠨ ᠪᠠᠶᠢᠭᠤᠯᠭ᠎ᠠ ᠶᠢᠨ ᠤᠷᠴᠢᠨ ᠲᠤᠭᠤᠷᠢᠨ ᠤ ᠲᠦᠭᠰᠢᠭᠦᠷᠢ ᠶᠢ ᠰᠡᠷᠭᠡᠶᠢᠯᠡᠭᠦ | ᠭᠤᠤᠯ ᠴᠤᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠨ᠎ᠠ᠃ ᠦᠪᠡᠷᠳᠡᠭᠡᠨ ᠵᠠᠰᠠᠬᠤ ᠤᠷᠤᠨ ᠤ ᠤᠷᠴᠢᠨ ᠲᠤᠭᠤᠷᠢᠨ ᠤ ᠬᠠᠮᠠᠭᠠᠯᠠᠯᠳᠠ ᠶᠢᠨ ᠪᠡᠯᠡ ᠤᠷᠤᠭᠤᠯᠤᠯᠳᠠ | ᠶᠢᠨ ᠪᠦᠯᠤᠭ᠍ᠯᠡᠯ ᠯᠦᠭᠡ ᠶᠢᠨ ᠬᠠᠮᠳᠤᠷᠠᠯᠴᠠᠭ᠎ᠠ ᠪᠠᠨ ᠴᠢᠩᠭᠠᠳᠬᠠᠵᠤ᠂ ᠵᠦᠩ ᠬᠤᠸᠠ ᠪᠦᠯᠤᠭ᠍ᠯᠡᠯ ᠲᠠᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠤ ᠤᠶᠢᠯᠡᠰ | ᠤᠨ ᠰᠤᠳᠤᠯᠭᠠᠨ ᠤ ᠭᠦᠷᠢᠶᠠᠯᠡᠩ ᠤᠨ ᠺᠤᠮᠫᠠᠨᠢ ᠶᠢ ᠬᠠᠮᠳᠤᠪᠠᠷ ᠵᠤᠬᠢᠶᠠᠨ ᠪᠠᠶᠢᠭᠤᠯᠤᠨ᠎ᠠ᠃ ᠤᠷᠴᠢᠨ ᠲᠤᠭᠤᠷᠢᠨ ᠤ ᠬᠠᠤᠯᠢ ᠬᠡᠷᠡᠭᠵᠢᠭᠦᠯᠤᠯᠳᠠ ᠶᠢ ᠬᠢᠨᠠᠨ ᠬᠡᠮᠵᠢᠭᠦ | ᠲᠤᠭᠳᠠᠯᠴᠠᠭ᠎ᠠ ᠪᠠ ᠴᠢᠳᠠᠪᠤᠷᠢ ᠶᠢᠨ ᠪᠠᠶᠢᠭᠤᠯᠤᠯᠳᠠ ᠶᠢ ᠴᠢᠩᠭᠠᠳᠬᠠᠵᠤ᠂ ᠮᠡᠳᠡᠭᠡ ᠵᠠᠩᠬᠢᠴᠢᠯᠠᠭᠰᠠᠨ ᠬᠢᠨᠡᠨ ᠬᠠᠮᠢᠶᠠᠷᠤᠯᠳᠠ ᠶᠢᠨ ᠰᠢᠰᠲ᠋ᠧᠮ ᠢ ᠲᠡᠭᠦᠯᠳᠠᠷᠵᠢᠭᠦᠯᠤᠨ᠂ | ᠬᠤᠯᠪᠤᠭᠠᠯᠡᠨ ᠬᠠᠤᠯᠢ ᠬᠡᠷᠡᠭᠵᠢᠭᠦᠯᠭᠦ ᠲᠤᠭᠳᠠᠴᠠ ᠶᠢ ᠪᠠᠶᠢᠭᠤᠯᠤᠨ ᠲᠦᠭᠦᠷᠴᠢᠯᠡᠵᠤ᠂ ᠦᠯᠤ ᠠᠭᠤᠴᠢᠯᠠᠬᠤ ᠤᠪᠤᠷ ᠢᠶᠠᠷ᠂ ᠤᠷᠴᠢᠨ ᠲᠤᠭᠤᠷᠢᠨ ᠤ ᠬᠠᠤᠯᠢ | ᠵᠦᠷᠢᠴᠡᠭᠰᠡᠨ ᠤᠶᠢᠯᠡ ᠠᠵᠢᠯᠯᠠᠭ᠎ᠠ ᠳᠤ ᠴᠢᠩᠭ᠎ᠠ ᠴᠤᠬᠢᠯᠳᠠ ᠦᠭᠭᠦᠨ᠎ᠠ᠃ | ᠲᠦᠯᠤᠭᠡᠯᠡᠭᠴᠢᠳ ᠠ᠋︕ ᠠᠮᠢ ᠠᠬᠤᠢ ᠪᠤᠯ ᠤᠷᠳᠤᠰ ᠤᠨ ᠬᠠᠮᠤᠭ ᠤᠨ ᠬᠤᠪᠤᠷ ᠨᠠᠨᠳᠢᠨ ᠦᠪ ᠭᠦᠷᠤᠩᠭᠡ᠂ ᠬᠠᠮᠤᠭ ᠤᠨ ᠴᠢᠬᠤᠯᠠ ᠨᠡᠷᠡᠳᠤ ᠲᠡᠮᠳᠡᠭᠳᠤ | ᠪᠤᠯᠤᠨ᠎ᠠ᠃ ᠪᠢᠳᠠ ᠵᠠᠪᠠᠯ ︽ᠭᠦᠬᠡᠮᠳᠤᠭ᠌ ᠠᠭᠤᠯᠠ ᠴᠡᠩᠭᠡᠭ ᠤᠰᠤ ᠪᠤᠯ ᠲᠠᠷᠤᠢ ᠦᠨᠢ ᠮᠦᠩᠭᠡ ᠶᠢᠨ ᠦᠪ ᠭᠦᠷᠤᠩᠭᠡ︾ ᠭᠡᠰᠡᠨ ᠤᠨᠤᠯᠵᠢᠭᠤᠨ ᠢ ᠪᠠᠳᠤ ᠪᠠᠬᠢ | ᠪᠤᠢ ᠪᠤᠯᠭᠠᠵᠤ᠂ ᠪᠢᠳᠠᠨ ᠤ ᠤᠷᠤᠰᠢᠨ ᠲᠤᠭᠳᠠᠨᠢᠵᠤ ᠪᠠᠶᠢᠭ᠎ᠠ ᠨᠤᠳᠤᠭ ᠤᠷᠤᠨ ᠢᠶᠠᠨ ᠪᠦᠬᠦ ᠭᠦᠴᠤᠨ ᠴᠢᠳᠠᠯ ᠢᠶᠠᠷ ᠬᠠᠮᠠᠭᠠᠯᠠᠵᠤ᠂ ᠦᠷ᠎ᠠ ᠬᠤᠶᠢᠴᠢᠰ ᠲᠠᠭᠠᠨ | ᠨᠡᠩ ᠤᠯᠡᠨ ᠠᠮᠢ ᠠᠬᠤᠢ ᠶᠢᠨ ᠡᠳ᠋ ᠭᠦᠷᠤᠩᠭᠡ ᠦᠯᠡᠳᠡᠭᠡᠵᠤ᠂ ᠠᠮᠢ ᠠᠬᠤᠢ ᠶᠢᠨ ᠤᠷᠴᠢᠨ ᠲᠤᠭᠤᠷᠢᠨ ᠢ ᠬᠠᠮᠠᠭᠠᠯᠠᠬᠤ ᠶᠢᠨ ᠲᠦᠯᠤᠭᠡ ᠮᠠᠨ ᠤ ᠡᠨᠡ ᠦᠶ᠎ᠠ ᠶᠢᠨ | ᠬᠢᠨ ᠤ ᠭᠦᠴᠤ ᠭᠦᠯᠤᠰᠤ ᠪᠠᠨ ᠬᠠᠷᠠᠮ ᠦᠬᠡᠢ ᠡᠷᠭᠦᠶ᠎ᠠ︕ | ︵ᠲᠤᠯᠤᠭ᠎ᠠ︶ ᠤᠯᠡᠨ ᠨᠠᠶᠢᠳᠠ ᠶᠢᠨ ᠤᠶᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠵᠤ᠂ ᠠᠷᠠᠳ ᠤᠯᠡᠨ ᠤ ᠤᠯᠤᠯᠳᠠ ᠶᠢᠨ ᠲᠦᠷᠤᠭ᠍ᠳᠡᠯ ᠢ ᠴᠢᠩᠭᠠᠳᠬᠠᠨ᠎ᠠ | ᠃ | ᠨᠡᠩ ᠪᠦᠷᠢᠨ ᠲᠡᠭᠦᠯᠳᠠᠷ ᠠᠵᠢᠯ ᠤᠯᠭᠤᠯᠳᠠᠤᠶᠢᠯᠡᠰ ᠪᠦᠳᠤᠭᠡᠯᠳᠠ ᠶᠢ ᠪᠠᠶᠠᠯᠡᠭᠦᠯᠤᠨ᠎ᠠ᠃ ᠢᠳᠠᠪᠬᠢᠳᠠᠢ ᠠᠵᠢᠯ ᠤᠯᠭᠤᠬᠤ ᠲᠦᠷᠤ ᠶᠢᠨ ᠪᠤᠳᠤᠯᠭ᠎ᠠ ᠶᠢ | ᠬᠡᠷᠡᠭᠵᠢᠭᠦᠯᠤᠨ᠂ ᠤᠯᠡᠨ ᠲᠦᠮᠡᠨ ᠤ ᠠᠵᠢᠯ ᠤᠯᠬᠤ ᠠᠵᠢᠯ ᠢ ᠨᠢᠭᠡᠳᠤᠯᠳᠠᠢ ᠲᠦᠯᠤᠪᠯᠡᠨ ᠰᠠᠶᠢᠳᠤᠷ ᠬᠢᠵᠤ᠂ ᠬᠤᠳᠠ ᠪᠠᠯᠭᠠᠰᠤᠨ ᠳᠤ ᠰᠢᠨ᠎ᠠ ᠪᠠᠷ 2.9 ᠲᠦᠮᠡᠨ | ᠭᠦᠮᠤᠨ ᠳᠤ ᠠᠵᠢᠯ ᠤᠯᠭᠤᠨ᠎ᠠ᠃ ᠤᠶᠢᠯᠡᠰ ᠪᠦᠳᠤᠭᠡᠭᠦ ᠶᠢ ᠠᠬᠢᠭᠤᠯᠬᠤ ᠪᠠᠷ ᠠᠵᠢᠯ ᠤᠯᠭᠤᠬᠤ ᠶᠢ ᠲᠠᠶᠢᠴᠢᠯᠠᠵᠤ᠂ ᠤᠶᠢᠯᠡᠰ ᠪᠦᠳᠤᠭᠡᠭᠦ ᠠᠵᠢᠯ ᠤᠯᠭᠤᠬᠤ | ᠭᠦᠭᠵᠢᠯᠳᠠ ᠶᠢᠨ ᠲᠤᠰᠬᠠᠢ ᠰᠠᠭᠤᠷᠢ ᠮᠦᠩᠭᠦ ᠶᠢ ᠪᠠᠶᠢᠭᠤᠯᠤᠨ᠂ ᠨᠢᠭᠡ ᠪᠦᠯᠤᠭ᠌ ᠲᠤᠰᠬᠠᠶᠢᠵᠢᠭᠰᠡᠨ ᠤᠯᠡᠨ ᠢᠶᠠᠷ ᠢᠶᠠᠨ ᠤᠶᠢᠯᠡᠰ ᠪᠦᠳᠤᠭᠡᠭᠦ ᠤᠷᠤᠨ ᠵᠠᠢ ᠶᠢ | ᠪᠠᠶᠢᠭᠤᠯᠵᠤ᠂ ᠮᠠᠯᠴᠢᠨ ᠲᠠᠷᠢᠶᠠᠴᠢᠨ ᠤ ᠨᠤᠳᠤᠭ ᠲᠠᠭᠠᠨ ᠪᠤᠴᠠᠨ ᠤᠶᠢᠯᠡᠰ ᠪᠦᠳᠤᠭᠡᠭᠦ ᠶᠢ ᠵᠤᠷᠢᠭᠵᠢᠭᠤᠯᠤᠨ᠎ᠠ᠃ ᠤᠨᠢᠨ ᠲᠡᠭᠡᠷ᠎ᠠ ᠨᠢ ᠬᠠᠪᠰᠤᠷᠤᠨ ᠲᠡᠳᠭᠦᠭᠦ ᠶᠢ | ᠦᠷᠨᠢᠭᠦᠯᠤᠨ᠂ ᠠᠵᠢᠯᠯᠠᠵᠤ ᠪᠠᠶᠢᠭ᠎ᠠ ᠭᠦᠮᠤᠨ ᠦᠬᠡᠢ ᠭᠡᠷ ᠪᠦᠯᠢ ᠶᠢᠨ ᠪᠠᠶᠢᠳᠠᠯ ᠢ ᠬᠤᠪᠢᠷᠠᠯᠳᠠ ᠲᠠᠢ ᠪᠠᠶᠢᠯᠭᠠᠬᠤ ᠶᠢ ᠪᠠᠳᠤᠯᠠᠨ᠎ᠠ᠃ ᠺᠠᠳ᠋ᠷ ᠠᠵᠢᠯᠳᠠᠨ ᠤ ᠴᠠᠯᠢᠩ | ᠮᠦᠩᠭᠦ ᠳᠤ ᠲᠤᠭᠳᠠᠮᠠᠯ ᠬᠤᠭᠤᠴᠠᠭ᠎ᠠ ᠲᠠᠢ ᠪᠠᠷ ᠲᠤᠬᠢᠷᠠᠭᠤᠯᠤᠯᠳᠠ ᠬᠢᠬᠦ ᠲᠦᠷᠢᠮ ᠢ ᠨᠠᠶᠢᠳᠠᠪᠤᠷᠢᠵᠢᠭᠤᠯᠤᠨ᠎ᠠ᠃ ᠮᠠᠯᠴᠢᠨ ᠲᠠᠷᠢᠶᠠᠴᠢᠨ ᠤ ᠤᠷᠤᠯᠭ᠎ᠠ ᠶᠢ | ᠨᠡᠮᠡᠭᠳᠡᠭᠦᠯᠭᠦ ᠠᠵᠢᠯᠯᠠᠭᠠᠨ ᠤ ᠲᠦᠯᠤᠪᠯᠡᠭᠡ ᠶᠢ ᠬᠡᠷᠡᠭᠵᠢᠭᠦᠯᠤᠨ᠂ ᠮᠠᠯᠴᠢᠨ ᠲᠠᠷᠢᠶᠠᠴᠢᠨ ᠤ ᠡᠳ᠋ ᠭᠦᠷᠤᠩᠭᠡ ᠶᠢᠨ ᠴᠢᠨᠠᠷᠳᠠᠢ᠂ ᠡᠵᠡᠩᠨᠠᠯᠳᠠ ᠶᠢᠨ ᠴᠢᠨᠠᠷᠳᠠᠢ᠂ ᠲᠦᠷᠤ | ᠶᠢᠨ ᠪᠤᠳᠤᠯᠭ᠎ᠠ ᠶᠢᠨ ᠴᠢᠨᠠᠷᠳᠠᠢ ᠤᠷᠤᠯᠭ᠎ᠠ ᠶᠢ ᠴᠢᠷᠮᠠᠶᠢᠨ ᠨᠠᠮᠡᠭᠳᠡᠭᠦᠯᠤᠨᠠ᠃ | ᠨᠡᠩ ᠪᠦᠷᠢᠨ ᠲᠦᠭᠦᠷᠵᠢᠭᠰᠡᠨ ᠨᠠᠶᠢᠭᠡᠮ ᠤᠨ ᠪᠠᠳᠤᠯᠠᠭ᠎ᠠ ᠶᠢᠨ ᠲᠤᠭᠳᠠᠯᠴᠠᠭ᠎ᠠ ᠶᠢ ᠪᠠᠶᠢᠭᠤᠯᠤᠨ᠎ᠠ᠃ ᠪᠦᠬᠦ ᠠᠷᠠᠳ ᠢᠶᠠᠷ ᠢᠶᠠᠨ ᠲᠠᠭᠠᠳᠬᠠᠯ ᠳᠤ ᠤᠷᠤᠵᠤ | ᠲᠠᠩᠰᠠᠯᠠᠭᠤᠯᠬᠤ ᠲᠦᠯᠤᠪᠯᠡᠭᠡ ᠶᠢ ᠬᠡᠷᠡᠭᠵᠢᠭᠦᠯᠤᠨ᠂ ᠤᠨᠤᠪᠴᠢᠳᠠᠢ ᠪᠦᠷᠢᠨ ᠲᠦᠭᠦᠷ ᠪᠦᠬᠦ ᠠᠷᠠᠳ ᠢᠶᠠᠷ ᠢᠶᠠᠨ ᠲᠠᠭᠠᠳᠬᠠᠯ ᠳᠤ ᠤᠷᠤᠬᠤ ᠳ᠋ᠠᠶᠢᠲ᠋ᠠ ᠭᠦᠮᠤᠷᠭᠡ ᠶᠢ | ᠪᠠᠶᠢᠭᠤᠯᠵᠤ᠂ ᠨᠠᠶᠢᠭᠡᠮ ᠤᠨ ᠪᠠᠳᠤᠯᠠᠭ᠎ᠠ ᠶᠢᠨ ᠮᠡᠳᠡᠭᠡ ᠵᠠᠩᠬᠢ ᠶᠢ ᠬᠠᠮᠳᠤᠪᠠᠷ ᠡᠳ᠋ᠯᠡᠭᠦ ᠲᠠᠪᠴᠠᠩ ᠢ ᠪᠠᠶᠢᠭᠤᠯᠤᠨ᠎ᠠ᠃ ᠡᠮ ᠡᠮᠨᠡᠯᠭᠡ ᠶᠢᠨ ᠵᠠᠷᠤᠳᠠᠯ ᠦᠭᠭᠦ ᠲᠦᠷᠢᠮ | ᠤᠨ ᠦᠭᠡᠷᠡᠴᠢᠯᠠᠯᠳᠠ ᠶᠢ ᠭᠦᠨᠵᠡᠭᠡᠶᠢᠷᠡᠭᠦᠯᠤᠨ᠂ ᠡᠪᠡᠳᠴᠢᠨ ᠤ ᠲᠦᠷᠤᠯ ᠢ ᠦᠨᠳᠤᠰᠤᠯᠡᠨ ᠵᠠᠷᠤᠳᠠᠯ ᠦᠭᠭᠦ ᠪᠠ ᠶᠠᠷᠤᠩᠬᠡᠶᠢᠯᠡᠭᠰᠡᠨ ᠴᠢᠨᠠᠷᠳᠠᠢ ᠵᠠᠷᠤᠳᠠᠯ ᠦᠭᠭᠦ | ᠲᠤᠷᠰᠢᠯᠳᠠ ᠶᠢᠨ ᠴᠢᠭ ᠤᠨ ᠠᠵᠢᠯ ᠢ ᠦᠷᠨᠢᠭᠦᠯᠤᠨ᠎ᠠ᠃ ᠡᠮ ᠡᠮᠨᠡᠯᠭᠡ ᠶᠢᠨ ᠲᠠᠭᠠᠳᠬᠠᠯ ᠢ ᠠᠶᠢᠮᠠᠭ ᠬᠤᠳᠠ ᠱᠠᠳᠤᠨ ᠳᠤ ᠨᠢᠭᠡᠳᠤᠯᠳᠠᠢ ᠲᠦᠯᠤᠪᠯᠡᠭᠦ ᠠᠵᠢᠯ ᠢ | ᠭᠦᠨᠵᠡᠬᠡᠶᠢᠷᠡᠭᠦᠯᠤᠨ᠂ ᠦᠭᠡᠷ᠎ᠠ ᠭᠠᠵᠡᠷ ᠡᠪᠡᠳᠴᠢᠨ ᠦᠵᠡᠭᠦᠯᠭᠦ ᠳᠤ ᠰᠢᠭᠤᠳ ᠳ᠋ᠦᠩᠨᠡᠨ ᠪᠤᠳᠤᠵᠤ ᠪᠤᠯᠬᠤ ᠶᠢ ᠠᠬᠢᠭᠤᠯᠤᠨ᠎ᠠ᠃ ᠨᠠᠶᠢᠭᠡᠮ ᠤᠨ ᠠᠪᠤᠷᠠᠨ | ᠲᠤᠰᠠᠯᠠᠯᠳᠠ ᠶᠢᠨ ᠰᠠᠭᠤᠷᠢ ᠶᠢ ᠪᠠᠳᠤᠯᠠᠬᠤ ᠴᠢᠳᠠᠪᠬᠢ ᠶᠢ ᠴᠢᠩᠭᠠᠳᠬᠠᠵᠤ᠂ ᠬᠤᠳᠠ ᠭᠦᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠶᠢᠨ | ᠪᠠᠷᠢᠮᠵᠢᠶ᠎ᠠ ᠶᠢ ᠲᠤᠰᠪᠤᠷᠢ 8% ᠪᠠ 8.5% ᠪᠠᠷ ᠲᠡᠭᠡᠭᠰᠢᠯᠡᠭᠦᠯᠤᠨ᠂ ᠭᠦᠳᠡᠭᠡ ᠲᠤᠰᠬᠤᠨ ᠤ ᠤᠨᠴᠠ ᠶᠠᠳᠠᠭᠤ ᠭᠦᠴᠢᠷᠳᠡᠯᠳᠠᠢ ᠭᠦᠮᠤᠰ ᠢ ᠲᠦᠪᠯᠡᠷᠡᠩᠭᠦᠢ ᠪᠠ | ᠲᠠᠷᠬᠠᠢ ᠪᠠᠷ ᠠᠰᠠᠷᠠᠬᠤ ᠪᠠᠷᠢᠮᠵᠢᠶ᠎ᠠ ᠶᠢ ᠲᠤᠰᠪᠤᠷᠢ 10% ᠪᠠ 8.5% ᠪᠠᠷ ᠲᠡᠭᠡᠭᠰᠢᠯᠡᠭᠦᠯᠤᠨ᠎ᠠ᠃ ᠭᠦᠴᠢᠷᠳᠡᠯᠳᠠᠢ ᠭᠦᠮᠤᠰ ᠢ ᠠᠪᠤᠷᠠᠨ ᠲᠤᠰᠠᠯᠠᠬᠤ ᠶᠢ | ᠴᠢᠩᠭᠠᠳᠬᠠᠵᠤ᠂ ᠡᠬᠡ ᠨᠢᠯᠬᠠᠰ᠂ ᠨᠠᠰᠤᠳᠠᠶᠢᠴᠤᠳ᠂ ᠵᠡᠮᠳᠡᠭᠴᠤᠳ ᠤᠨ ᠬᠠᠤᠯᠢ ᠶᠤᠰᠤᠨ ᠤ ᠡᠷᠭᠡ ᠠᠰᠢᠭ ᠢ ᠪᠠᠳᠤᠯᠡᠨ᠂ ᠪᠠᠭᠤᠷᠡᠶᠢᠴᠤᠤᠯ ᠢ ᠲᠡᠮᠵᠢᠭᠦ ᠶᠢ | ᠪᠠᠳᠤᠯᠠᠨ᠎ᠠ᠃ | ᠨᠡᠩ ᠦᠨᠳᠤᠷ ᠶᠠᠰᠤ ᠴᠢᠨᠠᠷ ᠪᠦᠭᠦᠢ ᠰᠢᠯᠢᠳᠡᠭ ᠰᠤᠷᠭᠠᠨ ᠭᠦᠮᠤᠵᠢᠯ ᠢ ᠡᠭᠦᠳᠤᠨ ᠪᠠᠶᠢᠭᠤᠯᠤᠨ᠎ᠠ᠃ 25 ᠲᠤᠮᠳᠠᠳᠤ ᠪᠠᠭ᠎ᠠ ᠰᠤᠷᠭᠠᠭᠤᠯᠢ᠂18 ᠭᠡᠤᠭᠡᠳ | ᠤᠨ ᠴᠡᠴᠡᠷᠯᠢᠭ ᠢ ᠰᠢᠨ᠎ᠠ ᠪᠠᠷ ᠪᠤᠶᠤ ᠦᠭᠡᠷᠡᠴᠢᠯᠡᠨ ᠦᠷᠭᠡᠳᠭᠡᠨ ᠪᠠᠶᠢᠭᠤᠯᠵᠤ᠂ ᠮᠠᠯᠵᠢᠬᠤ ᠲᠠᠷᠢᠶᠠᠯᠠᠬᠤ ᠤᠷᠤᠨ ᠤ ᠪᠠᠭᠰᠢ ᠨᠠᠷ ᠤᠨ ᠲᠦᠷ ᠰᠠᠭᠤᠬᠤ ᠭᠡᠷ ᠤᠷᠤᠨ | ᠢ ᠪᠦᠳᠤᠭᠡᠨ ᠪᠠᠶᠢᠭᠤᠯᠬᠤ ᠡᠭᠦᠷᠭᠡ ᠶᠢ ᠪᠦᠬᠦ ᠲᠠᠯ᠎ᠠ ᠪᠠᠷ ᠪᠠᠶᠠᠯᠡᠭᠦᠯᠤᠨ᠎ᠠ᠃ ᠠᠯᠪᠠᠨ ᠵᠢᠷᠤᠮ ᠤᠨ ᠰᠤᠷᠭᠠᠨ ᠭᠦᠮᠤᠵᠢᠯ ᠤᠨ ᠲᠡᠩᠴᠡᠭᠦᠷᠢᠳᠠᠢ ᠭᠦᠭᠵᠢᠯᠳᠠ ᠶᠢ | ᠠᠬᠢᠭᠤᠯᠤᠨ᠂ ᠬᠤᠳᠠ ᠶᠢᠨ ᠭᠤᠤᠯ ᠲᠤᠭᠤᠷᠢᠭ ᠤᠨ ᠰᠢᠯᠢᠳᠡᠭ ᠰᠤᠷᠭᠠᠨ ᠭᠦᠮᠤᠵᠢᠯ ᠤᠨ ᠡᠬᠢ ᠪᠠᠶᠠᠯᠢᠭ ᠢ ᠬᠠᠮᠳᠤᠪᠠᠷ ᠪᠠᠶᠢᠭᠤᠯᠤᠨ ᠬᠠᠮᠳᠤᠪᠠᠷ ᠡᠳ᠋ᠯᠡᠭᠦ ᠶᠢ | ᠠᠬᠢᠭᠤᠯᠵᠤ᠂ ︽ᠰᠤᠷᠭᠠᠭᠤᠯᠢ ᠰᠢᠯᠢᠬᠤ ᠬᠠᠯᠠᠭᠤᠷᠠᠯ︾ ︽ᠲᠤᠭᠳᠠᠭᠰᠡᠨ ᠭᠦᠮᠤᠨ ᠤ ᠲᠤᠭ᠎ᠠ ᠠᠴᠠ ᠲᠠᠪᠠᠭᠰᠡᠨ ᠠᠩᠬᠢ︾᠂ ᠲᠤᠮᠳᠠᠳᠤ ᠪᠠᠭ᠎ᠠ ᠰᠤᠷᠭᠠᠭᠤᠯᠢ ᠶᠢᠨ bt365备用网址_365国际体育官网_365bet体育在线投注官网 | ᠰᠤᠷᠤᠭᠴᠢᠳ ᠤᠨ ᠭᠢᠴᠢᠶᠠᠯ ᠤᠨ ᠭᠠᠳᠠᠨᠠᠬᠢ ᠲᠠᠷᠤᠭᠠᠰᠤ ᠭᠦᠨᠳᠤ ᠪᠠᠶᠢᠬᠤ ᠵᠡᠷᠭᠡ ᠲᠤᠪᠤᠶᠢᠮ᠎ᠠ ᠠᠰᠠᠭᠤᠳᠠᠯ ᠢ ᠭᠦᠴᠤᠯᠡᠨ ᠰᠡᠢᠳᠪᠤᠷᠢᠯᠡᠨᠠ᠃ ᠰᠤᠷᠭᠠᠨ ᠬᠦᠮᠦᠵᠢᠯ | ᠤᠨ ᠮᠡᠳᠡᠭᠡ ᠵᠠᠩᠬᠢᠴᠢᠯᠠᠭᠰᠠᠨ ᠬᠢᠷᠢ ᠲᠦᠪᠰᠢᠨ ᠢ ᠲᠡᠭᠡᠭᠰᠢᠯᠡᠭᠦᠯᠵᠤ᠂ ᠪᠦᠬᠦ ᠬᠤᠳᠠ ᠶᠢᠨ ︽ᠰᠤᠷᠭᠠᠨ ᠬᠦᠮᠦᠵᠢᠯ ᠤᠨ ᠡᠭᠦᠯᠡ︾ ᠶᠢ ᠪᠠᠶᠢᠭᠤᠯᠤᠨ᠎ᠠ᠃ | ᠰᠤᠷᠬᠤ ᠨᠠᠰᠤᠨ ᠠᠴᠠ ᠡᠮᠤᠨᠡᠬᠢ ᠰᠤᠷᠭᠠᠨ ᠭᠦᠮᠤᠵᠢᠯ ᠢ ᠰᠠᠶᠢᠳᠤᠷ ᠡᠷᠬᠢᠯᠡᠵᠤ᠂ ᠤᠶᠢᠯᠡᠴᠢᠯᠡᠭᠡᠨ ᠤ ᠪᠠᠳᠤᠯᠠᠭ᠎ᠠ ᠶᠢᠨ ᠲᠤᠭᠳᠠᠯᠴᠠᠭ᠎ᠠ ᠶᠢ ᠪᠠᠶᠢᠭᠤᠯᠤᠨ | ᠲᠡᠭᠦᠯᠳᠠᠷᠵᠢᠭᠦᠯᠵᠤ᠂ ᠨᠢᠯᠬ᠎ᠠ ᠨᠢᠷᠠᠢ ᠭᠡᠤᠭᠡᠳ ᠢ ᠬᠠᠷᠠᠭᠠᠯᠵᠡᠨ ᠠᠰᠠᠷᠠᠬᠤ ᠪᠠ ᠭᠡᠤᠭᠡᠳ ᠤᠨ ᠠᠩᠬᠠᠨ ᠤ ᠭᠦᠮᠤᠵᠢᠯ ᠤᠨ ᠤᠶᠢᠯᠡᠴᠢᠯᠡᠭᠡᠨ ᠤ ᠠᠰᠠᠭᠤᠳᠠᠯ ᠢ | ᠰᠠᠶᠢᠳᠤᠷ ᠰᠡᠢᠳᠪᠤᠷᠢᠯᠡᠵᠤ᠂ ᠨᠢᠯᠬ᠎ᠠ ᠪᠠᠭ᠎ᠠ ᠭᠡᠤᠭᠡᠳ ᠤᠨ ᠭᠦᠮᠤᠵᠢᠯ ᠭᠦᠷᠳᠡᠭᠦ ᠶᠢ ᠪᠠᠳᠤᠯᠠᠨ᠎ᠠ᠃ ᠤᠳᠤ ᠦᠶ᠎ᠠ ᠶᠢᠨ ᠠᠵᠢᠯ ᠮᠡᠷᠭᠡᠵᠢᠯ ᠤᠨ ᠰᠤᠷᠭᠠᠨ ᠭᠦᠮᠤᠵᠢᠯ | ᠤᠨ ᠲᠤᠭᠳᠠᠯᠴᠠᠭ᠎ᠠ ᠶᠢ ᠪᠠᠶᠢᠭᠤᠯᠤᠨ᠂ ᠤᠶᠢᠯᠡᠳᠪᠤᠷᠢᠯᠡᠭᠦ ᠰᠤᠷᠭᠠᠬᠤ ᠶᠢ ᠠᠭᠤᠰᠤᠯᠴᠠᠭᠤᠯᠤᠭᠰᠡᠨ᠂ ᠰᠤᠷᠭᠠᠭᠤᠯᠢ ᠠᠵᠤ ᠠᠬᠤᠶᠢᠯᠡᠯ ᠤᠨ ᠬᠠᠮᠳᠤᠷᠠᠨ ᠠᠵᠢᠯᠯᠠᠬᠤ ᠶᠢ | ᠴᠢᠩᠭᠠᠳᠬᠠᠨ᠎ᠠ᠃ ᠲᠡᠭᠡᠳᠤ ᠵᠡᠷᠭᠡ ᠶᠢᠨ ᠰᠤᠷᠭᠠᠨ ᠭᠦᠮᠤᠵᠢᠯ ᠤᠨ ᠰᠤᠷᠭᠠᠭᠤᠯᠢ ᠡᠷᠬᠢᠯᠡᠭᠦ ᠬᠢᠷᠢ ᠲᠦᠪᠰᠢᠨ ᠢ ᠲᠡᠭᠡᠭᠰᠢᠯᠡᠭᠦᠯᠤᠨ᠂ ᠨᠢᠭᠡ ᠪᠦᠯᠤᠭ᠌ ᠨᠡᠷᠡᠳᠤ ᠲᠤᠰᠬᠠᠢ | ᠮᠡᠷᠭᠡᠵᠢᠯ ᠪᠠ ᠬᠢᠴᠢᠶᠠᠯ ᠲᠦᠷᠤᠯ ᠢ ᠡᠭᠦᠳᠤᠨ᠎ᠠ᠃ ᠦᠨᠳᠤᠰᠤᠳᠠᠨ ᠤ ᠰᠤᠷᠭᠠᠨ ᠭᠦᠮᠤᠵᠢᠯ ᠢ ᠤᠷᠢᠳᠠᠪᠠᠷ ᠭᠦᠭᠵᠢᠭᠦᠯᠤᠨ᠂ ᠮᠤᠩᠭᠤᠯ ᠬᠡᠯᠡ ᠪᠠᠷ ᠭᠢᠴᠢᠶᠠᠯᠯᠡᠭᠦ | ᠪᠠᠭᠰᠢ ᠶᠢᠨ ᠬᠡᠪ ᠴᠢᠨᠠᠷ ᠢ ᠲᠡᠭᠡᠭᠰᠢᠯᠡᠭᠦᠯᠭᠦ ᠢᠨᠵᠧᠨᠧᠷᠢᠩ ᠢ ᠬᠡᠷᠡᠭᠵᠢᠭᠦᠯᠵᠤ᠂ ᠮᠠᠯᠵᠢᠬᠤ ᠤᠷᠤᠨ ᠤ ᠰᠤᠷᠭᠠᠭᠤᠯᠢ ᠶᠢᠨ ᠪᠠᠶᠢᠷᠢᠰᠢᠭᠤᠯᠤᠯᠳᠠ ᠶᠢ ᠰᠢᠯᠢᠳᠡᠭᠵᠢᠭᠦᠯᠤᠨ᠎ᠠ | ᠃ ᠤᠨᠴᠠᠭᠠᠢ ᠭᠦᠮᠤᠰ ᠤᠨ ᠡᠷᠭᠡ ᠲᠡᠭᠰᠢ ᠪᠠᠷ ᠰᠤᠷᠭᠠᠨ ᠭᠦᠮᠤᠵᠢᠯ ᠭᠦᠷᠳᠡᠭᠦ ᠶᠢ ᠪᠠᠳᠤᠯᠠᠨ᠎ᠠ᠃ ᠪᠠᠭᠰᠢ ᠶᠢᠨ ᠬᠠᠮᠢᠶᠠᠷᠤᠯᠳᠠ ᠶᠢᠨ ᠪᠠᠶᠢᠭᠤᠯᠤᠯ ᠤᠨ | ᠦᠭᠡᠷᠡᠴᠢᠯᠠᠯᠳᠠ ᠶᠢ ᠠᠬᠢᠭᠤᠯᠤᠨ᠂ ᠪᠠᠭᠰᠢ ᠶᠢᠨ ᠴᠠᠯᠢᠩ ᠭᠦᠯᠤᠰᠤ ᠶᠢ ᠨᠡᠮᠡᠭᠳᠡᠭᠦᠯᠭᠦ ᠲᠤᠭᠳᠠᠴᠠ ᠶᠢ ᠲᠡᠭᠦᠯᠳᠠᠷᠵᠢᠭᠦᠯᠤᠨᠠ᠃ | ᠨᠡᠩ ᠦᠨᠳᠤᠷ ᠬᠢᠷᠢ ᠲᠦᠪᠰᠢᠨ ᠪᠦᠬᠦᠢ ᠡᠷᠡᠭᠦᠯ ᠮᠡᠨᠳᠤ ᠶᠢᠨ ᠤᠶᠢᠯᠡᠴᠢᠯᠡᠭᠡ ᠶᠢ ᠬᠠᠩᠭᠠᠨ᠎ᠠ᠃ ᠬᠠᠩᠬᠢᠨ ᠬᠤᠰᠢᠭᠤ ᠤᠯᠤᠰ ᠤᠨ ᠡᠷᠡᠭᠦᠯ ᠬᠠᠮᠠᠭᠠᠯᠠᠯ ᠤᠨ | ᠰᠢᠶᠠᠨ ᠬᠤᠳᠠ ᠶᠢ ᠡᠭᠦᠳᠦᠨ ᠪᠠᠶᠢᠭᠤᠯᠬᠤ ᠠᠵᠢᠯ ᠢ ᠡᠬᠢᠯᠡᠭᠦᠯᠵᠤ᠂ ᠪᠦᠬᠦ ᠬᠤᠳᠠ ᠳᠤ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠬᠤᠳᠠ ᠶᠢ ᠪᠦᠬᠦ | ᠲᠠᠯ᠎ᠠ ᠪᠠᠷ ᠪᠦᠷᠬᠦᠭᠦᠯᠬᠦ ᠶᠢ ᠲᠦᠷᠬᠡᠨ ᠢᠶᠠᠷ ᠪᠡᠶᠡᠯᠡᠭᠦᠯᠦᠨ᠎ᠡ᠃ ᠡᠮᠨᠡᠯᠭᠡ ᠶᠢᠨ ᠬᠤᠯᠪᠤᠭᠠᠳᠤ ᠴᠤᠭᠴᠠ᠂ ᠡᠮᠨᠡᠯᠭᠡ ᠶᠢᠨ ᠬᠠᠮᠳᠤᠷᠠᠭᠰᠡᠨ ᠴᠤᠭᠴᠠ ᠪᠠ ᠠᠯᠤᠰ ᠤᠨ | ᠡᠮᠴᠢᠯᠡᠭᠡ ᠶᠢᠨ ᠪᠠᠶᠢᠭᠤᠯᠤᠯᠳᠠ ᠶᠢ ᠪᠦᠭᠦ ᠲᠠᠯ᠎ᠠ ᠪᠠᠷ ᠲᠡᠯᠭᠡᠷᠡᠭᠦᠯᠤᠨ᠂ ᠭᠡᠷ ᠪᠦᠯᠢ ᠶᠢᠨ ᠡᠮᠴᠢ ᠶᠢᠨ ᠭᠡᠷ᠎ᠠ ᠲᠤᠭᠳᠠᠬᠤ ᠪᠦᠷᠭᠦᠯᠳᠠ ᠶᠢᠨ ᠬᠡᠪᠴᠢᠶ᠎ᠠ ᠶᠢ | ᠦᠷᠭᠡᠳᠭᠡᠵᠤ᠂ ᠦᠨᠳᠤᠰᠤᠨ ᠱᠠᠳᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠤᠶᠢᠯᠡᠴᠢᠯᠡᠭᠡᠨ ᠤ ᠴᠢᠳᠠᠪᠤᠷᠢ ᠶᠢ ᠲᠡᠭᠡᠭᠰᠢᠯᠡᠭᠦᠯᠤᠨ᠂ ᠱᠠᠳᠤ | ᠬᠤᠪᠢᠶᠠᠨ ᠤᠨᠤᠰᠢᠯᠡᠨ ᠡᠮᠨᠡᠭᠦ ᠰᠢᠨ᠎ᠠ ᠲᠢᠭᠯᠢᠮ ᠢ ᠪᠠᠶᠢᠭᠤᠯᠤᠨ᠎ᠠ᠃ ᠬᠤᠳᠠ ᠶᠢᠨ ᠬᠤᠶᠠᠳᠤᠭᠠᠷ ᠡᠮᠨᠡᠯᠭᠡ ᠶᠢᠨ ᠬᠤᠷᠢᠶ᠎ᠠ᠂ ᠲᠦᠷᠪᠠᠳᠤᠭᠡᠷ ᠡᠮᠨᠡᠯᠭᠡ ᠶᠢᠨ ᠬᠤᠷᠢᠶ᠎ᠠ᠂ | ᠬᠢᠳᠠᠳ ᠡᠮᠨᠡᠯᠭᠡ ᠶᠢᠨ ᠬᠤᠷᠢᠶ᠎ᠠ ᠶᠢᠨ ᠡᠮᠨᠡᠯᠭᠡ ᠳᠤ ᠰᠠᠭᠤᠬᠤ ᠠᠰᠠᠷ ᠵᠡᠷᠭᠡ ᠲᠦᠷᠤᠯ ᠵᠤᠶᠢᠯ ᠢ ᠪᠦᠳᠤᠭᠡᠨ ᠪᠠᠶᠢᠭᠤᠯᠬᠤ ᠪᠠ ᠦᠭᠡᠷᠡᠴᠢᠯᠡᠭᠦ ᠶᠢ ᠲᠦᠷᠭᠡᠳᠭᠡᠵᠤ᠂ ᠡᠮ | ᠡᠮᠨᠡᠯᠭᠡ ᠡᠷᠡᠭᠦᠯ ᠬᠠᠮᠠᠭᠠᠯᠠᠯ ᠤᠨ ᠰᠠᠭᠤᠷᠢ ᠨᠦᠭᠦᠴᠠᠯ ᠢ ᠤᠯᠠᠮ ᠨᠢᠭᠡ ᠠᠯᠬᠤᠮ ᠰᠠᠶᠢᠵᠢᠷᠠᠭᠤᠯᠤᠨ᠎ᠠ᠃ ᠶᠠᠷᠤᠩᠭᠡᠢ ᠰᠠᠯᠠᠭᠠᠨ ᠤ ᠡᠮᠴᠢ ᠶᠢ ᠭᠦᠮᠤᠵᠢᠭᠦᠯᠭᠦ᠂ | ᠤᠷᠮᠠᠰᠢᠭᠤᠯᠬᠤ ᠲᠤᠭᠳᠠᠴᠠ ᠶᠢ ᠲᠡᠭᠦᠯᠳᠠᠷᠵᠢᠭᠦᠯᠵᠤ᠂ ᠲᠡᠭᠡᠳᠤ ᠵᠡᠷᠭᠡ ᠶᠢᠨ ᠡᠮᠨᠡᠯᠭᠡ ᠶᠢᠨ ᠴᠢᠳᠠᠪᠤᠷᠢᠳᠠᠨ ᠪᠠ ᠨᠡᠷᠠᠳᠤ ᠲᠤᠰᠬᠠᠢ ᠰᠠᠯᠠᠭ᠎ᠠ ᠶᠢ ᠶᠡᠭᠡ ᠭᠦᠴᠤᠨ ᠢᠶᠠᠷ | ᠤᠷᠤᠭᠤᠯᠤᠨ ᠠᠪᠴᠢᠷᠠᠨ᠎ᠠ᠃ ᠤᠶᠤᠨᠳᠤ ᠡᠷᠡᠭᠦᠯ ᠬᠠᠮᠠᠭᠠᠯᠠᠯ ᠤᠨ ᠢᠨᠵᠧᠨᠧᠷᠢᠩ ᠤᠨ ᠪᠠᠶᠢᠭᠤᠯᠤᠯᠳᠠ ᠶᠢ ᠡᠬᠢᠯᠡᠭᠦᠯᠤᠨ᠂ ᠪᠦᠬᠦ ᠬᠤᠳᠠ ᠶᠢᠨ ᠡᠮ ᠡᠮᠨᠡᠯᠭᠡ ᠡᠷᠡᠭᠦᠯ | ᠬᠠᠮᠠᠭᠠᠯᠠᠯ ᠤᠨ ᠮᠡᠳᠡᠭᠡ ᠵᠠᠩᠬᠢ ᠶᠢ ᠬᠠᠮᠳᠤᠪᠠᠷ ᠡᠳ᠋ᠯᠡᠭᠦ ᠪᠠ ᠡᠮᠨᠡᠯᠭᠡ ᠶᠢᠨ ᠬᠠᠮᠵᠢᠯᠴᠠᠬᠤ ᠬᠢᠷᠢ ᠲᠦᠪᠰᠢᠨ ᠢ ᠲᠡᠭᠡᠭᠰᠢᠯᠡᠭᠦᠯᠤᠨ᠎ᠠ᠃ ᠮᠤᠩᠭᠤᠯ ᠬᠢᠳᠠᠳ ᠡᠮ ᠡᠮᠨᠡᠯᠭᠡ | ᠶᠢᠨ ᠤᠶᠢᠯᠡᠰ ᠤᠨ ᠭᠦᠭᠵᠢᠯᠳᠠ ᠶᠢ ᠲᠦᠷᠭᠡᠳᠭᠡᠵᠤ᠂ ᠮᠤᠩᠭᠤᠯ ᠬᠢᠳᠠᠳ ᠡᠮ ᠡᠮᠨᠡᠯᠭᠡ ᠶᠢᠨ ᠡᠷᠡᠭᠦᠯᠵᠢᠯ ᠵᠢᠭᠤᠯᠴᠢᠯᠡᠯ ᠤᠨ ᠵᠢᠱᠢᠶ᠎ᠠ ᠦᠵᠡᠭᠦᠯᠭᠦ ᠰᠠᠭᠤᠷᠢᠨ ᠭᠠᠵᠡᠷ | ᠢ ᠪᠠᠶᠢᠭᠤᠯᠤᠨ᠎ᠠ᠃ ᠡᠷᠡᠭᠦᠯ ᠮᠡᠨᠳᠤ ᠶᠢᠨ ᠠᠵᠤ ᠤᠶᠢᠯᠡᠰ ᠢ ᠭᠦᠴᠤᠯᠡᠨ ᠭᠦᠭᠵᠢᠭᠦᠯᠵᠤ᠂ ᠨᠠᠶᠢᠭᠡᠮ ᠤᠨ ᠭᠦᠷᠤᠩᠭᠡ ᠶᠢᠨ ᠨᠠᠰᠤᠳᠠᠶᠢᠴᠤᠤᠨ ᠢ ᠠᠰᠠᠷᠠᠬᠤ᠂ ᠡᠮ | ᠡᠮᠨᠡᠯᠭᠡ ᠶᠢᠨ ᠭᠦᠷᠢᠶᠠᠨ ᠳᠤ ᠤᠷᠤᠬᠤ ᠶᠢ ᠵᠤᠷᠢᠭᠵᠢᠭᠤᠯᠤᠨ᠂ ᠡᠮᠴᠢᠯᠡᠵᠤ ᠰᠤᠪᠢᠯᠠᠬᠤ ᠶᠢ ᠤᠶᠠᠯᠳᠤᠭᠤᠯᠬᠤ᠂ ᠭᠡᠷ ᠲᠡᠭᠡᠨ ᠨᠠᠰᠤᠵᠢᠬᠤ ᠪᠠ ᠨᠡᠭᠦᠳᠠᠯ ᠮᠠᠶ᠋ᠢᠭ ᠤᠨ | ᠨᠠᠰᠤᠵᠢᠬᠤ ᠵᠡᠷᠭᠡ ᠤᠶᠢᠯᠡᠴᠢᠯᠡᠭᠡᠨ ᠤ ᠬᠡᠪ ᠵᠠᠭᠪᠤᠷ ᠢ ᠲᠡᠯᠭᠡᠷᠡᠭᠦᠯᠤᠨᠠ᠃ ᠬᠦᠨᠳᠤ ᠶᠡᠭᠡ ᠡᠪᠡᠳᠴᠢᠨ ᠡᠮᠬᠡᠭ ᠢ ᠰᠡᠷᠭᠡᠶᠢᠯᠡᠨ ᠡᠵᠡᠮᠰᠢᠬᠦ ᠶᠢ ᠴᠢᠩᠭᠠᠳᠬᠠᠵᠤ᠂ | ᠡᠷᠡᠭᠦᠯ ᠪᠤᠯᠪᠠᠰᠤᠨ ᠠᠮᠢᠳᠤᠷᠠᠯ ᠤᠨ ᠠᠷᠭ᠎ᠠ ᠬᠡᠯᠪᠡᠷᠢ ᠶᠢ ᠰᠠᠨᠠᠭᠠᠴᠢᠯᠠᠵᠤ᠂ ᠤᠯᠠᠨ ᠨᠡᠶᠢᠳᠡ ᠶᠢᠨ ᠡᠷᠡᠭᠦᠯ ᠮᠡᠨᠳᠤ ᠶᠢᠨ ᠬᠡᠪ ᠴᠢᠨᠠᠷ ᠢ ᠲᠡᠭᠡᠭᠰᠢᠯᠡᠭᠦᠯᠵᠤ᠂ | ᠡᠷᠡᠭᠦᠯ ᠮᠡᠨᠳᠤ ᠶᠢᠨ ᠬᠤᠳᠠ ᠶᠢ ᠢᠳᠡᠪᠬᠢᠲᠠᠢ ᠡᠭᠦᠳᠦᠨ ᠪᠠᠶᠢᠭᠤᠯᠤᠨ᠎ᠠ᠃ ᠲᠦᠯᠤᠪᠯᠡᠭᠡᠳᠤ ᠦᠷᠡᠵᠢᠯ ᠤᠨ ᠤᠶᠢᠯᠡᠴᠢᠯᠡᠭᠡᠨ ᠤ ᠬᠢᠷᠢ ᠲᠦᠪᠰᠢᠨ ᠢ ᠲᠡᠭᠡᠭᠰᠢᠯᠡᠭᠦᠯᠤᠨ | ᠂ ᠲᠦᠷᠤᠭ᠍ᠰᠡᠨ ᠭᠦᠮᠤᠨ ᠠᠮᠠ ᠶᠢᠨ ᠶᠠᠰᠤ ᠴᠢᠨᠠᠷ ᠢ ᠲᠡᠭᠡᠭᠰᠢᠯᠡᠭᠦᠯᠤᠨ᠎ᠠ᠃ | ᠠᠷᠠᠳ ᠢ ᠨᠡᠩ ᠢᠯᠡᠭᠦᠤ ᠬᠠᠷᠠᠭᠠᠯᠵᠠᠭᠰᠡᠨ ᠰᠤᠶᠤᠯ ᠲᠠᠮᠢᠷ ᠤᠨ ᠤᠶᠢᠯᠡᠰ ᠢ ᠭᠦᠭᠵᠢᠭᠦᠯᠤᠨ᠎ᠠ᠃ ︽ᠠᠷᠪᠠᠨ ᠨᠢᠭᠡ︾ ᠶᠢᠨ ᠰᠤᠶᠤᠯ ᠤᠨ ᠢᠨᠵᠧᠨᠧᠷᠢᠩ ᠢ | ᠬᠦᠨᠵᠡᠬᠡᠢ ᠬᠡᠷᠡᠭᠵᠢᠭᠦᠯᠵᠤ᠂ ᠤᠯᠤᠰ ᠤᠨ ᠤᠯᠠᠨ ᠨᠡᠶᠢᠳᠡ ᠶᠢᠨ ᠰᠤᠶᠤᠯ ᠤᠨ ᠤᠶᠢᠯᠡᠴᠢᠯᠡᠬᠡᠨ ᠤ ᠲᠤᠭᠳᠠᠯᠴᠠᠭ᠎ᠠ ᠶᠢᠨ ᠵᠢᠱᠢᠶ᠎ᠡ ᠦᠵᠡᠭᠦᠯᠬᠦ ᠤᠷᠤᠨ ᠢ | ᠡᠭᠦᠳᠦᠨ ᠪᠠᠶᠢᠭᠤᠯᠤᠭᠰᠠᠨ ᠦᠷ᠎ᠡ ᠪᠦᠲᠦᠬᠡᠯ ᠢ ᠪᠠᠳᠤᠳᠬᠠᠨ᠎ᠠ᠃ ᠰᠤᠶᠤᠯ ᠤᠨ ᠦᠵᠡᠭᠦᠯᠤᠯᠭᠡ᠂ ᠰᠤᠶᠤᠯ ᠤᠨ ᠵᠠᠬ᠎ᠠ ᠲᠡᠯᠭᠡᠭᠦᠷ ᠤᠨ ᠭᠦᠭᠵᠢᠯᠳᠠ ᠶᠢ ᠲᠠᠮᠵᠢᠵᠤ᠂ | ᠢᠷᠠᠭᠤ ᠨᠠᠶᠢᠷᠠᠭ ᠤᠨ ᠨᠠᠭᠠᠳᠤᠮ᠂ ᠲᠠᠯ᠎ᠠ ᠨᠤᠳᠤᠭ ᠤᠨ ᠤᠯᠡᠨ ᠤᠯᠤᠰ ᠤᠨ ᠪᠦᠵᠢᠭ ᠤᠨ ᠴᠤᠭᠯᠠᠭᠠᠨ᠂ ︽ᠤᠷᠳᠤᠰ ᠰᠤᠶᠤᠯ ᠤᠨ ᠲᠤᠮᠳᠠᠳᠤ ᠤᠯᠤᠰ ᠲᠤ | ᠲᠤᠭᠤᠷᠢᠨ ᠦᠵᠡᠭᠦᠯᠬᠦ︾᠂ ︽ᠨᠢᠭᠡ ᠪᠦᠰᠠ ᠨᠢᠭᠡ ᠵᠠᠮ ᠲᠡᠭᠡᠷᠡᠭᠢ ᠤᠯᠠᠭᠠᠨᠮᠦ᠋ᠴᠢᠷ︾ ᠤᠨ ᠲᠤᠭᠤᠷᠢᠭᠰᠡᠨ ᠲᠤᠭᠯᠠᠯᠳᠠ ᠵᠡᠷᠭᠡ ᠨᠠᠷᠠᠳᠤ ᠲᠡᠮᠳᠡᠭᠳᠤ ᠠᠵᠢᠯᠯᠠᠭ᠎ᠠ ᠶᠢ | ᠰᠠᠶᠢᠳᠤᠷ ᠡᠷᠬᠢᠯᠡᠵᠤ᠂ ᠤᠷᠳᠤᠰ ᠤᠨ ᠰᠤᠶᠤᠯ ᠢ ᠪᠦᠬᠦ ᠤᠯᠤᠰ᠂ ᠪᠦᠬᠦ ᠲᠡᠯᠡᠭᠡᠢ ᠳᠤ ᠲᠠᠨᠢᠭᠤᠯᠤᠨ ᠲᠠᠭᠤᠷᠢᠰᠬᠠᠨᠠ᠃ ︽ᠴᠢᠩᠬᠢᠰ ᠬᠠᠭᠠᠨ ᠤ ᠲᠠᠬᠢᠯᠭ᠎ᠠ ᠶᠢᠨ | ᠰᠤᠶᠤᠯ︾ ᠢ ᠲᠡᠯᠡᠭᠡᠢ ᠶᠢᠨ ᠪᠤᠳᠠᠰ ᠤᠨ ᠪᠤᠰᠤ ᠰᠤᠶᠤᠯ ᠤᠨ ᠦᠪ ᠪᠤᠯᠭᠠᠨ ᠮᠡᠳᠡᠭᠦᠯᠭᠦ ᠠᠵᠢᠯ ᠢ ᠢᠳᠠᠪᠬᠢᠳᠠᠢ ᠠᠬᠢᠭᠤᠯᠤᠨ᠂ ᠤᠷᠳᠤ ᠴᠠᠭᠠᠨ ᠬᠡᠷᠡᠮ᠂ ᠰᠢᠷᠬᠤᠰᠤ | ᠵᠡᠷᠭᠡ ᠲᠡᠤᠭᠡ ᠶᠢᠨ ᠦᠯᠡᠳᠡᠭᠳᠡᠯ ᠢ ᠬᠠᠮᠠᠭᠠᠯᠠᠬᠤ ᠭᠦᠴᠤᠯᠡᠴᠠ ᠶᠢ ᠨᠡᠮᠡᠭᠳᠡᠭᠦᠯᠤᠨ᠎ᠠ᠃ ᠤᠯᠠᠭᠠᠨᠮᠦ᠋ᠴᠢᠷ ᠤᠨ ᠵᠤᠷᠢᠭ ᠰᠠᠨᠠᠭ᠎ᠠ ᠶᠢ ᠪᠠᠳᠠᠷᠠᠭᠤᠯᠤᠨ᠂ ᠤᠯᠠᠭᠠᠨᠮᠦ᠋ᠴᠢᠷ | ᠤᠨ ᠪᠠᠶᠢᠭᠤᠯᠤᠯᠳᠠ ᠶᠢ ᠴᠢᠩᠭᠠᠳᠬᠠᠵᠤ᠂ ᠲᠠᠯ᠎ᠠ ᠨᠤᠳᠤᠭ ᠤᠨ ︽ᠬᠤᠪᠢᠰᠬᠠᠯ ᠤᠨ ᠰᠤᠶᠤᠯ ᠤᠷᠠᠯᠢᠭ ᠤᠨ ᠭᠦᠩᠭᠡᠨ ᠮᠤᠷᠢᠳᠤ ᠴᠡᠷᠢᠭ︾ ᠤᠨ ᠤᠶᠢᠯᠡᠳᠤᠯ ᠢ ᠨᠡᠩ | ᠰᠠᠶᠢᠨ ᠪᠠᠳᠠᠷᠠᠭᠤᠯᠤᠨ᠎ᠠ᠃ ᠬᠤᠳᠠ ᠶᠢᠨ ᠠᠷᠠᠳ ᠤᠨ ᠪᠠᠶ᠎ᠠ ᠮᠠᠬᠠᠪᠤᠳ ᠢ ᠰᠠᠶᠢᠵᠢᠷᠠᠭᠤᠯᠬᠤ ᠢᠨᠵᠧᠨᠧᠷᠢᠩ ᠢ ᠬᠡᠷᠡᠭᠵᠢᠭᠦᠯᠤᠨ᠂ ᠪᠦᠬᠦ ᠠᠷᠠᠳ ᠤᠨ ᠪᠠᠶ᠎ᠠ | ᠴᠢᠬᠢᠷᠠᠭᠵᠢᠭᠤᠯᠬᠤ ᠤᠯᠡᠨ ᠨᠠᠶᠢᠳᠠ ᠶᠢᠨ ᠤᠶᠢᠯᠡᠴᠢᠯᠡᠭᠡᠨ ᠤ ᠲᠤᠭᠳᠠᠯᠴᠠᠭ᠎ᠠ ᠶᠢᠨ ᠪᠠᠶᠢᠭᠤᠯᠤᠯᠳᠠ ᠶᠢ ᠠᠬᠢᠭᠤᠯᠵᠤ᠂ ᠲᠤᠮᠤ ᠲᠤᠮᠳᠠ ᠬᠡᠯᠪᠡᠷᠢ ᠶᠢᠨ ᠪᠠᠶ᠎ᠠ ᠶᠢᠨ | ᠲᠠᠮᠢᠷ ᠤᠨ ᠲᠠᠯᠠᠪᠤᠷ ᠢ ᠦᠨ᠎ᠠ ᠲᠦᠯᠤᠪᠤᠷᠢ ᠦᠬᠡᠢ ᠪᠤᠶᠤ ᠲᠤᠤᠷ᠎ᠠ ᠦᠨ᠎ᠠ ᠪᠠᠷ ᠴᠢᠯᠤᠭᠡᠳᠠᠢ ᠨᠡᠭᠡᠭᠡᠭᠦ ᠶᠢ ᠪᠡᠶᠠᠯᠡᠭᠦᠯᠵᠤ᠂ ᠪᠤᠢ ᠪᠦᠭᠦᠢ ᠭᠠᠴᠠᠭ᠎ᠠ ᠲᠤᠰᠬᠤᠨ ᠳᠤ | ᠪᠦᠬᠦ ᠠᠷᠠᠳ ᠤᠨ ᠪᠠᠶ᠎ᠠ ᠴᠢᠬᠢᠷᠠᠭᠵᠢᠭᠤᠯᠬᠤ ᠲᠦᠭᠦᠭᠡᠷᠤᠮᠵᠢ ᠶᠢ ᠪᠦᠷᠭᠦᠭᠦᠯᠭᠦ ᠶᠢ ᠪᠠᠶᠠᠯᠡᠭᠦᠯᠤᠨ᠎ᠠ᠃ ᠭᠦᠯ ᠪᠦᠮᠪᠦᠭᠡ ᠶᠢᠨ ᠦᠭᠡᠷᠡᠴᠢᠯᠠᠯᠳᠠ ᠭᠦᠭᠵᠢᠯᠳᠠ ᠶᠢ | ᠠᠬᠢᠭᠤᠯᠤᠨ᠂ ᠵᠠᠯᠠᠭᠤᠴᠤᠳ ᠪᠠᠭᠠᠴᠤᠳ ᠤᠨ ᠭᠦᠯ ᠪᠦᠮᠪᠦᠭᠡᠨ ᠤ ᠪᠤᠯᠪᠠᠰᠤᠷᠠᠯ ᠤᠨ ᠰᠠᠭᠤᠷᠢᠨ ᠭᠠᠵᠡᠷ ᠢ ᠪᠠᠶᠢᠭᠤᠯᠤᠨ᠎ᠠ᠃ ᠤᠯᠡᠨ ᠤᠯᠤᠰ ᠤᠨ ᠮᠠᠷᠠᠰᠤᠨ ᠵᠡᠷᠭᠡ | ᠤᠷᠤᠯᠳᠤᠭᠠᠨ ᠤ ᠠᠵᠢᠯᠯᠠᠭ᠎ᠠ ᠶᠢ ᠰᠠᠶᠢᠳᠤᠷ ᠡᠷᠬᠢᠯᠡᠵᠤ᠂ ᠪᠦᠬᠦ ᠤᠷᠤᠨ ᠤ ᠠᠷᠪᠠᠨ ᠲᠦᠷᠪᠠᠳᠤᠭᠡᠷ ᠬᠤᠭᠤᠴᠠᠭᠠᠨ ᠤ ᠪᠠᠶ᠎ᠠ ᠶᠢᠨ ᠲᠠᠮᠢᠷ ᠤᠨ ᠴᠤᠭᠯᠠᠭᠠᠨ᠂ | ᠲᠠᠪᠤᠳᠤᠭᠠᠷ ᠬᠤᠭᠤᠴᠠᠭᠠᠨ ᠤ ᠵᠠᠮᠳᠡᠭᠴᠤᠳ ᠤᠨ ᠪᠠᠶ᠎ᠠ ᠶᠢᠨ ᠲᠠᠮᠢᠷ ᠤᠨ ᠴᠤᠭᠯᠠᠭᠠᠨ ᠳᠤ ᠰᠠᠶᠢᠳᠤᠷ ᠪᠡᠯᠡᠳᠭᠡᠵᠤ᠂ ᠰᠢᠯᠢᠳᠡᠭ ᠬᠢᠷᠢ ᠪᠦᠳᠤᠮᠵᠢ ᠤᠯᠬᠤ ᠪᠠᠷ | ᠴᠢᠷᠮᠠᠶᠢᠨ᠎ᠠ᠃ | ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ ᠰᠢᠪᠳᠤᠯᠬᠤ ᠳᠠᠶᠢᠯᠠᠯᠳᠤᠭᠠᠨ ᠤ ᠢᠯᠠᠯᠳᠠ ᠶᠢ ᠡᠷᠡᠰ ᠳᠡᠮᠡᠴᠡᠨ ᠤᠯᠤᠨ᠎ᠠ᠃ ᠡᠳ᠋ ᠤᠨ ᠵᠠᠰᠠᠭ ᠤᠨ ᠪᠡᠯᠡ | ᠮᠥᠩᠬᠦ᠂ ᠶᠠᠳᠠᠭᠤ ᠶᠢ ᠳᠡᠳᠬᠦᠬᠦ ᠵᠢᠭᠡᠯᠡᠯᠭᠡ ᠪᠠ ᠨᠡᠶᠢᠬᠡᠮ ᠤᠨ ᠪᠡᠯᠡ ᠮᠥᠩᠬᠦ ᠶᠢ ᠨᠢᠭᠡᠳᠤᠯᠳᠠᠢ ᠳᠥᠯᠥᠪᠯᠡᠨ ᠡᠮᠬᠢᠯᠡᠨ ᠨᠡᠶᠢᠯᠡᠬᠦᠯᠵᠤ᠂ ᠶᠠᠳᠠᠭᠤ ᠠᠴᠠ | ᠠᠩᠬᠢᠵᠢᠷᠠᠭᠤᠯᠬᠤ ᠰᠢᠪᠳᠤᠯᠤᠯᠳᠠ ᠰᠢᠪᠳᠤᠯᠬᠤ ᠤᠷᠤᠭᠤᠯᠤᠯᠳᠠ ᠶᠢᠨ ᠬᠦᠴᠦᠯᠡᠴᠡ ᠶᠢ ᠥᠷᠬᠦᠯᠵᠢᠯᠡᠨ ᠨᠡᠮᠡᠭᠳᠡᠬᠦᠯᠦᠨ᠎ᠠ᠃ ᠳᠤᠰᠬᠤᠨ ᠤ ᠬᠠᠮᠳᠤ ᠶᠢᠨ ᠠᠵᠤ ᠠᠬᠤᠢ | ᠶᠢ ᠬᠦᠭᠵᠢᠬᠦᠯᠦᠨ ᠪᠤᠵᠠᠭᠠᠶᠢᠷᠠᠭᠤᠯᠵᠤ᠂ ᠠᠵᠤ ᠥᠢᠯᠡᠰ ᠢᠶᠠᠷ ᠶᠠᠳᠠᠭᠤ ᠶᠢ ᠳᠡᠳᠬᠦᠬᠦ ᠶᠢ ᠲᠤᠪᠤᠶᠢᠯᠭᠠᠨ ᠰᠠᠶᠢᠳᠤᠷ ᠠᠳᠬᠤᠵᠤ᠂ ᠤᠴᠠᠯᠢᠭᠳᠤ ᠳᠠᠷᠢᠶᠠᠯᠠᠩ ᠮᠠᠯ | ᠠᠵᠤ ᠠᠬᠤᠢ᠂ ᠬᠡᠷᠡᠯ ᠴᠡᠨᠡᠭ᠂ ᠵᠢᠭᠤᠯᠴᠢᠯᠠᠯ ᠪᠠ ᠡᠯᠧᠺᠲᠷᠤᠨ ᠬᠤᠳᠠᠯᠳᠤᠭ᠎ᠠ ᠪᠠᠷ ᠶᠠᠳᠠᠭᠤ ᠶᠢ ᠳᠡᠳᠬᠦᠬᠦ ᠵᠡᠷᠭᠡ ᠰᠢᠨ᠎ᠡ ᠬᠡᠪ ᠵᠠᠭᠪᠤᠷ ᠢ ᠬᠡᠷᠡᠭᠵᠢᠬᠦᠯᠦᠨ᠎ᠠ᠃ | ᠡᠷᠡᠭᠦᠯᠵᠢᠯ ᠢᠶᠠᠷ ᠶᠠᠳᠠᠭᠤ ᠶᠢ ᠳᠡᠳᠬᠦᠬᠦ ᠶᠢ ᠨᠡᠩ ᠴᠢᠬᠤᠯᠠᠴᠢᠯᠠᠵᠤ᠂ ᠶᠠᠳᠠᠭᠤ ᠬᠦᠴᠢᠷᠳᠡᠯᠳᠠᠢ ᠬᠦᠮᠦᠨ ᠠᠮᠠ ᠶᠢᠨ ᠬᠦᠨᠳᠣ ᠡᠪᠡᠳᠴᠢᠨ ᠤ ᠵᠠᠷᠤᠳᠠᠯ ᠤᠨ ᠳᠠᠩᠰᠠ | ᠳᠠᠶᠢᠯᠬᠤ ᠬᠠᠷᠢᠴᠠᠯ ᠢ ᠲᠡᠭᠡᠭᠰᠢᠯᠡᠭᠦᠯᠵᠤ᠂ ᠤᠯᠠᠨ ᠳᠥᠮᠡᠨ ᠤ ᠭᠠᠮᠰᠢᠭ ᠠᠴᠠ ᠪᠤᠯᠵᠤ ᠶᠠᠳᠠᠭᠤᠷᠠᠬᠤ᠂ ᠡᠪᠡᠳᠴᠢᠨ ᠠᠴᠠ ᠪᠤᠯᠵᠤ ᠳᠠᠬᠢᠨ ᠶᠠᠳᠠᠭᠤᠷᠠᠬᠤ ᠥᠵᠡᠭᠳᠠᠯ ᠢ | ᠡᠷᠡᠰ ᠳᠠᠪᠴᠢᠨᠡ᠃ ᠶᠠᠳᠠᠭᠤ ᠶᠢ ᠳᠡᠳᠬᠦᠬᠦ ᠶᠢ ︽ᠵᠤᠷᠢᠭ ᠢ ᠨᠢ ᠳᠡᠳᠬᠦᠬᠦ︾ ︽ᠤᠶᠤᠨ ᠢ ᠨᠢ ᠳᠡᠳᠬᠦᠬᠦ︾ ᠲᠠᠢ ᠬᠠᠷᠢᠯᠴᠢᠨ ᠤᠶᠠᠯᠳᠤᠭᠤᠯᠬᠤ ᠶᠢ | ᠪᠠᠷᠢᠮᠳᠠᠯᠠᠵᠤ᠂ ᠶᠠᠳᠠᠭᠤ ᠬᠦᠴᠢᠷᠳᠡᠯᠳᠠᠢ ᠬᠥᠮᠥᠨ ᠠᠮᠨ ᠶᠢᠨ ᠥᠪᠡᠷ ᠢ ᠪᠠᠨ ᠬᠦᠭᠵᠢᠬᠦᠯᠬᠦ ᠳᠤᠳᠤᠭᠠᠳᠤ ᠬᠦᠳᠡᠯᠬᠡᠬᠦ ᠬᠦᠴᠤᠨ ᠢ ᠬᠦᠭᠵᠢᠭᠡᠨ᠎ᠠ᠃ | ᠳᠥᠯᠥᠭᠡᠯᠡᠭᠴᠢᠳ ᠡ︕ ᠠᠷᠠᠳ ᠳᠥᠮᠡᠨ ᠤ ᠰᠠᠶᠢᠨ ᠰᠠᠶᠢᠬᠠᠨ ᠠᠮᠢᠳᠤᠷᠠᠯ ᠤᠨ ᠳᠤᠬᠠᠢ ᠬᠦᠰᠡᠯ ᠡᠷᠡᠮᠡᠯᠵᠡᠯ ᠪᠤᠯ ᠪᠢᠳᠠᠨ ᠤ ᠳᠡᠮᠡᠴᠡᠬᠦ ᠬᠠᠷᠠᠯᠳᠠ ᠪᠤᠯᠤᠨ᠎ᠠ᠃ | ᠪᠢᠳᠠ ᠨᠡᠶᠢᠬᠡᠮ ᠤᠨ ᠠᠵᠢᠯ ᠥᠢᠯᠡᠰ ᠤᠨ ᠬᠦᠭᠵᠢᠯᠳᠠ ᠶᠢ ᠳᠥᠷᠭᠡᠳᠬᠡᠵᠤ᠂ ᠤᠯᠠᠨ ᠳᠥᠮᠡᠨ ᠤ ᠬᠠᠮᠤᠭ ᠠᠴᠠ ᠬᠠᠯᠠᠮᠵᠢᠯᠠᠵᠤ ᠪᠠᠶᠢᠭ᠎ᠠ᠂ ᠬᠠᠮᠤᠭ ᠤᠨ ᠰᠢᠭᠤᠳ᠂ | ᠬᠠᠮᠤᠭ ᠤᠨ ᠪᠤᠳᠠᠳᠠᠢ ᠠᠰᠢᠭ ᠳᠤᠰᠠ ᠶᠢᠨ ᠠᠰᠠᠭᠤᠳᠠᠯ ᠢ ᠰᠠᠶᠢᠳᠤᠷ ᠰᠢᠢᠳᠪᠦᠷᠢᠯᠡᠵᠤ᠂ ᠪᠦᠬᠦ ᠬᠤᠳᠠ ᠶᠢᠨ ᠠᠷᠠᠳ ᠳᠥᠮᠡᠨ ᠢ ᠨᠡᠩ ᠳᠠᠭᠠᠯᠠᠮᠵᠢᠳᠠᠢ᠂ ᠨᠡᠩ | ᠠᠮᠤᠷᠯᠢᠩᠭᠤᠢ ᠠᠮᠢᠳᠤᠷᠠᠭᠤᠯᠤᠨ᠎ᠠ᠃ ᠪᠢᠳᠠ ᠤᠨᠢᠨ ᠳᠡᠭᠡᠷ᠎ᠠ ᠨᠢ ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ ᠰᠢᠪᠳᠤᠯᠬᠤ ᠶᠢ ᠨᠡᠩ ᠶᠡᠭᠡ ᠬᠦᠴᠦᠯᠡᠴᠡ ᠪᠠᠷ | ᠳᠥᠯᠬᠢᠨ ᠠᠬᠢᠭᠤᠯᠵᠤ᠂ ᠴᠢᠨᠡᠬᠡᠯᠢᠭᠵᠢᠯ ᠤᠨ ᠠᠶᠠᠨ ᠵᠠᠮ ᠲᠡᠬᠡᠷ᠎ᠡ ᠨᠢᠭᠡ ᠬᠦᠮᠥᠨ ᠢ ᠴᠦ ᠤᠷᠬᠢᠭᠳᠠᠭᠤᠯᠬᠤ ᠥᠬᠡᠢ ᠪᠠᠶᠢᠬᠤ ᠶᠢ ᠪᠠᠳᠤᠯᠠᠨ᠎ᠠ ︕ | ︵ᠨᠠᠢᠮᠠ︶ ᠠᠶᠤᠯ ᠳᠥᠭᠰᠢᠬᠦᠷᠢ ᠶᠢ ᠪᠦᠳᠦᠮᠵᠢᠳᠠᠢ ᠰᠡᠷᠬᠡᠶᠢᠯᠡᠨ ᠠᠷᠢᠯᠭᠠᠵᠤ᠂ ᠨᠡᠶᠢᠬᠡᠮ ᠤᠨ ᠠᠮᠤᠷ ᠳᠤᠭᠳᠠᠭᠤᠨ ᠢ ᠬᠦᠴᠦᠯᠡᠨ ᠬᠠᠮᠠᠭᠠᠯᠠᠨ᠎ᠠ᠃ | ᠡᠳ᠋ ᠤᠨ ᠵᠠᠰᠠᠭ ᠮᠥᠩᠬᠦᠨ ᠬᠦᠢᠯᠭᠡᠭᠡ ᠶᠢᠨ ᠠᠶᠤᠯ ᠳᠥᠭᠰᠢᠬᠦᠷᠢ ᠶᠢ ᠪᠦᠬᠦ ᠬᠦᠴᠦᠨ ᠢᠶᠠᠷ ᠠᠷᠢᠯᠭᠠᠨ᠎ᠠ᠃ ᠵᠠᠰᠠᠭ ᠤᠨ ᠤᠷᠳᠤᠨ ᠤ ᠥᠷᠢ ᠰᠢᠷᠢ ᠶᠢᠨ | ᠬᠠᠮᠢᠶᠠᠷᠤᠯᠳᠠ ᠶᠢ ᠰᠠᠶᠢᠳᠤᠷ ᠠᠳᠬᠤᠵᠤ᠂ ᠥᠷᠢ ᠰᠢᠷᠢ ᠶᠢᠨ ᠨᠡᠮᠡᠭᠳᠠᠯ ᠢ ᠴᠢᠩᠭ᠎ᠠ ᠬᠢᠵᠠᠭᠠᠷᠯᠠᠵᠤ᠂ ᠵᠠᠰᠠᠭ ᠤᠨ ᠤᠷᠳᠤᠨ ᠤ ᠵᠢᠭᠡᠯᠡᠯᠭᠡ ᠠᠪᠴᠤ ᠪᠡᠯᠡ | ᠴᠤᠭᠯᠠᠭᠤᠯᠬᠤ᠂ ᠰᠠᠭᠤᠷᠢ ᠮᠥᠩᠬᠦᠨ ᠤ ᠠᠵᠢᠯᠯᠠᠭ᠎ᠠ ᠪᠠ ᠤᠯᠠᠨ ᠨᠡᠶᠢᠳᠠ ᠶᠢᠨ ᠥᠢᠯᠡᠴᠢᠯᠡᠭᠡ ᠶᠢ ᠬᠤᠳᠠᠯᠳᠤᠨ ᠠᠪᠬᠤ ᠵᠡᠷᠭᠡ ᠠᠵᠢᠯᠯᠠᠭ᠎ᠠ ᠶᠢ ᠳᠥᠷᠢᠮᠵᠢᠬᠦᠯᠵᠤ᠂ | ᠥᠷᠢ ᠰᠢᠷᠢ ᠶᠢᠨ ︽ᠨᠡᠮᠡᠭᠳᠡᠯ ᠥᠬᠡᠢ︾ ᠪᠠᠶᠢᠬᠤ ᠶᠢ ᠪᠠᠳᠤᠯᠠᠨ᠎ᠠ᠃ ᠵᠠᠰᠠᠭ ᠤᠨ ᠤᠷᠳᠤᠨ ᠤ ᠪᠡᠯᠡ ᠤᠷᠤᠭᠤᠯᠬᠤ ᠳᠥᠷᠥᠯ ᠵᠥᠢᠯ ᠤᠨ ᠬᠢᠨᠠᠨ ᠬᠠᠮᠢᠶᠠᠷᠬᠤ | ᠲᠤᠭᠳᠠᠯᠴᠠᠭ᠎ᠠ ᠶᠢ ᠪᠠᠶᠢᠭᠤᠯᠤᠨ ᠲᠦᠭᠦᠷᠴᠢᠯᠡᠵᠤ᠂ ᠬᠠᠤᠯᠢ ᠳᠤᠭᠳᠠᠭᠠᠯ ᠵᠦᠷᠢᠴᠡᠨ ᠪᠡᠯᠡ ᠴᠤᠭᠯᠠᠭᠤᠯᠬᠤ᠂ ᠳᠠᠭᠠᠭᠠᠯᠳᠠ ᠪᠠᠳᠤᠯᠠᠬᠤ ᠠᠵᠢᠯᠯᠠᠭ᠎ᠠ ᠶᠢ ᠡᠷᠡᠰ | ᠬᠤᠷᠢᠭᠯᠠᠵᠤ᠂ ᠬᠡᠳᠤ ᠤᠷᠢᠳᠴᠢᠯᠠᠭᠰᠠᠨ᠂ ᠰᠤᠬᠤᠷ ᠪᠠᠯᠠᠢ ᠪᠠᠷ ᠵᠢᠭᠡᠯᠡᠯᠭᠡ ᠠᠪᠴᠤ ᠪᠦᠲᠦᠬᠡᠨ ᠪᠠᠶᠢᠭᠤᠯᠤᠭᠰᠠᠨ ᠳᠥᠷᠥᠯ ᠵᠥᠢᠯ ᠢ ᠡᠷᠡᠰ ᠵᠤᠭᠰᠤᠭᠠᠨ᠎ᠠ᠃ | ᠬᠠᠳᠠᠭᠠᠯᠠᠵᠤ ᠪᠠᠶᠢᠭ᠎ᠠ ᠬᠦᠷᠥᠩᠭᠡ ᠶᠢ ᠪᠦᠳᠦᠮᠵᠢᠳᠠᠢ ᠠᠮᠢᠳᠤᠯᠢᠭᠵᠢᠭᠤᠯᠵᠤ᠂ ᠤᠯᠤᠰ ᠤᠨ ᠥᠮᠴᠢᠯᠡᠯᠳᠤ ᠡᠬᠢ ᠪᠠᠶᠠᠯᠢᠭ ᠢ ᠤᠯᠠᠨ ᠳᠠᠯ᠎ᠠ ᠪᠠᠷ ᠡᠮᠬᠢᠯᠡᠨ | ᠨᠡᠶᠢᠯᠡᠬᠦᠯᠵᠤ᠂ ᠥᠷᠢ ᠰᠢᠷᠢ ᠶᠢ ᠢᠯᠭᠠᠷᠠᠭᠤᠯᠬᠤ ᠪᠡᠯᠡ ᠮᠥᠩᠬᠦ ᠶᠢ ᠢᠳᠡᠪᠬᠢᠳᠠᠢ ᠪᠡᠯᠡᠳᠬᠡᠨ᠎ᠡ᠃ ᠥᠷᠢ ᠰᠢᠷᠢ ᠶᠢᠨ ᠳᠥᠭᠰᠢᠬᠦᠷᠢ ᠶᠢ ᠤᠷᠢᠳᠴᠢᠯᠠᠨ | ᠰᠡᠷᠡᠮᠵᠢᠯᠡᠬᠦᠯᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠳᠤᠭᠳᠠᠴᠠ ᠶᠢ ᠪᠠᠶᠢᠭᠤᠯᠤᠨ ᠳᠦᠬᠦᠷᠴᠢᠯᠠᠵᠤ᠂ ᠵᠠᠰᠠᠭ ᠤᠨ ᠤᠷᠳᠤᠨ ᠤ ᠡᠳ᠋ ᠤᠨ ᠵᠠᠰᠠᠭ | ᠮᠥᠩᠬᠦᠨ ᠬᠦᠢᠯᠭᠡᠭᠡ ᠶᠢᠨ ᠳᠥᠭᠰᠢᠬᠦᠷᠢ ᠶᠢ ᠰᠡᠷᠬᠡᠶᠢᠯᠡᠬᠦ ᠰᠠᠭᠤᠷᠢ ᠮᠥᠩᠬᠦ ᠶᠢ ᠪᠠᠶᠢᠭᠤᠯᠤᠨ᠎ᠠ᠃ ᠪᠠᠩᠬᠢ ᠶᠢᠨ ᠡᠷᠡᠬᠦᠯ ᠪᠤᠰᠤ ᠵᠢᠭᠡᠯᠡᠯᠭᠡ ᠶᠢ ᠰᠢᠢᠳᠪᠦᠷᠢᠯᠡᠨ | ᠠᠷᠢᠯᠭᠠᠬᠤ ᠶᠢ ᠳᠥᠷᠭᠡᠳᠬᠡᠵᠤ᠂ ᠵᠢᠭᠡᠯᠡᠯᠭᠡ ᠶᠢᠨ ᠡᠷᠡᠬᠦᠯ ᠪᠤᠰᠤ ᠨᠤᠷᠮ᠎ᠠ ᠶᠢ ᠪᠠᠭᠤᠷᠠᠭᠤᠯᠵᠤ᠂ ᠠᠵᠤ ᠠᠬᠤᠶᠢᠯᠠᠯ ᠤᠨ ᠵᠢᠭᠡᠯᠡᠯᠭᠡ ᠶᠢᠨ ᠳᠡᠮᠳᠡᠭᠳᠤ ᠶᠢ ᠰᠤᠯᠢᠵᠤ | ᠥᠭᠬᠦ ᠵᠡᠷᠭᠡ ᠠᠰᠠᠭᠤᠳᠠᠯ ᠢ ᠨᠢᠭᠡᠳᠤᠯᠳᠠᠢ ᠳᠥᠯᠥᠪᠯᠡᠨ ᠰᠢᠢᠳᠪᠦᠷᠢᠯᠡᠨ᠎ᠠ᠃ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠬᠡᠷᠡᠭ ᠲᠤ ᠬᠤᠯᠪᠤᠭᠳᠠᠬᠤ ᠡᠳ᠋ | ᠬᠦᠷᠦᠩᠬᠡ ᠶᠢ ᠰᠢᠢᠳᠪᠦᠷᠢᠯᠡᠬᠦ ᠠᠬᠢᠴᠠ ᠶᠢ ᠲᠦᠷᠬᠡᠳᠬᠡᠵᠤ᠂ ︽ᠦᠷᠢ ᠪᠠᠨ ᠮᠠᠯᠵᠢᠬᠦ︾ ᠤᠶᠢᠯᠠ ᠠᠵᠢᠯᠯᠠᠭ᠎ᠠ ᠳᠤ ᠴᠢᠩᠭ᠎ᠠ ᠴᠤᠬᠢᠯᠳᠠ ᠦᠭᠭᠦᠨ᠎ᠡ᠃ ᠭᠠᠵᠠᠷ | ᠤᠷᠤᠨ ᠤ ᠮᠥᠩᠬᠦᠨ ᠬᠦᠢᠯᠭᠡᠭᠡᠨ ᠤ ᠬᠢᠨᠠᠨ ᠬᠠᠮᠢᠶᠠᠷᠬᠤ ᠪᠠᠶᠢᠭᠤᠯᠤᠯ ᠢ ᠳᠡᠬᠦᠯᠳᠡᠷᠵᠢᠬᠦᠯᠵᠤ᠂ ᠮᠥᠩᠬᠦᠨ ᠬᠦᠢᠯᠭᠡᠭᠡ ᠶᠢ ᠳᠤᠷ᠎ᠠ ᠪᠠᠷ ᠡᠷᠬᠢᠯᠡᠬᠦ᠂ ᠬᠠᠤᠯᠢ ᠪᠤᠰᠤ ᠪᠠᠷ | ᠪᠡᠯᠡ ᠮᠥᠩᠬᠦ ᠴᠤᠭᠯᠠᠭᠤᠯᠬᠤ ᠵᠡᠷᠭᠡ ᠬᠠᠤᠯᠢ ᠳᠥᠷᠢᠮ ᠵᠥᠷᠢᠴᠡᠭᠰᠠᠨ ᠮᠥᠩᠬᠦᠨ ᠬᠦᠢᠯᠭᠡᠭᠡᠨ ᠤ ᠠᠵᠢᠯᠯᠠᠭ᠎ᠠ ᠳᠤ ᠴᠢᠩᠭ᠎ᠠ ᠴᠤᠬᠢᠯᠳᠠ ᠥᠭᠴᠤ᠂ ᠰᠢᠰᠲ᠋ᠧᠮᠴᠢ | ᠴᠢᠨᠠᠷᠳᠠᠢ ᠮᠥᠩᠬᠦᠨ ᠬᠦᠢᠯᠭᠡᠭᠡᠨ ᠤ ᠳᠥᠭᠰᠢᠬᠦᠷᠢ ᠡᠬᠦᠰᠬᠦ ᠥᠬᠡᠢ ᠪᠠᠶᠢᠬᠤ ᠰᠠᠬᠢᠶ᠎ᠠ ᠱᠤᠭᠤᠮ ᠢ ᠡᠷᠡᠰ ᠰᠠᠬᠢᠨ᠎ᠠ᠃ | ᠠᠶᠤᠯᠬᠦᠢ ᠥᠢᠯᠡᠳᠪᠦᠷᠢᠯᠡᠯ ᠤᠨ ᠠᠵᠢᠯ ᠢ ᠪᠦᠬᠦ ᠬᠦᠴᠦᠨ ᠢᠶᠠᠷ ᠰᠠᠶᠢᠳᠥᠷ ᠬᠢᠨ᠎ᠠ᠃ ᠠᠮᠤᠷ ᠳᠥᠪᠰᠢᠨ ᠤ ᠤᠯᠠᠭᠠᠨ ᠱᠤᠭᠤᠮ ᠤᠨ ᠤᠬᠠᠮᠰᠠᠷ ᠢ ᠪᠠᠳᠤ | ᠪᠠᠬᠢ ᠪᠤᠢ ᠪᠤᠯᠭᠠᠵᠤ᠂ ᠠᠶᠤᠯᠬᠦᠢ ᠥᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠥᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠭᠤᠤᠯ | ᠴᠤᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ᠠᠵᠤ ᠠᠬᠤᠶᠢᠯᠠᠯ ᠤᠨ ᠠᠶᠤᠯᠬᠦᠢ ᠥᠢᠯᠡᠳᠪᠦᠷᠢᠯᠡᠯ ᠤᠨ ᠪᠠᠷᠢᠮᠵᠢᠶᠠᠵᠢᠭᠰᠠᠨ ᠪᠦᠳᠦᠭᠡᠨ ᠪᠠᠶᠢᠭᠤᠯᠤᠯᠳᠠ ᠶᠢ | ᠢᠳᠡᠪᠬᠢᠳᠠᠢ ᠠᠬᠢᠭᠤᠯᠵᠤ᠂ ᠠᠶᠤᠯᠬᠦᠢ ᠥᠢᠯᠡᠳᠪᠦᠷᠢᠯᠡᠯ ᠤᠨ ᠤᠬᠠᠭᠤᠯᠭ᠎ᠠ ᠬᠦᠮᠦᠵᠢᠯ ᠤᠨ ᠪᠤᠯᠪᠠᠰᠤᠷᠠᠯ ᠢ ᠥᠷᠭᠡᠨ ᠢᠶᠠᠷ ᠥᠷᠨᠢᠬᠦᠯᠦᠨ᠎ᠡ᠃ ᠬᠠᠤᠯᠢ ᠪᠠᠷ ᠵᠠᠰᠠᠬᠤ | ᠠᠷᠭ᠎ᠠ ᠪᠠᠷᠢᠯ ᠢᠶᠠᠷ ᠠᠶᠤᠯᠬᠦᠢ ᠥᠢᠯᠡᠳᠪᠦᠷᠢᠯᠠᠯ ᠤᠨ ᠠᠰᠠᠭᠤᠳᠠᠯ ᠢ ᠰᠢᠢᠳᠪᠦᠷᠢᠯᠠᠵᠤ᠂ ᠬᠠᠤᠯᠢ ᠵᠦᠷᠢᠴᠡᠭᠰᠡᠨ ᠤᠶᠢᠯᠠ ᠠᠵᠢᠯᠯᠠᠭ᠎ᠠ ᠶᠢ ᠴᠢᠩᠭ᠎ᠠ ᠰᠢᠢᠳᠬᠡᠬᠦ ᠪᠠᠷ | ᠳᠠᠮᠵᠢᠨ᠂ ︽ᠠᠵᠤ ᠠᠬᠤᠶᠢᠯᠠᠯ ᠠᠳᠡᠭᠳᠡᠯ ᠭᠠᠷᠭᠠᠬᠤ ᠵᠤᠷᠢᠭ ᠥᠬᠡᠢ᠂ ᠠᠳᠡᠭᠳᠡᠯ ᠭᠠᠷᠭᠠᠵᠤ ᠳᠡᠶᠢᠯᠬᠦ ᠥᠬᠡᠢ︾ ᠥᠷ᠎ᠡ ᠪᠦᠳᠥᠮᠵᠢ ᠳᠤ ᠬᠦᠷᠦᠨ᠎ᠠ᠃ ᠠᠶᠤᠯᠬᠦᠢ | ᠥᠢᠯᠡᠳᠪᠦᠷᠢᠯᠠᠯ ᠤᠨ ᠬᠢᠨᠠᠨ ᠬᠠᠮᠢᠶᠠᠷᠬᠤ ᠴᠢᠳᠠᠪᠤᠷᠢ ᠪᠠ ᠴᠢᠮᠡᠭᠡ ᠵᠠᠩᠬᠢᠴᠢᠯᠠᠭᠰᠠᠨ ᠪᠠᠶᠢᠭᠤᠯᠤᠯᠳᠠ ᠶᠢ ᠴᠢᠩᠭᠠᠳᠬᠠᠵᠤ᠂ ᠰᠥᠯᠵᠢᠶᠠᠨ ᠳᠡᠭᠡᠷ᠎ᠠ ᠬᠢᠨᠠᠨ ᠬᠠᠮᠢᠶᠠᠷᠬᠤ | ᠬᠡᠪᠴᠢᠶ᠎ᠠ ᠶᠢ ᠥᠷᠭᠡᠳᠭᠡᠨ᠎ᠠ᠃ ᠭᠤᠤᠯᠳᠠᠯᠭ᠎ᠠ ᠲᠠᠢ ᠠᠵᠢᠯ ᠳᠥᠷᠥᠯ ᠤᠨ ᠬᠦᠷᠢᠶ᠎ᠡ ᠬᠡᠪᠴᠢᠶᠠᠨ ᠤ ᠠᠶᠤᠯᠬᠦᠢ ᠥᠢᠯᠡᠳᠪᠦᠷᠢᠯᠠᠯ ᠤᠨ ᠳᠠᠯᠳᠠ ᠬᠡᠮ ᠢ ᠵᠢᠭᠰᠠᠭᠠᠨ | ᠪᠠᠶᠢᠴᠠᠭᠠᠬᠤ ᠪᠠ ᠳᠤᠰᠬᠠᠢ ᠴᠡᠭᠴᠡᠯᠡᠨ ᠵᠠᠰᠠᠯᠳᠠ ᠬᠢᠬᠦ ᠶᠢ ᠶᠡᠭᠡᠪᠠᠷ ᠠᠬᠢᠭᠤᠯᠵᠤ᠂ ᠪᠦᠬᠦ ᠬᠤᠳᠠ ᠶᠢᠨ ᠠᠶᠤᠯᠬᠦᠢ ᠥᠢᠯᠡᠳᠪᠦᠷᠢᠯᠠᠯ ᠤᠨ ᠪᠠᠶᠢᠳᠠᠯ ᠢ | ᠥᠷᠬᠦᠯᠵᠢᠯᠡᠨ ᠳᠤᠭᠳᠠᠭᠤᠨ ᠪᠠᠶᠢᠯᠭᠠᠬᠤ ᠶᠢ ᠪᠠᠳᠤᠯᠠᠨ᠎ᠠ᠃ | ᠪᠦᠬᠦ ᠬᠦᠴᠦᠨ ᠢᠶᠠᠷ ᠨᠡᠶᠢᠬᠡᠮ ᠤᠨ ᠵᠠᠰᠠᠯᠳᠠ ᠶᠢᠨ ᠳᠤᠭᠳᠠᠯᠴᠠᠭ᠎ᠠ ᠶᠢᠨ ᠰᠢᠨ᠎ᠡ ᠶᠢ ᠡᠬᠦᠳᠦᠨ᠎ᠠ᠃ ᠨᠡᠶᠢᠬᠡᠮ ᠤᠨ ᠠᠮᠤᠷ ᠢ ᠬᠠᠮᠢᠶᠠᠷᠬᠤ ᠬᠠᠮᠢᠶᠠᠷᠤᠯᠳᠠ ᠶᠢ | ᠴᠢᠩᠭᠠᠳᠬᠠᠵᠤ᠂ ᠴᠢᠮᠡᠭᠡ ᠵᠠᠩᠬᠢᠴᠢᠯᠠᠭᠰᠠᠨ᠂ ᠪᠡᠶᠡᠳᠥᠴᠢᠯᠡᠭᠰᠠᠨ᠂ ᠨᠡᠶᠢᠬᠡᠮ ᠤᠨ ᠠᠮᠤᠷ ᠳᠥᠪᠰᠢᠨ ᠤ ᠰᠡᠷᠬᠡᠶᠢᠯᠡᠨ ᠡᠵᠡᠮᠳᠡᠬᠦ ᠳᠤᠭᠳᠠᠯᠴᠠᠭ᠎ᠠ ᠶᠢ | ᠳᠡᠬᠦᠯᠳᠡᠷᠵᠢᠬᠦᠯᠵᠤ᠂ ᠵᠠᠮ ᠬᠠᠷᠢᠯᠴᠠᠭ᠎ᠠ᠂ ᠭᠠᠯ ᠤᠨᠲᠠᠷᠠᠭᠠᠬᠤ ᠵᠡᠷᠬᠡ ᠬᠦᠷᠢᠶ᠎ᠡ ᠬᠡᠪᠴᠢᠶᠡᠨ ᠤ ᠬᠢᠨᠠᠨ ᠬᠠᠮᠢᠶᠠᠷᠬᠤ ᠭᠦᠴᠦᠯᠡᠴᠡ ᠶᠢ ᠨᠡᠮᠡᠭᠳᠡᠭᠦᠯᠵᠤ᠂ ᠰᠦᠷᠳᠡᠭᠦᠯᠬᠦ | ᠦᠵᠡᠯ ᠢ ᠡᠰᠡᠷᠭᠦᠴᠡᠬᠦ ᠤᠬᠠᠮᠰᠠᠷ ᠪᠠ ᠴᠢᠳᠠᠪᠦᠷᠢ ᠶᠢᠨ ᠪᠠᠶᠢᠭᠤᠯᠤᠯᠳᠠ ᠶᠢ ᠴᠢᠩᠭᠠᠳᠬᠠᠵᠤ᠂ ᠡᠯ᠎ᠡ ᠳᠥᠷᠥᠯ ᠤᠨ ᠬᠠᠤᠯᠢ ᠠᠴᠠ ᠵᠦᠷᠢᠴᠡᠭᠰᠠᠨ ᠶᠠᠯᠠᠳᠤ | ᠠᠵᠢᠯᠯᠠᠭ᠎ᠠ ᠳᠤ ᠴᠢᠩᠭ᠎ᠠ ᠴᠤᠬᠢᠯᠳᠠ ᠥᠭᠬᠦᠨ᠎ᠠ᠃ ᠵᠦᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠬᠦᠴᠦᠯᠡᠴᠡ ᠪᠠᠨ ᠨᠡᠮᠡᠭᠳᠡᠬᠦᠯᠵᠤ᠂ ᠵᠠᠬᠢᠳᠠᠯ | ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠪᠦᠳᠦᠮᠵᠢᠳᠠᠢ ᠠᠷᠢᠯᠭᠠᠨ᠎ᠠ᠃ ᠪᠦᠬᠦ ᠬᠤᠳᠠ ᠶᠢᠨ ᠪᠠᠴᠢᠮ ᠪᠠᠶᠢᠳᠠᠯ ᠢ ᠠᠷᠭᠠᠴᠠᠨ ᠳᠤᠬᠢᠷᠠᠭᠤᠯᠬᠤ ᠵᠢᠯᠤᠭᠤᠳᠬᠤ | ᠰᠢᠰᠲ᠋ᠧᠮ ᠢ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠬᠦᠯᠦᠨ᠎ᠡ᠃ ᠳᠠᠷᠢᠶᠠᠴᠢᠨ ᠬᠦᠴᠤ ᠶᠠᠪᠤᠭᠰᠠᠳ ᠤᠨ ᠴᠠᠯᠢᠩ | ᠬᠦᠯᠦᠰᠤ ᠶᠢ ᠥᠭᠬᠦ ᠤᠷᠳᠤ ᠬᠤᠭᠤᠴᠠᠭᠠᠨ ᠤ ᠪᠦᠳᠦᠮᠵᠢᠳᠤ ᠳᠤᠭᠳᠠᠴᠠ ᠶᠢ ᠪᠠᠶᠢᠭᠤᠯᠵᠤ᠂ ᠳᠠᠷᠢᠶᠠᠴᠢᠨ ᠬᠦᠴᠤ ᠶᠠᠪᠤᠭᠰᠠᠳ ᠤᠨ ᠬᠠᠤᠯᠢ ᠶᠤᠰᠤᠨ ᠤ ᠡᠷᠭᠡ | ᠠᠰᠢᠭ ᠢ ᠬᠠᠮᠠᠭᠠᠯᠠᠨ᠎ᠠ᠃ ᠨᠡᠶᠢᠬᠡᠮ ᠳᠤᠭᠤᠷᠢᠭ ᠢ ᠵᠠᠰᠠᠬᠤ ᠳᠤᠭᠳᠠᠯᠴᠠᠭ᠎ᠠ ᠶᠢᠨ ᠪᠠᠶᠢᠭᠤᠯᠤᠯᠳᠠ ᠶᠢ ᠴᠢᠩᠭᠠᠳᠬᠠᠵᠤ᠂ ᠨᠡᠶᠢᠬᠡᠮ ᠤᠨ ᠵᠤᠬᠢᠶᠠᠨ ᠪᠠᠶᠢᠭᠤᠯᠤᠯᠳᠠ ᠶᠢᠨ | ᠨᠡᠶᠢᠬᠡᠮ ᠤᠨ ᠵᠠᠰᠠᠯᠳᠠ ᠳᠤ ᠤᠷᠤᠯᠴᠠᠬᠤ ᠪᠠ ᠤᠯᠠᠨ ᠨᠡᠶᠢᠳᠠ ᠶᠢᠨ ᠥᠢᠯᠡᠴᠢᠯᠡᠭᠡ ᠬᠠᠩᠭᠠᠬᠤ ᠢᠳᠡᠪᠬᠢ ᠥᠢᠯᠡᠳᠥᠯ ᠢ ᠪᠠᠳᠠᠷᠠᠭᠤᠯᠤᠨ᠎ᠠ᠃ ᠬᠠᠤᠯᠢ ᠳᠦᠬᠡᠮᠡᠯᠵᠢᠬᠦᠯᠬᠦ | ᠬᠦᠴᠦᠯᠡᠴᠡ ᠪᠠᠨ ᠶᠡᠪᠡᠪᠠᠷ ᠨᠡᠮᠡᠭᠳᠡᠬᠦᠯᠵᠤ᠂ ᠳᠥᠷᠪᠡᠨ ᠱᠠᠳᠤᠨ ᠤ ᠤᠯᠠᠨ ᠨᠡᠶᠢᠳᠠ ᠶᠢᠨ ᠬᠠᠤᠯᠢ ᠴᠠᠭᠠᠵᠠ ᠶᠢᠨ ᠥᠢᠯᠡᠴᠢᠯᠡᠭᠡᠨ ᠤ ᠳᠤᠭᠳᠠᠯᠴᠠᠭ᠎ᠠ ᠶᠢ ᠪᠦᠬᠦ ᠳᠠᠯ᠎ᠠ | ᠪᠠᠷ ᠳᠡᠬᠦᠯᠳᠡᠷᠵᠢᠬᠦᠯᠦᠨ᠎ᠠ᠃ ︽ᠳᠥᠷᠪᠡᠨ ᠬᠠᠮᠤᠭ ᠤᠨ ᠴᠢᠩᠭ᠎ᠠ︾ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠢᠳᠡᠭᠡᠨ ᠪᠠ ᠡᠮ ᠤᠨ ᠵᠥᠢᠯ ᠤᠨ ᠠᠶᠤᠯᠬᠦᠢ | ᠶᠢᠨ ᠵᠢᠱᠢᠶ᠎ᠠ ᠥᠵᠡᠬᠦᠯᠬᠦ ᠬᠤᠳᠠ ᠶᠢ ᠪᠦᠳᠦᠭᠡᠨ ᠪᠠᠶᠢᠭᠤᠯᠤᠨ᠎ᠠ᠃ ᠨᠡᠶᠢᠬᠡᠮ ᠵᠢᠷᠤᠮᠳᠤ ᠭᠤᠤᠯᠯᠠᠭᠴᠢ ᠥᠷᠳᠡᠭ ᠤᠨ ᠥᠵᠡᠯᠳᠠ ᠶᠢ ᠥᠢᠯᠡᠳᠥᠯᠭᠡᠵᠢᠬᠦᠯᠵᠤ᠂ ᠤᠯᠠᠨ | ᠳᠥᠮᠡᠨᠴᠢ ᠴᠢᠨᠠᠷᠳᠠᠢ ᠤᠶᠤᠨ ᠤ ᠪᠤᠯᠪᠠᠰᠤᠨ ᠤ ᠪᠠᠶᠢᠭᠤᠯᠤᠯᠳᠠ ᠶᠢᠨ ᠠᠵᠢᠯᠯᠠᠭ᠎ᠠ ᠶᠢ ᠬᠦᠨᠵᠡᠭᠡᠶᠢᠷᠡᠬᠦᠯᠵᠤ᠂ ᠬᠤᠳᠠ ᠶᠢᠨ ᠠᠷᠠᠳ ᠤᠨ ᠬᠡᠪ ᠴᠢᠨᠠᠷ ᠪᠠ ᠨᠡᠶᠢᠬᠡᠮ ᠤᠨ | ᠪᠤᠯᠪᠠᠰᠤᠨ ᠤ ᠬᠡᠮᠵᠢᠶ᠎ᠠ ᠶᠢ ᠳᠡᠭᠡᠭᠰᠢᠯᠡᠬᠦᠯᠦᠨ᠎ᠠ᠃ ᠴᠡᠷᠢᠭ ᠠᠷᠠᠳ ᠤᠨ ᠠᠭᠤᠰᠤᠯᠴᠠᠨ ᠬᠦᠨᠵᠡᠭᠡᠶᠢᠷᠡᠨ ᠬᠦᠭᠵᠢᠬᠦ ᠶᠢ ᠢᠳᠡᠪᠬᠢᠳᠠᠢ ᠠᠬᠢᠭᠤᠯᠵᠤ᠂ ᠤᠯᠤᠰ ᠤᠨ | ᠪᠠᠳᠤᠯᠠᠨ ᠬᠠᠮᠠᠭᠠᠯᠠᠯᠳᠠ ᠶᠢᠨ ᠳᠠᠶᠢᠴᠢᠯᠠᠯᠳᠠ ᠶᠢᠨ ᠠᠵᠢᠯ ᠢ ᠰᠠᠶᠢᠳᠤᠷ ᠬᠢᠵᠤ᠂ ᠬᠤᠶᠠᠷ ᠢ ᠬᠦᠷᠢᠶᠡᠯᠡᠬᠦ ᠵᠢᠱᠢᠶᠡᠴᠢ ᠬᠤᠳᠠ ᠶᠢ ᠡᠭᠦᠳᠦᠨ ᠪᠠᠶᠢᠭᠤᠯᠤᠭᠰᠠᠨ ᠥᠷ᠎ᠠ | ᠪᠦᠳᠦᠭᠡᠯ ᠢ ᠪᠠᠬᠢᠵᠢᠬᠦᠯᠦᠨ᠎ᠠ᠃ ᠤᠯᠤᠰ ᠤᠨ ᠠᠮᠤᠷ ᠳᠥᠪᠰᠢᠨ᠂ ᠭᠠᠵᠠᠷ ᠬᠦᠳᠡᠯᠥᠯᠳᠠ ᠶᠢ ᠰᠡᠷᠬᠡᠶᠢᠯᠡᠵᠤ ᠭᠠᠮᠰᠢᠭ ᠢ ᠪᠠᠭᠠᠰᠬᠠᠬᠤ᠂ ᠴᠠᠭ ᠠᠭᠤᠷ ᠤᠨ | ᠤᠷᠢᠳᠴᠢᠯᠠᠨ ᠰᠡᠷᠡᠮᠵᠢᠯᠡᠬᠦᠯᠬᠦ᠂ ᠦᠨᠳᠦᠰᠦᠳᠡᠨ ᠱᠠᠰᠢᠨ ᠰᠤᠷᠳᠠᠬᠤᠨ᠂ ᠭᠠᠳᠠᠭᠠᠳᠤ ᠶᠠᠪᠤᠳᠠᠯ ᠬᠠᠷᠢᠶᠠᠳᠤ ᠶᠢᠨ ᠶᠠᠪᠤᠳᠠᠯ᠂ ᠠᠷᠠᠳ ᠤᠨ ᠠᠭᠠᠷ ᠤᠨ ᠰᠡᠷᠬᠡᠶᠢᠯᠡᠯᠳᠠ᠂ | ᠳᠡᠤᠭᠡ ᠤᠶᠢᠯᠠᠯᠭ᠎ᠠ ᠳᠠᠩᠰᠠ ᠡᠪᠬᠡᠮᠡᠯ ᠵᠡᠷᠭᠡ ᠡᠯ᠎ᠠ ᠳᠥᠷᠥᠯ ᠤᠨ ᠠᠵᠢᠯ ᠢ ᠨᠢᠭᠡᠳᠥᠯᠳᠠᠢ ᠳᠥᠯᠥᠪᠯᠡᠨ ᠰᠠᠶᠢᠳᠤᠷ ᠬᠢᠨ᠎ᠠ᠃ | ᠳᠥᠯᠥᠭᠡᠯᠡᠭᠴᠢᠳ ᠡ︕ ᠤᠷᠤᠭᠰᠢᠯᠠᠯᠳᠠ ᠶᠢᠨ ᠵᠠᠮ ᠳᠡᠶᠢᠮᠤ ᠰᠠᠷᠠᠭᠤᠯ ᠳᠠᠷᠳᠠᠩ ᠪᠢᠰᠢ ᠬᠡᠳᠡᠭ ᠢ ᠪᠢᠳᠠ ᠡᠷᠭᠡᠪᠰᠢ ᠰᠡᠷᠬᠡᠭ ᠢᠶᠠᠷ ᠳᠠᠨᠢᠵᠤ᠂ ᠤᠳᠠᠭᠠᠨ | ᠵᠢᠯ ᠬᠤᠷᠠᠮᠳᠤᠭᠰᠠᠨ ᠡᠯ᠎ᠡ ᠵᠥᠢᠯ ᠤᠨ ᠳᠥᠭᠰᠢᠬᠦᠷᠢ ᠶᠢᠨ ᠳᠠᠯᠳᠠ ᠬᠡᠮ ᠳᠤ ᠪᠢᠳᠠ ᠯᠠᠪᠳᠠᠭᠤᠨ ᠢᠶᠠᠷ ᠬᠠᠨᠳᠤᠵᠤ᠂ ᠪᠦᠳᠦᠮᠵᠢᠳᠠᠢ ᠪᠠᠷ ᠰᠢᠢᠳᠪᠦᠷᠢᠯᠡᠬᠦ ᠴᠢᠬᠤᠯᠠ | ᠲᠠᠢ ᠪᠠᠶᠢᠨ᠎ᠠ᠃ ᠪᠢᠳᠠ ᠲᠤᠭᠳᠠᠭᠤᠨ ᠪᠠᠶᠢᠯᠭᠠᠬᠤ ᠶᠢᠨ ᠵᠡᠷᠬᠡ ᠳᠤ ᠤᠷᠤᠭᠰᠢᠯᠠᠬᠤ ᠪᠠᠷ ᠴᠢᠷᠮᠠᠶᠢᠬᠤ ᠠᠵᠢᠯ ᠤᠨ ᠶᠡᠷᠥᠩᠬᠡᠢ ᠬᠦᠭ ᠠᠶ᠋ᠢᠭ ᠢ ᠢᠮᠠᠭᠳᠠ | ᠪᠠᠷᠢᠮᠳᠠᠯᠠᠵᠤ᠂ ᠪᠠᠶᠢᠯᠳᠤᠬᠤ ᠪᠤᠳᠤᠯᠭ᠎ᠠ ᠶᠢᠨ ᠢᠳᠡᠭᠡᠯ ᠤᠨ ᠬᠦᠴᠦᠨ ᠢ ᠪᠠᠳᠤᠯᠠᠵᠤ᠂ ᠰᠠᠬᠢᠶ᠎ᠠ ᠱᠤᠭᠤᠮ ᠤᠨ ᠰᠡᠳᠬᠢᠬᠦᠢ ᠶᠢ ᠪᠠᠷᠢᠮᠳᠠᠯᠠᠵᠤ᠂ ᠳᠥᠭᠰᠢᠬᠦᠷᠢ ᠶᠢ | ᠰᠡᠷᠬᠡᠶᠢᠯᠡᠬᠦ ᠰᠢᠪᠳᠤᠯᠤᠯᠳᠠ ᠰᠢᠪᠳᠤᠯᠬᠤ ᠳᠠᠶᠢᠯᠠᠯᠳᠤᠭᠠᠨ ᠢ ᠡᠷᠡᠰ ᠰᠠᠶᠢᠳᠤᠷ ᠬᠢᠵᠤ᠂ ᠤᠷᠳᠤᠰ ᠤᠨ ᠠᠵᠤ ᠠᠬᠤᠢ ᠶᠢᠨ ᠬᠦᠭᠵᠢᠯᠳᠠ ᠶᠢᠨ ᠳᠤᠭᠳᠠᠭᠤᠨ | ᠮᠥᠷᠳᠡᠭᠡᠨ ᠤᠷᠳᠤ ᠬᠤᠭᠤᠴᠠᠭ᠎ᠠ ᠪᠠᠷ ᠬᠦᠭᠵᠢᠬᠦ ᠶᠢ ᠪᠠᠳᠤᠯᠠᠨ᠎ᠠ᠃ | | ᠳᠥᠷᠪᠠ᠂ ᠵᠠᠰᠠᠭ ᠤᠨ ᠤᠷᠳᠤᠨ ᠤ ᠳᠤᠰ ᠪᠡᠶ᠎ᠠ ᠶᠢᠨ ᠪᠠᠶᠢᠭᠤᠯᠤᠯᠳᠠ ᠶᠢ ᠴᠢᠩᠭᠠᠳᠬᠠᠨ᠎ᠠ | | ᠰᠢᠨ᠎ᠡ ᠴᠠᠭ ᠥᠶ᠎ᠡ ᠳᠤ ᠰᠠᠭᠤᠷᠢᠯᠠᠵᠤ᠂ ᠰᠢᠨ᠎ᠡ ᠬᠦᠭᠵᠢᠯᠳᠠ ᠶᠢ ᠡᠷᠢᠯᠬᠢᠯᠠᠵᠤ᠂ ᠰᠢᠨ᠎ᠡ ᠬᠠᠷᠠᠯᠳᠠ ᠶᠢ ᠪᠡᠶᠡᠯᠡᠬᠦᠯᠬᠦ ᠳᠤ᠂ ᠡᠯ᠎ᠡ ᠱᠠᠳᠤᠨ ᠤ ᠵᠠᠰᠠᠭ ᠤᠨ | ᠤᠷᠳᠤᠨ ᠤ ᠡᠬᠦᠷᠭᠡ ᠬᠠᠷᠢᠭᠤᠴᠠᠯᠭ᠎ᠠ ᠬᠦᠨᠳᠤ ᠴᠢᠬᠤᠯᠠ ᠪᠠᠶᠢᠨ᠎ᠠ᠃ ᠪᠢᠳᠠ ᠢᠮᠠᠭᠳᠠ ᠠᠷᠠᠳ ᠤᠨ ᠳᠥᠯᠥᠭᠡ᠂ ᠪᠤᠳᠠᠳᠤ ᠠᠵᠢᠯᠯᠠᠭ᠎ᠠ ᠶᠢ ᠡᠷᠬᠢᠮᠯᠡᠬᠦ᠂ ᠠᠷᠢᠭᠤᠨ | ᠴᠢᠭᠡᠴᠢ ᠪᠠᠶᠢᠬᠤ ᠶᠢ ᠥᠷᠳᠡᠭ ᠤᠨ ᠬᠦᠭᠡᠭᠡᠴᠡᠯᠳᠥᠯ ᠢᠶᠠᠨ ᠪᠤᠯᠭᠠᠵᠤ᠂ ᠠᠷᠠᠳ ᠳᠥᠮᠡᠨ ᠤ ᠰᠡᠳᠬᠢᠯ ᠳᠤ ᠬᠠᠨᠤᠮᠵᠢᠳᠠᠢ ᠤᠶᠢᠯᠡᠴᠢᠯᠡᠬᠦ ᠮᠠᠶ᠋ᠢᠭ ᠤᠨ ᠵᠠᠰᠠᠭ ᠤᠨ | ᠤᠷᠳᠤᠨ ᠢ ᠪᠦᠬᠦ ᠬᠦᠴᠦᠨ ᠢᠶᠠᠷ ᠪᠦᠳᠦᠭᠡᠨ ᠪᠠᠶᠢᠭᠤᠯᠤᠨ᠎ᠠ᠃ | ᠡᠬᠦᠷᠭᠡ ᠬᠠᠷᠢᠭᠤᠴᠠᠯᠭ᠎ᠠ ᠪᠠᠨ ᠪᠠᠳᠤ ᠴᠡᠬᠡᠵᠢᠯᠡᠵᠤ᠂ ᠥᠨᠡᠨᠴᠢ ᠰᠢᠳᠤᠷᠭᠤ ᠪᠠᠷ ᠡᠬᠦᠷᠭᠡ ᠬᠠᠷᠢᠭᠤᠴᠠᠯᠭ᠎ᠠ ᠪᠠᠨ ᠬᠦᠢᠴᠡᠳᠭᠡᠨ᠎ᠠ᠃ ︽ᠳᠥᠷᠪᠡᠨ ᠤᠬᠠᠮᠰᠠᠷ︾ | ᠢ ᠪᠠᠳᠤ ᠪᠠᠬᠢ ᠪᠤᠢ ᠪᠤᠯᠭᠠᠵᠤ᠂ ︽ᠳᠥᠷᠪᠡᠨ ᠢᠳᠡᠭᠡᠯ︾ ᠢ ᠬᠦᠪᠴᠢᠯᠡᠵᠤ᠂ ᠰᠢ ᠶᠢᠨ ᠫᠢᠩ ᠶᠡᠷᠥᠩᠬᠡᠢ ᠱᠥᠵᠢ ᠶᠢᠨ ᠭᠤᠤᠯᠯᠠᠬᠤ ᠪᠠᠶᠢᠷᠢ ᠰᠠᠭᠤᠷᠢ ᠶᠢ ᠡᠷᠡᠰ | ᠬᠠᠮᠠᠭᠠᠯᠠᠵᠤ᠂ ᠨᠠᠮ ᠤᠨ ᠳᠥᠪ ᠬᠤᠷᠢᠶᠠᠨ ᠤ ᠡᠷᠭᠡ ᠰᠥᠷ ᠪᠠ ᠳᠥᠪᠯᠡᠷᠡᠩᠬᠦᠢ ᠨᠢᠭᠡᠳᠥᠯᠳᠠᠢ ᠤᠳᠤᠷᠢᠳᠤᠯᠭ᠎ᠠ ᠶᠢ ᠬᠠᠮᠠᠭᠠᠯᠠᠵᠤ᠂ ᠥᠵᠡᠯ ᠰᠠᠨᠠᠭ᠎ᠠ ᠪᠠᠨ ᠪᠠᠷᠢᠮᠵᠢᠶ᠎ᠠ | ᠱᠠᠭᠠᠷᠳᠠᠯᠭ᠎ᠠ ᠳᠤ ᠨᠡᠶᠢᠴᠡᠬᠦᠯᠬᠦ᠂ ᠥᠢᠯᠡ ᠠᠵᠢᠯᠯᠠᠭ᠎ᠠ ᠳᠡᠭᠡᠷ᠎ᠠ ᠪᠠᠨ ᠪᠤᠰᠢᠭᠤᠯᠤᠨ ᠱᠠᠯᠠᠮᠠᠭᠠᠶᠢᠯᠠᠬᠤ᠂ ᠬᠦᠢᠴᠡᠳᠬᠡᠬᠦ ᠳᠡᠭᠡᠨ ᠡᠷᠡᠰ ᠰᠢᠭᠤᠷᠬᠠᠢ ᠪᠠᠶᠢᠬᠤ ᠶᠢ | ᠪᠡᠶᠡᠯᠡᠬᠦᠯᠦᠨ᠎ᠠ᠃ ᠤᠯᠤᠰ ᠳᠥᠷᠥ ᠶᠢᠨ ᠰᠠᠬᠢᠯᠭ᠎ᠠ ᠪᠠᠳᠤ᠂ ᠤᠯᠤᠰ ᠳᠥᠷᠥ ᠶᠢᠨ ᠳᠥᠷᠢᠮ ᠢ ᠴᠢᠩᠭ᠎ᠠ ᠰᠠᠬᠢᠵᠤ᠂ ᠲᠡᠬᠡᠷᠡᠬᠢ ᠨᠢ ᠪᠤᠳᠤᠯᠭ᠎ᠠ ᠲᠠᠢ᠂ ᠲᠤᠤᠷᠠᠬᠢ ᠨᠢ | ᠠᠷᠭ᠎ᠠ ᠲᠠᠢ᠂ ᠦᠩᠬᠡᠨ ᠲᠠᠯ᠎ᠠ ᠶᠢᠨ ᠶᠠᠪᠤᠳᠠᠯ ᠢ ᠬᠢᠬᠦ ᠦᠬᠡᠢ᠂ ᠤᠷᠪᠠᠵᠤ ᠬᠦᠷᠪᠡᠬᠦ ᠦᠬᠡᠢ ᠴᠠᠯᠭᠠᠶᠢᠷᠠᠬᠤ ᠦᠬᠡᠢ ᠶᠤᠮ᠃ ᠳᠥᠪ ᠤᠨ ᠳᠥᠷᠥ ᠶᠢᠨ ᠪᠤᠳᠤᠯᠭ᠎ᠠ | ᠴᠢᠭᠯᠡᠯᠳᠠ ᠪᠠ ᠥᠪᠡᠷᠳᠡᠭᠡᠨ ᠵᠠᠰᠠᠬᠤ ᠤᠷᠤᠨ᠂ ᠬᠤᠳᠠ ᠶᠢᠨ ᠨᠠᠮ ᠤᠨ ᠬᠤᠷᠢᠶᠠᠨ ᠤ ᠰᠢᠢᠳᠪᠦᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠡᠷᠡᠰ | ᠳᠤᠤᠱᠯᠠᠭᠤᠯᠵᠤ᠂ ᠵᠠᠰᠠᠭ ᠤᠨ ᠵᠠᠷᠯᠢᠭ ᠢ ᠰᠠᠭᠠᠳ ᠥᠬᠡᠢ ᠶᠠᠪᠤᠭᠳᠠᠭᠤᠯᠬᠤ᠂ ᠵᠠᠷᠯᠢᠭ ᠴᠠᠭᠠᠵᠠ ᠶᠢ ᠲᠠᠭᠠᠬᠤ ᠶᠢ ᠪᠡᠶᠡᠯᠡᠬᠦᠯᠦᠨ᠎ᠠ᠃ ᠵᠠᠰᠠᠭ ᠤᠨ ᠣᠷᠳᠤᠨ ᠤ ᠨᠠᠮ | ᠤᠨ ᠤᠳᠤᠷᠢᠳᠬᠤ ᠳᠤᠭᠤᠶᠢᠯᠠᠩ ᠤᠨ ᠨᠠᠮ ᠢ ᠬᠠᠮᠢᠶᠠᠷᠤᠨ ᠨᠠᠮ ᠢ ᠵᠠᠰᠠᠬᠤ ᠬᠠᠷᠢᠭᠤᠴᠠᠯᠭ᠎ᠠ ᠶᠢ ᠰᠠᠶᠢᠳᠤᠷ ᠬᠦᠢᠴᠡᠳᠬᠡᠵᠤ᠂ ︽ᠬᠤᠶᠠᠷ ᠢ ᠰᠤᠷᠤᠯᠴᠠᠨ ᠬᠢᠷᠢ | ᠳᠡᠩᠴᠡᠭᠰᠠᠨ ᠨᠠᠮ ᠤᠨ ᠬᠡᠰᠢᠬᠦᠨ ᠪᠤᠯᠬᠤ︾ ᠰᠤᠷᠤᠯᠴᠠᠯᠭ᠎ᠠ ᠬᠦᠮᠦᠵᠢᠯ ᠢ ᠬᠡᠪᠰᠢᠭᠦᠯᠦᠨ ᠳᠥᠷᠢᠮᠵᠢᠬᠦᠯᠬᠦ ᠶᠢ ᠠᠬᠢᠭᠤᠯᠵᠤ᠂ ︽ᠤᠭ ᠰᠠᠨᠠᠭ᠎ᠠ ᠪᠠᠨ ᠥᠯᠥ ᠮᠠᠷᠳᠠᠨ | ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ︾ ᠭᠤᠤᠯ ᠰᠡᠳᠤᠪᠳᠤ ᠬᠦᠮᠦᠵᠢᠯ ᠢ ᠬᠦᠨᠵᠡᠬᠡᠢ ᠥᠷᠨᠢᠬᠦᠯᠵᠤ᠂ ᠨᠠᠮ ᠤᠨ ᠪᠠᠶᠢᠭᠤᠯᠤᠯᠳᠠ ᠶᠢᠨ ᠰᠢᠨ᠎ᠡ ᠥᠷ᠎ᠠ | ᠪᠦᠳᠦᠮᠵᠢ ᠪᠠᠷ ᠵᠠᠰᠠᠭ ᠤᠨ ᠤᠷᠳᠤᠨ ᠤ ᠳᠤᠰ ᠪᠡᠶ᠎ᠡ ᠶᠢᠨ ᠪᠠᠶᠢᠭᠤᠯᠤᠯᠳᠠ ᠶᠢ ᠳᠠᠬᠢᠨ ᠰᠢᠨ᠎ᠡ ᠬᠢᠷᠢ ᠳᠥᠪᠰᠢᠨ ᠳᠤ ᠬᠦᠷᠬᠡᠬᠦ ᠶᠢ ᠠᠬᠢᠭᠤᠯᠤᠨ᠎ᠠ᠃ | ᠬᠠᠤᠯᠢ ᠪᠠᠷ ᠵᠠᠰᠠᠬᠤ ᠶᠢ ᠴᠢᠩᠭ᠎ᠠ ᠬᠡᠷᠡᠭᠵᠢᠬᠦᠯᠵᠤ᠂ ᠬᠠᠤᠯᠢ ᠶᠤᠰᠤᠭᠠᠷ ᠵᠠᠰᠠᠭ ᠶᠠᠪᠤᠭᠤᠯᠤᠨ᠎ᠠ᠃ ᠬᠠᠤᠯᠢ ᠪᠠᠷ ᠵᠠᠰᠠᠬᠤ ᠰᠡᠳᠬᠢᠬᠦᠢ ᠪᠠ ᠬᠠᠤᠯᠢ ᠪᠠᠷ ᠵᠠᠰᠠᠬᠤ | ᠠᠷᠭ᠎ᠠ ᠮᠠᠶ᠋ᠢᠭ ᠢ ᠪᠠᠷᠢᠮᠳᠠᠯᠠᠵᠤ᠂ ᠬᠠᠤᠯᠢ ᠪᠠᠷ ᠵᠠᠰᠠᠬᠤ ᠤᠨᠤᠯᠵᠢᠭᠤᠨ ᠢ ᠵᠠᠰᠠᠭ ᠤᠨ ᠤᠷᠳᠤᠨ ᠤ ᠠᠵᠢᠯ ᠤᠨ ᠪᠦᠬᠦᠶᠢᠯᠡ ᠶᠠᠪᠤᠴᠠ ᠳᠤ ᠳᠤᠤᠱᠯᠠᠭᠤᠯᠵᠤ᠂ ᠨᠠᠷᠢᠨ | ᠳᠠᠩᠰᠠ ᠶᠢᠨ ᠬᠠᠮᠢᠶᠠᠷᠤᠯᠳᠠ ᠶᠢᠨ ᠳᠥᠷᠢᠮ ᠢ ᠪᠦᠬᠦ ᠳᠠᠯ᠎ᠠ ᠪᠠᠷ ᠬᠡᠷᠡᠭᠵᠢᠬᠦᠯᠵᠤ᠂ ᠡᠷᠭᠡ ᠳᠤᠰᠢᠶᠠᠯ ᠢ ᠬᠠᠤᠯᠢ ᠪᠠᠷ ᠳᠤᠭᠳᠠᠭᠠᠵᠤ᠂ ᠡᠷᠭᠡ ᠪᠠᠨ ᠬᠠᠤᠯᠢ ᠶᠤᠰᠤᠭᠠᠷ | ᠬᠡᠷᠡᠭᠯᠡᠵᠤ᠂ ᠬᠠᠤᠯᠢ ᠶᠢᠨ ᠭᠠᠳᠠᠨ᠎ᠠ ᠡᠷᠭᠡ ᠥᠬᠡᠢ ᠪᠠᠶᠢᠬᠤ ᠶᠢ ᠪᠡᠶᠡᠯᠡᠬᠦᠯᠵᠤ᠂ ᠵᠠᠰᠠᠭ ᠤᠨ ᠤᠷᠳᠤᠨ ᠤ ᠡᠷᠭᠡ ᠶᠢ ᠢᠮᠠᠭᠳᠠ ᠬᠠᠤᠯᠢ ᠪᠠᠷ ᠵᠠᠰᠠᠬᠤ ᠵᠠᠮ ᠮᠥᠷ | ᠳᠡᠭᠡᠷ᠎ᠠ ᠪᠠᠶᠢᠯᠭᠠᠨ᠎ᠠ᠃ ᠠᠷᠠᠳ ᠤᠨ ᠳᠥᠯᠥᠭᠡᠯᠡᠭᠴᠢᠳ ᠤᠨ ᠶᠡᠭᠡ ᠬᠤᠷᠠᠯ᠂ ᠤᠯᠤᠰ ᠳᠥᠷᠥ ᠶᠢᠨ ᠵᠥᠪᠯᠡᠯᠭᠡᠨ ᠤ ᠬᠢᠨᠠᠯᠳᠠ ᠳᠠᠯᠪᠢᠯᠳᠠ ᠶᠢ ᠤᠬᠠᠮᠰᠠᠷ ᠠᠴᠠ ᠪᠠᠨ | ᠬᠦᠯᠢᠶᠠᠵᠤ᠂ ᠨᠡᠶᠢᠬᠡᠮ ᠤᠨ ᠬᠢᠨᠠᠯᠳᠠ ᠳᠠᠯᠪᠢᠯᠳᠠ ᠶᠢ ᠰᠠᠨᠠᠭᠠᠴᠢᠯᠠᠭ᠎ᠠ ᠠᠴᠠ ᠪᠠᠨ ᠬᠠᠷᠢᠭᠤ ᠲᠤᠰᠬᠠᠵᠤ᠂ ᠵᠠᠰᠠᠭ ᠤᠨ ᠶᠠᠪᠤᠳᠠᠯ ᠢ ᠢᠯᠡ ᠪᠤᠯᠭᠠᠬᠤ ᠶᠢ ᠶᠡᠭᠡᠪᠡᠷ | ᠠᠬᠢᠭᠤᠯᠵᠤ᠂ ᠢᠯᠡ ᠳᠤᠳᠤ ᠪᠠᠶᠢᠬᠤ ᠶᠢ ᠵᠠᠰᠠᠭ ᠤᠨ ᠤᠷᠳᠤᠨ ᠤ ᠠᠵᠢᠯ ᠤᠨ ᠬᠡᠪ ᠤᠨ ᠪᠠᠶᠢᠳᠠᠯ ᠪᠤᠯᠭᠠᠨ᠎ᠠ᠃ ᠵᠠᠰᠠᠭ ᠤᠨ ᠤᠷᠳᠤᠨ ᠤ ᠬᠠᠤᠯᠢ ᠳᠤᠭᠳᠠᠭᠠᠬᠤ | ᠳᠥᠯᠥᠪᠯᠡᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠤᠬᠢᠶᠠᠵᠤ᠂ ᠭᠤᠤᠯᠳᠠᠯᠭ᠎ᠠ ᠲᠠᠢ ᠬᠦᠷᠢᠶ᠎ᠠ ᠬᠡᠪᠴᠢᠶᠠᠨ ᠤ ᠬᠠᠤᠯᠢ ᠳᠤᠭᠳᠠᠭᠠᠬᠤ ᠶᠢ ᠠᠬᠢᠭᠤᠯᠤᠨ᠎ᠠ᠃ | ᠴᠢᠬᠤᠯᠠ ᠰᠢᠢᠳᠪᠦᠷᠢᠳᠤ ᠪᠤᠳᠤᠯᠭ᠎ᠠ ᠳᠤᠭᠳᠠᠭᠠᠬᠤ ᠳᠡᠰ ᠳᠠᠷᠠᠭᠠᠯᠠᠯ ᠢ ᠴᠢᠩᠭ᠎ᠠ ᠬᠡᠷᠡᠭᠵᠢᠬᠦᠯᠵᠤ᠂ ᠬᠠᠤᠯᠢ ᠴᠠᠭᠠᠵᠠ ᠶᠢᠨ ᠵᠥᠪᠯᠡᠭᠴᠢ ᠶᠢᠨ ᠳᠥᠷᠢᠮ ᠪᠠ ᠳᠣᠰᠬᠠᠢ | ᠮᠡᠷᠭᠡᠵᠢᠯᠳᠠᠨ ᠠᠴᠠ ᠯᠠᠪᠯᠠᠬᠤ ᠳᠥᠷᠢᠮ ᠢ ᠪᠠᠶᠢᠭᠤᠯᠤᠨ ᠳᠦᠬᠦᠷᠴᠢᠯᠠᠵᠤ᠂ ᠰᠢᠨ᠎ᠡ ᠮᠠᠶ᠋ᠢᠭ ᠤᠨ ᠤᠶᠤᠨ ᠤ ᠬᠦᠮᠦᠷᠭᠡ ᠶᠢᠨ ᠪᠠᠶᠢᠭᠤᠯᠤᠯᠳᠠ ᠶᠢ ᠴᠢᠩᠭᠠᠳᠬᠠᠵᠤ᠂ | ᠵᠠᠰᠠᠭ ᠤᠨ ᠤᠷᠳᠤᠨ ᠤ ᠰᠢᠢᠳᠪᠦᠷᠢᠳᠤ ᠪᠤᠳᠤᠯᠭ᠎ᠠ ᠳᠤᠭᠳᠠᠭᠠᠬᠤ ᠬᠢᠷᠢ ᠳᠥᠪᠰᠢᠨ ᠢ ᠳᠡᠭᠡᠭᠰᠢᠯᠡᠬᠦᠯᠦᠨ᠎ᠠ᠃ ᠢᠳᠡᠭᠡᠮᠵᠢ ᠶᠢᠨ ᠪᠠᠶᠢᠭᠤᠯᠤᠯᠳᠠ ᠶᠢ ᠴᠢᠩᠭᠠᠳᠬᠠᠵᠤ᠂ | ᠵᠠᠰᠠᠭ ᠤᠨ ᠤᠷᠳᠤᠨ ᠠᠴᠠ ᠳᠤᠯᠤᠭᠠᠶᠢᠯᠠᠨ ᠥᠨᠡᠨᠴᠢ ᠢᠳᠡᠭᠡᠯᠳᠠᠢ ᠪᠠᠶᠢᠬᠤ ᠶᠢ ᠡᠷᠬᠢᠮᠯᠡᠵᠤ᠂ ᠬᠡᠯᠡᠭᠰᠠᠨ ᠢᠶᠠᠨ ᠵᠠᠪᠠᠯ ᠪᠡᠶᠡᠯᠡᠬᠦᠯᠵᠤ᠂ ᠠᠮᠠᠯᠠᠯᠳᠠ ᠪᠠᠨ ᠵᠠᠪᠠᠯ | ᠥᠢᠯᠡᠳᠥᠯᠬᠡᠵᠢᠬᠦᠯᠬᠦ ᠶᠢ ᠪᠡᠶᠡᠯᠡᠬᠦᠯᠵᠤ᠂ ᠰᠢᠨ᠎ᠡ ᠳᠠᠷᠤᠭ᠎ᠠ ᠠᠴᠠ ᠬᠠᠭᠤᠴᠢᠨ ᠳᠠᠩᠰᠠ ᠶᠢ ᠰᠢᠢᠳᠪᠦᠷᠢᠯᠡᠵᠤ᠂ ᠵᠠᠰᠠᠭ ᠤᠨ ᠤᠷᠳᠤᠨ ᠤ ᠨᠡᠶᠢᠳᠠ ᠶᠢᠨ ᠢᠳᠡᠭᠡᠮᠵᠢ | ᠶᠢᠨ ᠬᠦᠴᠦᠨ ᠢ ᠪᠦᠬᠦ ᠳᠠᠯ᠎ᠠ ᠪᠠᠷ ᠳᠡᠭᠡᠭᠰᠢᠯᠡᠬᠦᠯᠦᠨ᠎ᠠ᠃ | ᠤᠪᠤᠷ ᠰᠤᠷᠳᠠᠯ ᠢᠶᠠᠨ ᠬᠠᠯᠠᠨ ᠰᠠᠶᠢᠵᠢᠷᠠᠭᠤᠯᠵᠤ᠂ ᠪᠤᠳᠠᠳᠤ ᠠᠵᠢᠯᠯᠠᠭ᠎ᠠ ᠶᠢ ᠡᠷᠬᠢᠮᠯᠡᠨ ᠵᠠᠰᠠᠭ ᠶᠠᠪᠤᠭᠤᠯᠤᠨ᠎ᠠ᠃ ᠪᠤᠳᠠᠳᠤ ᠶᠠᠪᠤᠳᠠᠯ ᠢ ᠪᠤᠳᠤᠯᠬᠢᠯᠠᠵᠤ᠂ | ᠪᠤᠳᠠᠳᠠᠢ ᠠᠷᠭ᠎ᠠ ᠭᠠᠷᠭᠠᠨ᠂ ᠪᠤᠳᠠᠳᠤ ᠥᠷ᠎ᠠ ᠪᠦᠳᠦᠮᠵᠢ ᠤᠯᠬᠤ ᠪᠠᠷ ᠴᠢᠷᠮᠠᠶᠢᠵᠤ᠂ ᠬᠡᠯᠡᠮᠭᠴᠡ ᠬᠢᠬᠦ᠂ ᠪᠠᠷᠢᠨ ᠳᠤᠤᠷ᠎ᠠ ᠨᠢ ᠪᠡᠶᠡᠯᠡᠬᠦᠯᠬᠦ ᠰᠤᠷᠳᠠᠯ ᠢ ᠶᠡᠭᠡᠪᠠᠷ | ᠪᠠᠳᠠᠷᠠᠭᠤᠯᠵᠤ᠂ ᠵᠤᠷᠢᠭᠳᠠᠢ ᠪᠠᠷ ᠪᠠᠬᠢᠯᠡᠯᠳᠠ ᠳᠠᠭᠠᠷᠢᠨ ᠬᠦᠴᠢᠷᠳᠠᠯ ᠢ ᠢᠯᠠᠨ ᠳᠠᠪᠠᠵᠤ᠂ ᠬᠠᠳᠠᠭᠠᠰᠤ ᠬᠠᠳᠠᠬᠤ ᠵᠤᠷᠢᠭ ᠰᠠᠨᠠᠭ᠎ᠠ ᠪᠠᠷ ᠡᠯ᠎ᠡ ᠳᠥᠷᠥᠯ ᠤᠨ ᠠᠵᠢᠯ ᠢ | ᠨᠠᠷᠢᠨ ᠪᠤᠳᠠᠳᠠᠢ ᠰᠠᠶᠢᠳᠤᠷ ᠬᠢᠨ᠎ᠠ᠃ ︽ᠢᠨᠲ᠋ᠧᠷ ᠰᠥᠯᠵᠢᠶ᠎ᠠ + ᠵᠠᠰᠠᠭ ᠤᠨ ᠶᠠᠪᠤᠳᠠᠯ︾ ᠤᠨ ᠠᠵᠢᠯᠯᠠᠭ᠎ᠠ ᠶᠢ ᠬᠦᠨᠵᠡᠬᠡᠢ ᠬᠡᠷᠡᠭᠵᠢᠬᠦᠯᠵᠤ᠂ ᠪᠦᠬᠦ ᠬᠤᠳᠠ ᠶᠢᠨ | ᠵᠠᠰᠠᠭ ᠤᠨ ᠶᠠᠪᠤᠳᠠᠯ ᠤᠨ ᠮᠡᠳᠡᠭᠡ ᠵᠠᠩᠬᠢ ᠶᠢᠨ ᠰᠢᠰᠲ᠋ᠧᠮ ᠢ ᠨᠢᠬᠡᠳᠦᠬᠦᠯᠬᠦ ᠶᠢ ᠠᠬᠢᠭᠤᠯᠵᠤ᠂ ᠳ᠋ᠠᠶᠢᠲ᠋ᠠ ᠡᠬᠢ ᠪᠠᠶᠠᠯᠢᠭ ᠢ ᠴᠢᠯᠥᠭᠡᠳᠠᠢ ᠨᠡᠭᠡᠭᠡᠵᠤ ᠬᠠᠮᠳᠤ ᠪᠠᠷ ᠡᠳ᠋ᠯᠡᠬᠦ | ᠶᠢ ᠪᠡᠶᠡᠯᠡᠬᠦᠯᠦᠨ᠎ᠠ᠃ ᠪᠠᠶᠢᠴᠠᠭᠠᠨ ᠰᠤᠳᠤᠯᠤᠯᠳᠠ ᠬᠢᠬᠦ ᠰᠤᠷᠳᠠᠯ ᠢ ᠶᠡᠭᠡᠪᠠᠷ ᠬᠦᠭᠵᠢᠬᠦᠯᠵᠤ᠂ ᠳᠤᠳᠠᠭᠳᠠᠯ ᠪᠠᠭᠤᠷᠠᠢ ᠳᠠᠯ᠎ᠠ ᠪᠠᠨ ᠤᠨᠤᠪᠴᠢᠳᠠᠢ ᠡᠷᠢᠵᠤ᠂ ᠠᠷᠠᠳ | ᠤᠯᠠᠨ ᠤ ᠠᠩᠬᠠᠷᠴᠤ ᠪᠠᠶᠢᠭ᠎ᠠ ᠬᠠᠯᠠᠮᠰᠢᠯ ᠲᠠᠢ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠠ᠃ ᠠᠷᠪᠢᠯᠠᠨ ᠭᠠᠮᠨᠠᠬᠤ ᠥᠵᠡᠯ ᠰᠠᠨᠠᠭ᠎ᠠ ᠶᠢ ᠪᠠᠳᠤ ᠪᠠᠬᠢ ᠪᠤᠢ ᠪᠤᠯᠭᠠᠵᠤ | ᠂ ᠪᠦᠷᠢᠯᠭᠡᠨ ᠰᠦᠢᠳᠬᠡᠬᠦ ᠶᠢ ᠡᠰᠡᠷᠬᠦᠴᠡᠨ᠎ᠠ᠃ ᠳᠤᠭ ᠳᠡᠮᠳᠡᠭ ᠳᠤᠳᠤᠷᠬᠠᠢ ᠪᠠᠷ ᠬᠠᠷᠢᠭᠤᠴᠠᠯᠭ᠎ᠠ ᠡᠭᠦᠷᠭᠡᠯᠡᠭᠴᠢ ᠶᠢ ᠵᠤᠷᠢᠭᠵᠢᠭᠤᠯᠵᠤ᠂ ᠥᠭᠡᠷᠡᠴᠢᠯᠠᠯᠳᠠ ᠬᠢᠭᠰᠡᠳ ᠢ | ᠬᠠᠮᠠᠭᠠᠯᠠᠵᠤ᠂ ᠠᠯᠳᠠᠭ᠎ᠠ ᠭᠠᠷᠭᠠᠭᠴᠢ ᠶᠢ ᠠᠭᠤᠴᠢᠯᠠᠵᠤ᠂ ᠺᠠᠳ᠋ᠷ ᠤᠨ ᠵᠤᠷᠢᠭᠳᠠᠢ ᠪᠠᠷ ᠰᠢᠨ᠎ᠡ ᠶᠢ ᠡᠬᠦᠳᠤᠨ ᠰᠥᠪᠡᠭᠴᠢᠯᠡᠯᠳᠠ ᠬᠢᠬᠦ ᠳᠤ ᠳᠥᠰᠢᠭ ᠪᠤᠯᠵᠤ ᠡᠷᠴᠢ | ᠵᠤᠷᠢᠭ ᠢ ᠨᠢ ᠬᠦᠪᠴᠢᠯᠡᠨ᠎ᠠ᠃ ᠭᠤᠤᠯᠳᠠᠯᠭ᠎ᠠ ᠲᠠᠢ ᠠᠵᠢᠯ ᠢ ᠬᠢᠨᠠᠨ ᠪᠠᠶᠢᠴᠠᠭᠠᠬᠤ ᠳᠤᠭᠳᠠᠴᠠ ᠶᠢ ᠪᠠᠶᠢᠭᠤᠯᠤᠨ ᠳᠦᠬᠦᠷᠴᠢᠯᠠᠵᠤ᠂ ᠥᠬᠡᠨᠴᠡ ᠵᠠᠰᠠᠭ᠂ ᠵᠠᠯᠬᠠᠭᠤ | ᠵᠠᠰᠠᠭ᠂ ᠬᠤᠶᠢᠷᠭᠤ ᠵᠠᠰᠠᠭ ᠤᠨ ᠥᠵᠡᠭᠳᠠᠯ ᠢ ᠡᠷᠡᠰ ᠴᠡᠭᠴᠡᠯᠠᠵᠤ᠂ ᠬᠠᠷᠢᠭᠤᠴᠠᠯᠭ᠎ᠠ ᠨᠡᠬᠡᠮᠵᠢᠯᠡᠬᠦ ᠶᠢ ᠳᠥᠷᠢᠮᠵᠢᠬᠦᠯᠬᠦ᠂ ᠬᠡᠪᠰᠢᠵᠢᠬᠦᠯᠬᠦ ᠶᠢ ᠠᠬᠢᠭᠤᠯᠤᠨ᠎ᠠ᠃ | ᠳᠥᠷᠢᠮ ᠳᠤᠭᠳᠠᠭᠠᠯ ᠢ ᠵᠢᠷᠤᠮᠯᠠᠵᠤ᠂ ᠠᠷᠢᠭᠤᠨ ᠴᠢᠭᠡᠴᠢ ᠪᠠᠷ ᠵᠠᠰᠠᠭ ᠪᠠᠷᠢᠨ᠎ᠠ᠃ ᠳᠥᠪ ᠬᠤᠷᠢᠶ᠎ᠠ ᠶᠢᠨ ᠨᠠᠢᠮᠠᠨ ᠵᠤᠷᠪᠤᠰ ᠳᠤᠭᠳᠠᠭᠠᠯ ᠤᠨ ᠬᠡᠷᠡᠭᠵᠢᠭᠦᠯᠬᠦ | ᠨᠠᠷᠢᠨ ᠲᠦᠷᠢᠮ ᠤᠨ ᠵᠤᠷᠢᠭ ᠰᠠᠨᠠᠭ᠎ᠠ ᠪᠠ ᠥᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶᠠᠨ ᠤ ᠬᠡᠷᠡᠭᠵᠢᠬᠦᠯᠬᠦ ᠠᠷᠭ᠎ᠠ ᠶᠢ | ᠬᠦᠨᠵᠡᠬᠡᠢ ᠳᠤᠤᠱᠯᠠᠭᠤᠯᠵᠤ᠂ ︽ᠳᠥᠷᠪᠠᠨ ᠰᠤᠷᠳᠠᠯ︾ ᠤᠨ ᠰᠡᠷᠬᠦᠬᠦ ᠶᠢ ᠡᠷᠡᠰ ᠰᠡᠷᠬᠡᠶᠢᠯᠡᠨ ᠬᠤᠷᠢᠭᠯᠠᠵᠤ᠂ ᠳᠥᠯᠬᠢᠯᠴᠡᠬᠦ᠂ ᠢᠳᠡᠵᠤ ᠠᠪᠬᠤ ᠬᠠᠰᠢᠬᠤ᠂ ᠳᠤᠭ᠎ᠠ | ᠪᠠᠷᠢᠮᠳᠠ ᠶᠢ ᠬᠤᠳᠠᠯ ᠬᠠᠭᠤᠷᠮᠠᠭ ᠢᠶᠠᠷ ᠵᠤᠬᠢᠶᠠᠬᠤ᠂ ᠵᠠᠷᠯᠢᠭ ᠪᠠᠶᠢᠪᠠᠴᠤ ᠬᠡᠷᠡᠭᠵᠢᠬᠦᠯᠬᠦ ᠥᠬᠡᠢ ᠵᠡᠷᠭᠡ ᠳᠤᠪᠤᠶᠢᠮ᠎ᠠ ᠠᠰᠠᠭᠤᠳᠠᠯ ᠢ ᠴᠢᠩᠭ᠎ᠠ ᠴᠡᠭᠴᠡᠯᠡᠨ ᠵᠠᠰᠠᠵᠤ᠂ | ᠰᠤᠷᠳᠠᠯ ᠤᠨ ᠪᠠᠶᠢᠭᠤᠯᠤᠯᠳᠠ ᠶᠢ ᠰᠤᠯᠠ ᠵᠠᠳᠠᠭᠠᠢ ᠠᠴᠠ ᠴᠢᠩᠭ᠎ᠠ ᠪᠤᠳᠠᠳᠠᠢ ᠳᠡᠰᠢ ᠬᠤᠪᠢᠷᠠᠭᠤᠯᠬᠤ ᠶᠢ ᠪᠦᠬᠦ ᠳᠠᠯ᠎ᠠ ᠪᠠᠷ ᠠᠬᠢᠭᠤᠯᠤᠨ᠎ᠠ᠃ ᠬᠢᠨᠠᠨ ᠪᠤᠳᠤᠬᠤ ᠳᠤ | ᠬᠢᠨᠠᠯᠳᠠ ᠳᠠᠯᠪᠢᠬᠤ ᠶᠢ ᠴᠢᠩᠭᠠᠳᠬᠠᠵᠤ᠂ ᠬᠢᠨᠠᠨ ᠪᠤᠳᠤᠬᠤ ᠳᠥᠷᠢᠮ ᠤᠨ ᠥᠬᠡᠷᠡᠴᠢᠯᠡᠯᠳᠠ ᠶᠢ ᠠᠬᠢᠭᠤᠯᠵᠤ᠂ ᠤᠯᠠᠨ ᠨᠡᠶᠢᠳᠠ ᠶᠢᠨ ᠪᠡᠯᠡ ᠮᠥᠩᠬᠦ᠂ ᠤᠯᠤᠰ ᠤᠨ | ᠥᠮᠴᠢᠯᠡᠯᠳᠤ ᠡᠳ᠋ ᠬᠦᠷᠥᠩᠭᠡ᠂ ᠠᠵᠤ ᠠᠬᠤᠢ ᠶᠢᠨ ᠬᠠᠷᠢᠭᠤᠴᠠᠯᠭ᠎ᠠ ᠳᠤ ᠬᠢᠨᠠᠨ ᠪᠤᠳᠤᠯᠳᠠ ᠬᠢᠬᠦ ᠵᠡᠷᠭᠡ ᠶᠢ ᠨᠡᠶᠢᠳᠡᠮ ᠪᠦᠷᠬᠦᠬᠦᠯᠦᠨ᠎ᠡ᠃ ᠬᠢᠨᠠᠨ ᠪᠠᠶᠢᠴᠠᠭᠠᠬᠤ | ᠪᠠᠶᠢᠭᠤᠯᠤᠯ ᠤᠨ ᠥᠭᠡᠷᠡᠴᠢᠯᠡᠯᠳᠠ ᠶᠢ ᠬᠦᠨᠵᠡᠭᠡᠶᠢᠷᠡᠬᠦᠯᠵᠤ᠂ ᠬᠢᠨᠠᠯᠳᠠ ᠳᠠᠯᠪᠢᠬᠤ ᠳᠣᠭᠳᠠᠯᠴᠠᠭ᠎ᠠ ᠶᠢ ᠪᠠᠶᠢᠭᠤᠯᠤᠨ ᠳᠦᠬᠦᠷᠴᠢᠯᠡᠨᠡ᠃ ᠤᠯᠠᠨ ᠨᠡᠶᠢᠳᠠ ᠶᠢᠨ ᠪᠡᠯᠡ | ᠮᠥᠩᠬᠦ ᠳᠤ ᠬᠢᠨᠠᠨ ᠬᠠᠮᠢᠶᠠᠷᠤᠯᠳᠠ ᠬᠢᠬᠦ ᠶᠢ ᠴᠢᠩᠭᠠᠳᠬᠠᠵᠤ᠂ ︽ᠭᠤᠷᠪᠠᠨ ᠠᠯᠪᠠᠨ︾ ᠤ ᠵᠠᠷᠤᠳᠠᠯ ᠵᠡᠷᠭᠡ ᠶᠡᠷᠤ ᠶᠢᠨ ᠴᠢᠨᠠᠷᠳᠠᠢ ᠵᠠᠷᠤᠯᠭ᠎ᠠ ᠶᠢ ᠴᠢᠩᠭ᠎ᠠ | ᠬᠢᠵᠠᠭᠠᠷᠯᠠᠨ᠎ᠠ᠃ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠶᠢᠨ ᠭᠤᠤᠯ ᠴᠤᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ | ᠳᠥᠷᠥᠯ ᠤᠨ ᠬᠠᠤᠯᠢ ᠳᠥᠷᠢᠮ ᠠᠴᠠ ᠵᠥᠷᠢᠴᠡᠭᠰᠠᠨ ᠬᠡᠷᠡᠭ ᠢ ᠴᠢᠩᠭ᠎ᠠ ᠪᠠᠶᠢᠴᠠᠭᠠᠨ ᠰᠢᠢᠳᠬᠡᠵᠤ᠂ ᠢᠯᠵᠢᠷᠡᠮᠡᠯ ᠢ ᠵᠤᠭᠰᠤᠭᠠᠬᠤ ᠥᠨᠳᠥᠷ ᠳᠠᠷᠤᠯᠳᠠᠳᠤ ᠪᠠᠶᠢᠳᠠᠯ ᠢ | ᠢᠮᠠᠭᠳᠠ ᠬᠠᠳᠠᠭᠠᠯᠠᠨ᠎ᠠ᠃ | ᠳᠥᠯᠥᠭᠡᠯᠡᠭᠴᠢᠳ ᠡ᠂ ᠵᠤᠯ ᠵᠢᠷᠭᠠᠯ ᠢ ᠪᠤᠯ ᠳᠡᠮᠡᠴᠡᠨ ᠤᠯᠤᠭᠰᠠᠨ ᠶᠤᠮ︕ ᠪᠢᠳᠠ ᠰᠢ ᠶᠢᠨ ᠫᠢᠩ ᠤᠨ ᠰᠢᠨ᠎ᠡ ᠴᠠᠭ ᠥᠶ᠎ᠡ ᠶᠢᠨ ᠳᠤᠮᠳᠠᠳᠤ ᠤᠯᠤᠰ ᠤᠨ | ᠤᠨᠴᠠᠯᠢᠭ ᠲᠠᠢ ᠨᠡᠶᠢᠬᠡᠮ ᠵᠢᠷᠤᠮ ᠤᠨ ᠥᠵᠡᠯ ᠰᠠᠨᠠᠭᠠᠨ ᠤ ᠠᠭᠤᠤ ᠶᠡᠭᠡ ᠳᠤᠭ ᠢ ᠥᠨᠳᠥᠷ ᠮᠠᠨᠳᠤᠭᠤᠯᠵᠤ᠂ ᠰᠢ ᠶᠢᠨ ᠫᠢᠩ ᠨᠥᠬᠦᠷ ᠢᠶᠠᠷ ᠭᠤᠤᠯ ᠪᠤᠯᠭᠠᠭᠰᠠᠨ | ᠨᠠᠮ ᠤᠨ ᠳᠥᠪ ᠬᠤᠷᠢᠶ᠎ᠠ ᠶᠢᠨ ᠳᠤᠭᠤᠷᠢᠨ ᠳᠤ ᠨᠢᠭᠳᠠᠷᠠᠨ ᠪᠦᠯᠬᠦᠮᠳᠡᠵᠤ᠂ ᠦᠪᠡᠷᠳᠡᠭᠡᠨ ᠵᠠᠰᠠᠬᠤ ᠤᠷᠤᠨ ᠪᠠ ᠬᠤᠳᠠ ᠶᠢᠨ ᠨᠠᠮ ᠤᠨ ᠬᠤᠷᠢᠶᠠᠨ ᠤ ᠪᠠᠳᠤ ᠴᠢᠩᠭ᠎ᠠ | ᠤᠳᠤᠷᠢᠳᠤᠯᠭ᠎ᠠ ᠳᠤᠤᠷ᠎ᠠ ᠤᠭ ᠰᠠᠨᠠᠭ᠎ᠠ ᠪᠠᠨ ᠥᠯᠥ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠠᠵᠤ᠂ ᠰᠠᠬᠢᠨ ᠪᠠᠷᠠᠯᠠᠵᠤ ᠬᠠᠷᠢᠯᠴᠢᠨ | ᠬᠠᠪᠰᠤᠷᠤᠯᠴᠠᠵᠤ᠂ ᠪᠤᠴᠠᠯᠳᠠ ᠥᠬᠡᠢ ᠤᠷᠤᠭᠰᠢᠯᠠᠵᠤ᠂ ︽ᠥᠵᠡᠰᠬᠦᠯᠡᠩᠳᠤ ᠰᠠᠶᠢᠬᠠᠨ ᠥᠪᠥᠷ ᠮᠤᠩᠭᠤᠯ ᠢ ᠪᠦᠳᠦᠭᠡᠨ ᠪᠠᠶᠢᠭᠤᠯᠵᠤ᠂ ᠠᠭᠤᠤ ᠶᠡᠭᠡ ᠳᠤᠮᠳᠠᠳᠤ | ᠶᠢᠨ ᠬᠦᠰᠡᠯ ᠵᠡᠬᠦᠳᠤ ᠶᠢ ᠬᠠᠮᠳᠤᠪᠠᠷ ᠳᠡᠷᠭᠡᠯᠰᠢᠬᠦᠯᠬᠦ︾ ᠳᠤ ᠨᠡᠩ ᠶᠡᠭᠡ ᠰᠢᠨ᠎ᠡ ᠬᠤᠪᠢ ᠨᠡᠮᠡᠷᠢ ᠥᠵᠡᠬᠦᠯᠥᠶᠠ᠃ | | | | | | ᠨᠡᠷᠡᠰ ᠤᠨ ᠲᠠᠶᠢᠯᠪᠤᠷᠢ | ︽ᠲᠥᠷᠪᠡᠨ ᠪᠦᠰᠡ︾ ᠶᠢᠨ ᠢᠨᠵᠧᠨᠧᠷᠢᠩ᠄ ᠮᠠᠨ ᠤ ᠬᠤᠲᠠ ᠶᠢᠨ ᠬᠡᠷᠡᠭᠵᠢᠬᠦᠯᠵᠤ ᠪᠠᠶᠢᠭ᠎ᠠ ᠬᠠᠲᠤᠨ ᠭᠤᠣᠯ ᠳᠠᠭᠠᠤ ᠨᠣᠭᠤᠭᠠᠷᠠᠭᠤᠯᠤᠯᠲᠠ ᠶᠢᠨ ᠦᠵᠡᠮᠵᠢ | ᠶᠢᠨ ᠪᠦᠰᠡ᠂ ᠬᠤᠲᠠ ᠳᠤᠭᠤᠶᠢᠯᠠᠭᠰᠠᠨ ᠬᠤᠲᠠ ᠪᠠᠯᠭᠠᠰᠣᠨ ᠤ ᠨᠤᠭᠤᠭᠠᠷᠠᠭᠤᠯᠤᠯᠲᠠ ᠶᠢᠨ ᠪᠦᠰᠡ᠂ ᠡᠯᠡᠰᠦᠷᠬᠡᠭ ᠭᠠᠵᠠᠷ ᠪᠠᠯᠠᠷ ᠮᠠᠩᠬ᠎ᠠ ᠳᠠᠭᠠᠤ | ᠨᠤᠭᠤᠭᠠᠷᠠᠭᠤᠯᠤᠯᠲᠠ ᠶᠢᠨ ᠪᠦᠰᠡ ᠪᠠ ᠵᠠᠮ ᠱᠣᠭᠤᠮ ᠳᠠᠭᠠᠣ ᠨᠤᠭᠤᠭᠠᠷᠠᠭᠤᠯᠤᠯᠲᠠ ᠶᠢᠨ ᠪᠦᠰᠡ ᠶᠢᠨ ᠢᠨᠵᠧᠨᠧᠷᠢᠩ᠃ | ᠶᠠᠳᠠᠭᠤ ᠬᠦᠴᠢᠷᠳᠡᠯ ᠤᠨ ᠡᠬᠦᠰᠦᠯᠲᠡ ᠶᠢᠨ ᠨᠤᠷᠮ᠎ᠠ᠄ ᠶᠠᠳᠠᠭᠤ ᠬᠦᠴᠢᠷᠳᠡᠯ ᠲᠠᠢ ᠬᠦᠮᠦᠨ ᠠᠮᠠ ᠶᠢᠨ ᠪᠦᠬᠦ ᠬᠦᠮᠦᠨ ᠠᠮᠠ ᠳᠤ ᠡᠵᠡᠯᠡᠬᠦ ᠨᠤᠷᠮ᠎ᠠ ᠨᠢ ᠨᠢᠬᠡ | ᠭᠠᠵᠠᠷ ᠤᠷᠤᠨ ᠤ ᠶᠠᠳᠠᠭᠤ ᠬᠦᠴᠢᠷᠳᠡᠯ ᠤᠨ ᠥᠷᠭᠡᠴᠡ ᠶᠢᠨ ᠬᠡᠮᠵᠢᠶ᠎ᠡ ᠶᠢ ᠲᠤᠰᠬᠠᠨ᠎ᠠ᠃ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷ ᠲᠠᠢ ᠦᠬᠡᠷᠡᠴᠢᠯᠡᠯᠲᠡ᠄ ᠬᠠᠩᠭᠠᠯᠭ᠎ᠠ ᠶᠢᠨ ᠲᠠᠯ᠎ᠠ ᠶᠢᠨ ᠶᠠᠰᠣ ᠴᠢᠨᠠᠷ ᠢ ᠳᠡᠭᠡᠭᠰᠢᠯᠡᠬᠦᠯᠬᠦ ᠠᠴᠠ | ᠡᠭᠦᠰᠴᠤ᠂ ᠦᠬᠡᠷᠡᠴᠢᠯᠡᠯᠲᠡ ᠬᠢᠬᠦ ᠠᠷᠭ᠎ᠠ ᠪᠠᠷ ᠪᠦᠲᠦᠴᠡ ᠶᠢᠨ ᠳᠣᠬᠢᠷᠠᠭᠤᠯᠤᠯᠲᠠ ᠶᠢ ᠠᠬᠢᠭᠤᠯᠵᠤ᠂ ᠬᠦᠴᠦᠨ ᠵᠦᠢᠯ ᠤᠨ ᠳᠣᠬᠢᠷᠠᠭᠤᠯᠭ᠎ᠠ ᠶᠢᠨ ᠭᠠᠵᠢᠭᠤᠳᠠᠯ ᠢ | ᠵᠠᠰᠠᠵᠤ᠂ ᠪᠦᠲᠦᠮᠵᠢᠲᠠᠢ ᠬᠠᠩᠭᠠᠯᠭ᠎ᠠ ᠶᠢ ᠥᠷᠭᠡᠳᠭᠡᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠬᠡᠷᠡᠭᠴᠡᠭᠡᠨ ᠤ ᠬᠤᠪᠢᠷᠠᠭᠠᠯᠲᠠ ᠳᠠᠬᠢ ᠳᠣᠬᠢᠷᠠᠬᠤ ᠴᠢᠨᠠᠷ | ᠪᠠ ᠠᠮᠢᠳᠤᠯᠢᠭ ᠴᠢᠨᠠᠷ ᠢ ᠳᠡᠭᠡᠭᠰᠢᠯᠡᠬᠦᠯᠦᠨ᠎ᠡ᠃ ᠭᠤᠣᠯ ᠡᠬᠦᠷᠭᠡ ᠨᠢ ︽ᠭᠤᠷᠪᠠ ᠶᠢ ᠪᠠᠭᠠᠰᠬᠠᠬᠤ ᠨᠢᠭᠡ ᠶᠢ ᠪᠠᠭᠤᠷᠠᠭᠤᠯᠬᠤ ᠨᠢᠬᠡ ᠶᠢ ᠨᠥᠬᠦᠪᠦᠷᠢᠯᠡᠬᠦ︾ ᠳᠤ ᠪᠤᠢ᠂ | ᠳᠠᠷᠤᠢ᠄ ᠦᠢᠯᠡᠳᠪᠦᠷᠢᠯᠡᠯ ᠤᠨ ᠴᠢᠳᠠᠪᠤᠷᠢ ᠶᠢ ᠪᠠᠭᠠᠰᠬᠠᠬᠤ᠂ ᠬᠦᠮᠦᠷᠭᠡᠯᠡᠯᠲᠡ ᠶᠢ ᠪᠠᠭᠠᠰᠬᠠᠬᠤ᠂ ᠬᠦᠰᠢᠬᠦᠷᠭᠡ ᠶᠢ ᠪᠠᠭᠠᠰᠬᠠᠬᠤ᠂ ᠥᠪᠡᠷ ᠤᠨ ᠥᠷᠲᠡᠭ ᠢ | ᠪᠠᠭᠤᠷᠠᠭᠤᠯᠬᠤ᠂ ᠲᠤᠳᠠᠭᠳᠠᠯ ᠢ ᠨᠥᠬᠦᠪᠦᠷᠢᠯᠡᠬᠦ ᠪᠤᠯᠤᠨ᠎ᠠ᠃ | ᠴᠢᠯᠦᠬᠡᠲᠦ ᠠᠷᠠᠯᠵᠢᠶᠠᠨ ᠤ ᠭᠠᠷᠠᠮ᠄ ᠣᠯᠣᠰ ᠪᠤᠶᠤ ᠭᠠᠵᠠᠷ ᠤᠷᠤᠨ ᠤ ᠬᠢᠯᠢ ᠶᠢᠨ ᠲᠤᠳᠤᠨ᠎ᠠ᠂ ᠪᠤᠭᠤᠮᠲᠠ ᠶᠢᠨ ᠬᠠᠮᠢᠶᠠᠷᠤᠯᠲᠠ ᠶᠢᠨ ᠪᠤᠭᠤᠮᠳᠠ ᠶᠢᠨ | ᠭᠠᠳᠠᠨ᠎ᠠ ᠪᠠᠶᠢᠭᠤᠯᠤᠭᠰᠠᠨ᠂ ᠬᠢᠯᠢ ᠶᠢᠨ ᠭᠠᠳᠠᠨᠠᠬᠢ ᠪᠠᠷᠠᠭ᠎ᠠ ᠲᠠᠸᠠᠷ᠂ ᠪᠡᠯᠡ ᠮᠥᠩᠬᠦ ᠶᠢᠨ ᠴᠢᠯᠤᠬᠡᠲᠠᠢ ᠤᠷᠤᠵᠤ ᠭᠠᠷᠬᠤ ᠶᠢ ᠵᠦᠪᠰᠢᠶᠡᠷᠡᠬᠦ ᠭᠠᠷᠠᠮ ᠤᠨ ᠤᠷᠤᠨ ᠢ | ᠵᠢᠭᠠᠨ᠎ᠠ᠃ ᠭᠠᠷᠠᠮ ᠤᠨ ᠤᠷᠳ ᠠᠴᠠ ᠤᠷᠤᠵᠤ ᠭᠠᠷᠬᠤ ᠪᠦᠬᠦ ᠪᠠᠷᠠᠭ᠎ᠠ ᠲᠠᠸᠠᠷ ᠪᠤᠶᠤ ᠶᠡᠬᠡᠩᠬᠢ ᠭᠡᠰᠡᠭ ᠪᠠᠷᠠᠭ᠎ᠠ ᠲᠠᠸᠠᠷ ᠠᠴᠠ ᠪᠤᠭᠤᠮᠳᠠ ᠶᠢᠨ ᠭᠠᠶᠢᠯᠢ ᠶᠢ | ᠲᠠᠳᠠᠪᠦᠷᠢᠯᠠᠬᠤ ᠦᠬᠡᠢ ᠲᠡᠷᠡᠴᠢᠯᠡᠨ ᠴᠢᠯᠦᠬᠡᠲᠦ ᠭᠠᠷᠠᠮ ᠤᠨ ᠲᠤᠳᠤᠷ᠎ᠠ ᠪᠠᠷᠠᠭ᠎ᠠ ᠲᠠᠸᠠᠷ ᠢ ᠴᠢᠯᠦᠬᠡᠲᠠᠢ ᠬᠠᠳᠠᠭᠠᠯᠠᠬᠤ᠂ ᠲᠡᠯᠬᠡᠨ ᠦᠵᠡᠬᠦᠯᠬᠦ᠂ ᠰᠠᠯᠭᠠᠨ ᠵᠠᠳᠠᠯᠬᠤ᠂ | ᠦᠬᠡᠷᠡᠴᠢᠯᠡᠨ ᠤᠭᠰᠠᠷᠠᠭᠤᠯᠬᠤ᠂ ᠳᠠᠬᠢᠵᠤ ᠪᠤᠭᠤᠳᠠᠯᠯᠠᠬᠤ᠂ ᠲᠢᠭᠯᠢᠬᠦ᠂ ᠪᠣᠯᠪᠠᠰᠣᠷᠠᠭᠤᠯᠬᠤ ᠪᠠ ᠦᠢᠯᠡᠳᠬᠦ ᠵᠡᠷᠭᠡ ᠲᠣᠬᠠᠶᠢᠯᠠᠭᠰᠠᠨ ᠠᠵᠢᠯ ᠤᠨ ᠠᠵᠢᠯᠯᠠᠭ᠎ᠠ | ᠦᠷᠨᠢᠬᠦᠯᠵᠤ ᠪᠤᠯᠤᠨ᠎ᠠ᠃ | ᠣᠯᠠᠨ ᠢᠶᠠᠷ ᠢᠶᠠᠨ ᠦᠢᠯᠡᠰ ᠪᠤᠰᠬᠠᠬᠤ ᠤᠷᠤᠨ ᠵᠠᠢ ᠶᠢᠨ ᠬᠤᠯᠪᠤᠭᠠᠯᠠᠯ᠄ ᠡᠬᠢ ᠪᠠᠶᠠᠯᠢᠭ ᠢ ᠬᠠᠮᠲᠤᠪᠠᠷ ᠡᠳ᠋ᠯᠡᠬᠦ ᠳᠠᠪᠴᠠᠩ ᠢ ᠪᠠᠶᠢᠭᠤᠯᠬᠤ ᠪᠠᠷ ᠳᠠᠮᠵᠢᠨ᠂ | ᠰᠢᠨ᠎ᠡ ᠶᠢ ᠡᠭᠦᠳᠴᠦ ᠦᠢᠯᠡᠰ ᠪᠤᠰᠬᠠᠬᠤ ᠦᠢᠯᠡᠴᠢᠯᠡᠬᠡᠨ ᠤ ᠡᠬᠢ ᠪᠠᠶᠠᠯᠢᠭ ᠤᠨ ᠴᠢᠯᠦᠬᠡᠲᠠᠢ ᠨᠡᠬᠡᠬᠡᠵᠤ ᠬᠠᠮᠲᠤᠪᠠᠷ ᠡᠳ᠋ᠯᠡᠬᠦ ᠪᠠ ᠵᠣᠯᠭᠠᠭᠤᠯᠬᠤ ᠶᠢ ᠠᠬᠢᠭᠤᠯᠵᠤ᠂ | ᠪᠦᠬᠦ ᠨᠡᠶᠢᠬᠡᠮ ᠤᠨ ᠰᠢᠨ᠎ᠡ ᠶᠢ ᠡᠭᠦᠳᠦᠨ ᠦᠢᠯᠡᠰ ᠪᠣᠰᠬᠠᠬᠤ ᠬᠦᠴᠦᠨ ᠵᠦᠢᠯ ᠤᠨ ᠭᠦᠴᠦᠨ ᠢ ᠳᠠᠶᠢᠴᠢᠯᠠᠵᠤ᠂ ᠦᠢᠯᠡᠰ ᠪᠤᠰᠬᠠᠭᠴᠢᠳ ᠤᠨ ᠦᠢᠯᠡᠰ ᠪᠤᠰᠬᠠᠬᠤ | ᠦᠪᠡᠷ ᠤᠨ ᠥᠷᠲᠡᠭ ᠪᠠ ᠪᠠᠷᠢᠮᠵᠢᠶ᠎ᠠ ᠶᠢ ᠪᠠᠭᠤᠷᠠᠭᠤᠯᠤᠨ᠎ᠠ᠃ | ᠨᠢᠭᠡ ᠭᠤᠤᠯ ᠬᠤᠶᠠᠷ ᠲᠤᠰᠠᠯᠠᠬᠤ ᠲᠦᠷᠪᠡᠨ ᠲᠡᠩᠬᠡᠯᠢᠭ᠄ ︽ᠨᠢᠭᠡ ᠭᠤᠤᠯ︾ ᠭᠡᠳᠡᠭ ᠨᠢ ᠳ᠋ᠦᠩᠱᠧᠩ᠂ ᠬᠢᠶ᠎ᠠ ᠪᠠᠭᠰᠢ᠂ ᠠᠯᠲᠠᠨᠰᠢᠷᠡᠭᠡᠲᠦ ᠪᠠᠯᠭᠠᠰᠣ ᠪᠠᠷ | ᠪᠦᠷᠢᠯᠳᠦᠭᠰᠡᠨ ᠬᠤᠲᠠ ᠶᠢᠨ ᠭᠤᠣᠯ ᠲᠣᠭᠤᠷᠢᠭ ᠢ ᠵᠢᠭᠠᠨ᠎ᠠ︔ ᠬᠤᠶᠠᠷ ᠲᠤᠰᠠᠯᠠᠬᠤ ᠭᠡᠳᠡᠭ ᠨᠢ ᠱᠠᠭᠵᠠᠮᠣᠨᠢ ᠪᠠᠯᠭᠠᠰᠣ ᠪᠠ ᠰᠢᠣᠸᠠᠢ ᠵᠢᠶᠠ ᠸᠠᠨ ᠪᠠᠯᠭᠠᠰᠣ ᠶᠢ | ᠵᠢᠭᠠᠨ᠎ᠠ︔ ︽ᠲᠦᠷᠪᠡᠨ ᠲᠡᠩᠬᠡᠯᠢᠭ︾ ᠭᠡᠳᠡᠭ ᠨᠢ ᠬᠠᠲᠤᠨ ᠭᠤᠣᠯ ᠳᠠᠭᠠᠤ ᠬᠥᠭᠵᠢᠯᠲᠡ ᠶᠢᠨ ᠲᠡᠩᠬᠡᠯᠢᠭ᠂ ᠬᠢᠯᠢ ᠳᠠᠭᠠᠤ ᠬᠥᠭᠵᠢᠯᠲᠡ ᠶᠢᠨ ᠲᠡᠩᠭᠡᠯᠢᠭ᠂ | ᠷᠦᠩᠴᠧᠩ ᠠᠴᠠ ᠦᠬᠠᠢ ᠬᠦᠷᠬᠦ ᠵᠠᠮ ᠲᠠᠭᠠᠤ ᠬᠥᠭᠵᠢᠯᠲᠡ ᠶᠢᠨ ᠲᠡᠩᠬᠡᠯᠢᠭ᠂ ᠪᠤᠭᠤᠲᠤ ᠠᠴᠠ ᠰᠢ ᠠᠨ ᠬᠦᠷᠬᠦ ᠵᠠᠮ ᠲᠠᠭᠠᠤ ᠬᠥᠭᠵᠢᠯᠲᠡ ᠶᠢᠨ ᠲᠡᠩᠬᠡᠯᠢᠭ ᠢ | ᠵᠢᠭᠠᠨ᠎ᠠ᠃ | ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ᠄ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠳᠤ ᠠᠩᠬ᠎ᠠ ᠳᠣᠷᠠᠳᠣᠨ | ᠭᠠᠷᠭᠠᠵᠤ᠂ ᠪᠣᠲᠠᠲᠠᠢ ᠬᠡᠯᠡᠪᠡᠯ ᠲᠠᠷᠢᠶᠠᠯᠠᠩ ᠬᠦᠳᠡᠭᠡ ᠲᠤᠰᠬᠤᠨ ᠢ ᠤᠷᠢᠳᠠᠪᠠᠷ ᠬᠥᠭᠵᠢᠬᠦᠯᠬᠦ ᠶᠢ ᠪᠠᠷᠢᠮᠲᠠᠯᠠᠵᠤ᠂ ᠲᠠᠷᠢᠶᠠᠯᠠᠩ ᠬᠦᠳᠡᠭᠡ ᠲᠤᠰᠬᠤᠨ ᠤ | ᠤᠳᠤᠬᠢᠴᠢᠯᠠᠯᠲᠠ ᠶᠢ ᠲᠦᠷᠬᠡᠳᠭᠡᠨ ᠠᠬᠢᠭᠤᠯᠵᠤ᠂ ᠬᠦᠳᠡᠭᠡ ᠲᠤᠰᠬᠤᠨ ᠤ ᠣᠯᠠᠨ ᠨᠡᠶᠢᠲᠡ ᠶᠢᠨ ᠦᠢᠯᠡᠴᠢᠯᠡᠬᠡᠨ ᠤ ᠬᠢᠷᠢ ᠲᠥᠪᠰᠢᠨ ᠢ ᠰᠠᠶᠢᠵᠢᠷᠠᠭᠤᠯᠵᠤ᠂ | ᠬᠦᠳᠡᠭᠡ ᠲᠤᠰᠬᠤᠨ ᠤ ᠦᠨᠳᠦᠰᠦᠨ ᠱᠠᠲᠤᠨ ᠤ ᠰᠠᠭᠤᠷᠢ ᠠᠵᠢᠯ ᠢ ᠴᠢᠩᠭᠠᠳᠬᠠᠵᠤ᠂ ᠡᠴᠦᠰ ᠲᠡᠭᠡᠨ ᠬᠦᠳᠡᠭᠡ ᠲᠤᠰᠬᠤᠨ ᠤ ᠠᠵᠤ ᠦᠢᠯᠡᠰ ᠬᠥᠭᠵᠢᠭᠰᠡᠨ᠂ ᠠᠮᠢ | ᠠᠬᠤᠢ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ᠂ ᠰᠣᠷᠲᠠᠯ ᠢᠶᠠᠷ ᠪᠣᠯᠪᠠᠰᠣᠨ᠂ ᠵᠠᠰᠠᠯᠲᠠ ᠪᠠᠷ ᠪᠦᠲᠦᠮᠵᠢᠲᠠᠢ᠂ ᠠᠮᠢᠳᠤᠷᠠᠯ ᠨᠢ ᠪᠠᠶᠠᠨ ᠴᠢᠨᠡᠬᠡᠯᠢᠭ ᠪᠤᠯᠬᠤ ᠶᠢ | ᠪᠡᠶᠡᠯᠡᠬᠦᠯᠦᠨ᠎ᠡ᠃ | ᠬᠠᠮᠲᠤᠪᠠᠷ ᠡᠳ᠋ᠯᠡᠬᠦ ᠠᠵᠤ ᠠᠬᠤᠢ᠄ ᠰᠦᠯᠵᠢᠶᠡᠨ ᠭᠠᠳᠠᠨᠠᠬᠢ ᠰᠣᠯᠠ ᠪᠠᠶᠢᠬᠤ ᠪᠤᠳᠠᠰ ᠪᠠ ᠦᠢᠯᠡᠴᠢᠯᠡᠭᠴᠢ ᠶᠢ ᠡᠮᠬᠢᠯᠡᠨ ᠴᠤᠭᠯᠠᠭᠤᠯᠵᠤ᠂ ᠨᠡᠯᠢᠶᠡᠳ ᠲᠣᠣᠷ᠎ᠠ | ᠦᠨ᠎ᠡ ᠪᠠᠷ ᠦᠢᠯᠡᠳᠬᠦᠨ ᠪᠤᠶᠤ ᠦᠢᠯᠡᠴᠢᠯᠡᠭᠡ ᠬᠠᠩᠭᠠᠯᠭᠠᠬᠤ ᠶᠢ ᠵᠢᠭᠠᠨ᠎ᠠ᠃ ᠬᠠᠩᠭᠠᠬᠤ ᠲᠠᠯ᠎ᠠ ᠳᠤ ᠠᠪᠴᠣ ᠬᠡᠯᠡᠪᠡᠯ᠂ ᠲᠤᠭᠳᠠᠭᠰᠠᠨ ᠴᠠᠭ ᠬᠤᠭᠤᠴᠠᠭᠠᠨ | ᠳᠤᠲᠤᠷ᠎ᠠ ᠡᠳ᠋ ᠪᠠᠷᠠᠭᠠᠨ ᠤ ᠬᠡᠷᠡᠭᠯᠡᠬᠦ ᠡᠷᠭᠡ ᠪᠤᠶᠤ ᠦᠢᠯᠡᠴᠢᠯᠡᠭᠡ ᠬᠠᠩᠭᠠᠬᠤ ᠪᠠᠷ ᠳᠠᠮᠵᠢᠨ ᠵᠣᠭᠤᠰ ᠮᠥᠩᠬᠦᠨ ᠤ ᠬᠠᠷᠠᠮᠵᠢ ᠣᠯᠣᠨ᠎ᠠ︔ ᠬᠡᠷᠡᠭᠰᠡᠬᠦ ᠲᠠᠯ᠎ᠠ ᠳᠤ | ᠠᠪᠴᠣ ᠬᠡᠯᠡᠪᠡᠯ ᠡᠳ᠋ ᠪᠠᠷᠠᠭᠠᠨ ᠳᠤ ᠰᠢᠭᠤᠳ ᠥᠮᠴᠢᠯᠡᠬᠦ ᠡᠷᠬᠡ ᠦᠬᠡᠢ ᠪᠣᠯᠪᠠᠴᠣ ᠲᠦᠷᠢᠶᠡᠰᠦᠯᠡᠬᠦ ᠵᠢᠬᠡᠯᠡᠬᠦ ᠵᠡᠷᠭᠡ ᠬᠠᠮᠲᠤᠪᠠᠷ ᠡᠳ᠋ᠯᠡᠬᠦ ᠠᠷᠭ᠎ᠠ ᠪᠠᠷ ᠡᠳ᠋ ᠪᠠᠷᠠᠭ᠎ᠠ | ᠶᠢ ᠬᠡᠷᠡᠭᠯᠡᠵᠤ ᠪᠤᠯᠤᠨ᠎ᠠ᠃ | ᠣᠯᠠᠨ ᠲᠥᠯᠦᠪᠵᠢᠭᠦᠯᠬᠡ ᠶᠢ ᠨᠡᠶᠢᠯᠡᠬᠦᠯᠦᠨ ᠨᠢᠭᠡ ᠪᠤᠯᠭᠠᠬᠤ᠄ ᠤᠯᠤᠰ ᠠᠷᠠᠳ ᠤᠨ ᠠᠵᠤ ᠠᠬᠤᠢ ᠪᠠ ᠨᠡᠶᠢᠬᠡᠮ ᠤᠨ ᠬᠥᠭᠵᠢᠯᠲᠡ ᠶᠢᠨ ᠡᠯ᠎ᠡ ᠲᠥᠷᠦᠯ ᠤᠨ | ᠲᠥᠯᠦᠪᠵᠢᠭᠦᠯᠬᠡ ᠶᠢ ᠡᠮᠬᠢᠯᠡᠨ ᠨᠡᠶᠢᠯᠡᠬᠦᠯᠬᠦ ᠪᠠᠷ ᠳᠠᠮᠵᠢᠨ᠂ ᠡᠯ᠎ᠡ ᠲᠥᠷᠦᠯ ᠤᠨ ᠲᠤᠭ᠎ᠠ ᠪᠠᠷᠢᠮᠲᠠ ᠶᠢ ᠨᠢᠭᠡᠳᠭᠡᠬᠦ᠂ ᠵᠣᠯᠭᠠᠭᠤᠯᠬᠤ ᠶᠢ ᠪᠠᠲᠤᠯᠠᠵᠤ᠂ ᠡᠬᠦᠨ ᠤ | ᠤᠯᠠᠮ ᠢᠶᠠᠷ ᠤᠷᠤᠨ ᠵᠠᠢ ᠶᠢᠨ ᠪᠠᠶᠢᠷᠢᠯᠠᠭᠤᠯᠤᠯᠳᠠ ᠶᠢ ᠰᠢᠯᠢᠳᠡᠭᠵᠢᠬᠦᠯᠵᠤ᠂ ᠭᠠᠵᠠᠷ ᠰᠢᠷᠤᠢ ᠶᠢᠨ ᠡᠬᠢ ᠪᠠᠶᠠᠯᠢᠭ ᠢ ᠪᠦᠲᠦᠮᠵᠢᠲᠠᠢ ᠳᠣᠬᠢᠷᠠᠭᠤᠯᠵᠤ᠂ ᠵᠠᠰᠠᠭ ᠤᠨ | ᠣᠷᠳᠤᠨ ᠤ ᠤᠷᠤᠨ ᠵᠠᠢ ᠶᠢᠨ ᠬᠠᠮᠢᠶᠠᠷᠤᠯᠲᠠ ᠶᠢᠨ ᠬᠢᠷᠢ ᠲᠥᠪᠰᠢᠨ ᠪᠠ ᠵᠠᠰᠠᠯᠲᠠ ᠬᠢᠬᠦ ᠴᠢᠳᠠᠪᠦᠷᠢ ᠶᠢ ᠲᠡᠭᠡᠭᠰᠢᠯᠡᠬᠦᠯᠬᠦ ᠬᠠᠷᠠᠯᠲᠠ ᠶᠢ ᠪᠡᠶᠡᠯᠡᠬᠦᠯᠦᠨ᠎ᠡ᠃ | ᠣᠯᠠᠨ ᠤᠯᠤᠰ ᠤᠨ ᠠᠷᠠᠯᠵᠢᠶᠠᠨ ᠤ ︽ᠭᠠᠭᠴᠠ ᠴᠣᠩᠬᠤᠪᠴᠢ︾᠄ ᠠᠷᠠᠯᠵᠢᠶ᠎ᠠ ᠪᠠ ᠵᠦᠬᠡᠬᠡᠪᠦᠷᠢ ᠶᠢᠨ ᠠᠵᠤ ᠠᠬᠤᠶᠢᠯᠠᠯ ᠭᠠᠭᠴᠠ ᠴᠣᠩᠬᠤᠪᠴᠢ ᠪᠠᠷ ᠪᠤᠭᠤᠮᠳᠠ᠂ | ᠰᠢᠯᠭᠠᠨ ᠪᠠᠶᠢᠴᠠᠭᠠᠯᠲᠠ ᠬᠢᠵᠢᠭ ᠤᠨ ᠪᠠᠶᠢᠴᠠᠭᠠᠯᠲᠠ᠂ ᠪᠤᠭᠤᠮᠳᠠ ᠶᠢᠨ ᠶᠠᠪᠤᠳᠠᠯ᠂ ᠬᠢᠯᠢ ᠪᠠᠷ ᠨᠡᠪᠲᠡᠷᠡᠬᠦ ᠪᠠᠶᠢᠴᠠᠭᠠᠯᠲᠠ᠂ ᠭᠠᠷᠠᠮ ᠤᠨ ᠶᠠᠪᠤᠳᠠᠯ ᠵᠡᠷᠭᠡ ᠳᠤ | ᠬᠤᠯᠪᠤᠭᠳᠠᠬᠤ ᠣᠯᠠᠨ ᠬᠢᠨᠠᠨ ᠬᠠᠮᠢᠶᠠᠷᠬᠤ ᠰᠠᠯᠠᠭ᠎ᠠ ᠮᠦᠴᠢᠷ ᠤᠨ ᠬᠡᠷᠡᠭ ᠶᠠᠪᠤᠳᠠᠯ ᠢ ᠬᠦᠢᠴᠡᠳᠭᠡᠵᠤ᠂ ᠬᠢᠨᠠᠨ ᠬᠠᠮᠢᠶᠠᠷᠬᠤ ᠦᠷ᠎ᠡ ᠪᠦᠲᠦᠮᠵᠢ ᠶᠢ ᠳᠡᠭᠡᠭᠰᠢᠯᠡᠬᠦᠯᠵᠤ᠂ | ᠪᠣᠭᠤᠮᠳᠠ ᠭᠠᠲᠤᠯᠠᠬᠤ ᠥᠪᠡᠷ ᠤᠨ ᠥᠷᠲᠡᠭ ᠢ ᠪᠠᠭᠤᠷᠠᠭᠤᠯᠤᠨ᠎ᠠ᠃ | ᠭᠤᠷᠪᠠᠨ ᠡᠷᠬᠡ ᠶᠢ ᠬᠤᠪᠢᠶᠠᠷᠢᠯᠠᠨ ᠳᠣᠬᠢᠷᠠᠭᠤᠯᠬᠤ᠄ ᠭᠠᠵᠠᠷ ᠰᠢᠷᠤᠢ ᠶᠢᠨ ᠥᠮᠴᠢᠯᠡᠯ ᠤᠨ ᠡᠷᠬᠡ᠂ ᠲᠠᠭᠠᠭᠠᠴᠢᠯᠠᠯᠲᠠ ᠶᠢᠨ ᠡᠷᠬᠡ᠂ ᠡᠵᠡᠩᠨᠡᠯᠲᠡ ᠶᠢᠨ ᠡᠷᠬᠡ | ᠵᠡᠷᠭᠡ ᠭᠤᠷᠪᠠᠨ ᠡᠷᠬᠡ ᠶᠢ ᠬᠤᠪᠢᠶᠠᠷᠢᠯᠠᠨ ᠳᠤᠬᠢᠷᠠᠭᠤᠯᠵᠤ᠂ ᠡᠬᠦᠨ ᠤ ᠤᠯᠠᠮ ᠢᠶᠠᠷ ︽ᠭᠤᠷᠪᠠᠨ ᠡᠷᠬᠡ︾ ᠶᠢᠨ ᠪᠦᠬᠦᠶᠢᠯᠡ ᠴᠤᠭᠴᠠ ᠶᠢᠨ ᠦᠷ᠎ᠡ ᠠᠰᠢᠭ ᠢ | ᠪᠠᠲᠤᠯᠠᠬᠤ ᠪᠦᠬᠡᠳ ᠲᠤᠰ ᠲᠤᠰ ᠤᠨ ᠦᠢᠯᠡᠳᠦᠯ ᠴᠢᠳᠠᠪᠤᠷᠢ ᠶᠢ ᠪᠠᠳᠠᠷᠠᠭᠤᠯᠤᠨ᠎ᠠ᠃ | ᠢᠳᠡᠭᠡᠨ ᠤ ᠠᠶᠤᠯᠬᠦᠢ ᠶᠢᠨ ︽ᠲᠦᠷᠪᠡᠨ ᠬᠠᠮᠤᠭ ᠴᠢᠩᠭ᠎ᠠ︾ ᠄ ᠬᠠᠮᠤᠭ ᠤᠨ ᠨᠢᠭᠲᠠ ᠴᠢᠩᠭ᠎ᠠ ᠪᠠᠷᠢᠮᠵᠢᠶ᠎ᠠ᠂ ᠬᠠᠮᠤᠭ ᠤᠨ ᠬᠠᠲᠠᠭᠤ ᠴᠢᠩᠭ᠎ᠠ ᠬᠢᠨᠠᠨ | ᠬᠠᠮᠢᠶᠠᠷᠤᠯᠲᠠ᠂ ᠬᠠᠮᠤᠭ ᠤᠨ ᠬᠦᠨᠲᠦ ᠴᠢᠩᠭ᠎ᠠ ᠰᠢᠳᠭᠡᠯ ᠲᠣᠷᠭᠠᠭᠤᠯᠢ᠂ ᠬᠠᠮᠤᠭ ᠤᠨ ᠲᠥᠪ ᠴᠢᠩᠭ᠎ᠠ ᠬᠠᠷᠢᠭᠤᠴᠠᠯᠭ᠎ᠠ ᠠᠰᠠᠭᠤᠬᠤ ᠶᠢ ᠵᠢᠭᠠᠨ᠎ᠠ ᠃ | | | | | | | | | | | |