ᠨᠢᠭᠡ᠂ ᠭᠤᠣᠯ ᠳᠤᠰᠢᠶᠠᠯ ᠬᠠᠷᠢᠭᠤᠴᠠᠯᠭ᠎ᠠ | ︵ᠨᠢᠭᠡ︶ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠤᠬᠠᠶ ᠤᠯᠤᠰ᠂ ᠥᠪᠡᠷᠲᠡᠭᠡᠨ ᠵᠠᠰᠠᠬᠤ ᠣᠷᠣᠨ ᠤ ᠪᠠᠶᠢᠯᠳᠤᠬᠤ | ᠪᠤᠳᠤᠯᠭ᠎ᠠ᠂ ᠴᠢᠭᠯᠡᠯᠲᠡ᠂ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠪᠦᠬᠦ ᠬᠤᠳᠠ ᠶᠢᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ | ᠬᠥᠭᠵᠢᠯᠲᠡ ᠶᠢᠨ ᠪᠠᠶᠢᠯᠳᠤᠬᠤ ᠪᠤᠳᠤᠯᠭ᠎ᠠ᠂ ᠳᠤᠮᠳᠠ ᠤᠷᠳᠤ ᠬᠤᠭᠤᠴᠠᠭᠠᠨ ᠤ ᠲᠥᠯᠥᠪᠵᠢᠭᠦᠯᠭᠡ ᠪᠠ ᠤᠨ ᠤ ᠲᠥᠯᠦᠪᠯᠡᠯᠭᠡ ᠶᠢ ᠲᠤᠭᠤᠷᠪᠢᠨ ᠲᠣᠭᠲᠠᠭᠠᠬᠤ | ᠪᠥᠭᠡᠳ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠦᠯᠦᠪᠯᠡᠨ ᠵᠣᠬᠢᠴᠠᠭᠤᠯᠵᠤ᠂ ᠪᠦᠬᠦ ᠬᠤᠳᠠ ᠶᠢᠨ | ᠠᠵᠤ ᠠᠬᠤᠢ ᠶᠢᠨ ᠪᠠᠶᠢᠳᠠᠯ ᠢ ᠰᠤᠳᠤᠯᠤᠨ ᠵᠠᠳᠠᠯᠵᠤ᠂ ᠪᠦᠬᠦ ᠬᠤᠳᠠ ᠶᠢᠨ ᠤᠯᠤᠰ ᠠᠷᠠᠳ ᠤᠨ ᠠᠵᠤ ᠠᠬᠤᠢ ᠶᠢᠨ ᠬᠥᠭᠵᠢᠯᠲᠡ᠂ ᠦᠨ᠎ᠡ ᠬᠠᠩᠰᠢ ᠶᠢᠨ ᠶᠡᠷᠦᠩᠬᠡᠢ | ᠲᠦᠪᠰᠢᠨ ᠢ ᠲᠤᠬᠢᠷᠠᠭᠤᠯᠤᠨ ᠡᠵᠡᠮᠳᠡᠬᠦ ᠪᠠ ᠠᠵᠤ ᠠᠬᠤᠢ ᠶᠢᠨ ᠪᠦᠲᠦᠴᠡ ᠶᠢ ᠰᠢᠯᠢᠳᠡᠭᠵᠢᠭᠦᠯᠬᠦ ᠴᠢᠬᠤᠯᠠ ᠶᠡᠭᠡ ᠬᠠᠷᠠᠯᠲᠠ᠂ ᠲᠦᠷᠦ ᠶᠢᠨ ᠪᠤᠳᠤᠯᠭ᠎ᠠ ᠶᠢ | ᠳᠤᠷᠠᠳᠤᠨ᠎ᠠ︔ ᠡᠯ᠎ᠡ ᠵᠦᠢᠯ ᠤᠨ ᠠᠵᠤ ᠠᠬᠤᠢ ᠶᠢᠨ ᠠᠷᠭ᠎ᠠ ᠪᠠᠷᠢᠯ ᠪᠠ ᠲᠦᠷᠦ ᠶᠢᠨ ᠪᠤᠳᠤᠯᠭ᠎ᠠ ᠶᠢ ᠶᠡᠷᠦᠩᠬᠡᠶᠢᠯᠡᠨ ᠬᠡᠷᠡᠭᠯᠡᠬᠦ ᠰᠠᠨᠠᠭᠤᠯᠭ᠎ᠠ ᠳᠤᠷᠠᠳᠤᠨ᠎ᠠ︔ | ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠠᠶᠢᠳᠠᠯᠭ᠎ᠠ ᠪᠠᠷ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠤᠯᠤᠰ ᠠᠷᠠᠳ ᠤᠨ ᠠᠵᠤ | ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠦᠯᠦᠪᠯᠡᠭᠡᠨ ᠤ ᠮᠡᠳᠡᠬᠦᠯᠦᠯᠳᠡ ᠶᠢ ᠳᠡᠪᠰᠢᠬᠦᠯᠦᠨ᠎ᠡ᠃ | ︵ᠬᠤᠶᠠᠷ︶ ᠬᠤᠷᠸ᠎ᠠ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠬᠢᠨᠠᠨ ᠬᠡᠮᠵᠢᠬᠦ ᠶᠢ ᠬᠠᠷᠢᠭᠤᠴᠠᠵᠤ᠂ ᠤᠷᠢᠳᠴᠢᠯᠠᠨ ᠳᠦᠰᠦᠭᠡᠯᠡᠵᠤ | ᠤᠷᠢᠳᠴᠢᠯᠠᠨ ᠰᠡᠷᠡᠮᠵᠢᠯᠡᠭᠦᠯᠬᠦ ᠪᠠ ᠮᠡᠳᠡᠭᠡ ᠵᠠᠩᠭᠢ ᠪᠠᠷ ᠬᠥᠲᠥᠯᠥᠨ ᠵᠢᠯᠣᠭᠤᠳᠬᠤ ᠬᠠᠷᠢᠭᠤᠴᠠᠯᠭ᠎ᠠ ᠶᠢ ᠡᠭᠦᠷᠭᠡᠯᠡᠨ᠎ᠡ︔ ᠪᠥᠬᠦ ᠬᠤᠲᠠ ᠶᠢᠨ ᠬᠤᠷᠸ᠎ᠠ ᠠᠵᠤ ᠠᠬᠤᠢ | ᠶᠢᠨ ᠡᠷᠬᠢᠯᠳᠡ᠂ ᠶᠡᠷᠦᠩᠬᠡᠶ ᠬᠡᠮᠵᠢᠶ᠎ᠡ ᠶᠢ ᠲᠡᠩᠴᠡᠭᠦᠷᠢᠲᠡᠶ ᠪᠠᠶᠢᠯᠭᠠᠬᠤ᠂ ᠠᠵᠤ ᠠᠬᠤᠶ ᠶᠢᠨ ᠠᠮᠦᠷ ᠳᠦᠪᠰᠢᠨ ᠪᠠ ᠠᠵᠤ ᠦᠢᠯᠡᠰ ᠤᠨ ᠶᠡᠷᠦᠩᠭᠡᠢ ᠠᠮᠦᠷ ᠲᠦᠪᠰᠢᠨ | ᠵᠡᠷᠭᠡ ᠴᠢᠬᠤᠯᠠ ᠠᠰᠠᠭᠤᠳᠠᠯ ᠢ ᠰᠤᠳᠤᠯᠬᠤ ᠶᠢᠨ ᠬᠠᠮᠲᠤ ᠬᠤᠷᠸ᠎ᠠ ᠳᠤᠬᠢᠷᠠᠭᠤᠯᠭ᠎ᠠ ᠡᠵᠡᠮᠰᠢᠯ ᠤᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ︔ ᠠᠵᠤ | ᠠᠬᠤᠶ ᠶᠢᠨ ᠡᠷᠬᠢᠯᠳᠡ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠠᠵᠤ ᠠᠬᠤᠶ ᠶᠢᠨ ᠡᠷᠬᠢᠯᠳᠡ ᠶᠢ ᠲᠣᠬᠢᠷᠠᠭᠤᠯᠬᠤ ᠶᠢ | ᠬᠠᠷᠢᠭᠤᠴᠠᠨ᠎ᠠ︔ ᠴᠢᠬᠤᠯᠠ ᠡᠳ᠋ ᠪᠤᠳᠠᠰ ᠢ ᠪᠠᠴᠢᠮ ᠲᠣᠬᠢᠷᠠᠭᠤᠯᠬᠤ ᠪᠠ ᠵᠠᠮ ᠲᠡᠭᠡᠭᠡᠪᠦᠷᠢ ᠶᠢᠨ ᠵᠣᠬᠢᠴᠠᠭᠤᠯᠭ᠎ᠠ ᠶᠢ ᠵᠣᠬᠢᠶᠠᠨ ᠪᠠᠶᠢᠭᠤᠯᠬᠤ ᠶᠢ ᠬᠠᠷᠢᠭᠤᠴᠠᠨ᠎ᠠ᠃ | ︵ᠭᠤᠷᠪᠠ︶ ᠪᠥᠬᠦ ᠬᠤᠲᠠ ᠶᠢᠨ ᠡᠳ᠋ ᠤᠨ ᠵᠠᠰᠠᠭ᠂ ᠮᠥᠩᠭᠦᠨ ᠬᠦᠢᠯᠭᠡᠭᠡ ᠵᠡᠷᠭᠡ ᠲᠠᠯ᠎ᠠ ᠶᠢᠨ ᠪᠠᠶᠢᠳᠠᠯ ᠢ ᠬᠤᠷᠢᠶᠠᠩᠭᠤᠶᠢᠯᠠᠨ ᠵᠠᠳᠠᠯᠬᠤ ᠶᠢ ᠬᠠᠷᠢᠭᠤᠴᠠᠵᠤ᠂ | ᠪᠥᠬᠦ ᠬᠤᠲᠠ ᠶᠢᠨ ᠡᠳ᠋ ᠤᠨ ᠵᠠᠰᠠᠭ᠂ ᠮᠥᠩᠭᠦᠨ ᠭᠦᠢᠯᠭᠡᠭᠡ᠂ ᠭᠠᠵᠠᠷ ᠰᠢᠷᠣᠶ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠳᠤ ᠣᠷᠣᠯᠴᠠᠵᠤ᠂ ᠡᠳ᠋ ᠤᠨ ᠵᠠᠰᠠᠭ᠂ | ᠮᠥᠩᠭᠦᠨ ᠭᠦᠢᠯᠭᠡᠭᠡ᠂ ᠭᠠᠵᠠᠷ ᠰᠢᠷᠣᠶ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠶᠡᠷᠦᠩᠬᠡᠶᠢᠯᠡᠨ ᠵᠠᠳᠠᠯᠤᠨ᠎ᠠ︔ ᠪᠥᠬᠦ | ᠬᠤᠲᠠ ᠶᠢᠨ ᠪᠥᠬᠦ ᠰᠢᠰᠲ᠋ᠧᠮ ᠤᠨ ᠭᠠᠳᠠᠭᠠᠳᠤ ᠵᠢᠭᠡᠯᠡᠯᠭᠡ ᠶᠢᠨ ᠶᠡᠷᠦᠩᠬᠡᠶ ᠬᠡᠮᠵᠢᠶ᠎ᠡ ᠶᠢ ᠡᠵᠡᠮᠳᠡᠬᠦ᠂ ᠪᠦᠲᠦᠴᠡ ᠶᠢ ᠰᠢᠯᠢᠳᠡᠭᠵᠢᠭᠦᠯᠬᠦ ᠪᠠ ᠬᠢᠨᠠᠨ ᠬᠡᠮᠵᠢᠬᠦ ᠠᠵᠢᠯ ᠢ | ᠬᠠᠷᠢᠭᠤᠴᠠᠨ᠎ᠠ᠃ | ︵ᠳᠥᠷᠪᠡ︶ ᠤᠯᠤᠰ᠂ ᠥᠪᠡᠷᠲᠡᠭᠡᠨ ᠵᠠᠰᠠᠬᠤ ᠣᠷᠣᠨ ᠤ ᠦᠨ᠎ᠡ ᠬᠠᠩᠰᠢ ᠰᠦᠢᠳᠬᠡᠯ ᠬᠤᠷᠢᠶᠠᠬᠤ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ | ᠳᠤᠤᠱᠯᠠᠭᠤᠯᠤᠨ ᠨᠠᠶᠢᠳᠠᠪᠤᠷᠢᠵᠢᠭᠤᠯᠵᠤ᠂ ᠵᠠᠬ᠎ᠠ ᠳᠡᠯᠭᠡᠬᠦᠷ ᠤᠨ ᠦᠨ᠎ᠡ ᠬᠠᠩᠰᠢ ᠶᠢ ᠳᠣᠭᠢᠷᠠᠭᠤᠯᠤᠨ ᠡᠵᠡᠮᠳᠡᠬᠦ ᠬᠠᠷᠠᠯᠲᠠ ᠶᠢ ᠳᠤᠷᠠᠳᠤᠨ᠎ᠠ︔ ᠥᠪᠡᠷᠲᠡᠭᠡᠨ ᠵᠠᠰᠠᠬᠤ | ᠣᠷᠣᠨ ᠠᠴᠠ ᠮᠠᠨ ᠤ ᠬᠤᠲᠠ ᠶᠢ ᠨᠠᠶᠢᠳᠠᠨ ᠬᠠᠮᠢᠶᠠᠷᠤᠭᠤᠯᠤᠭᠰᠠᠨ ᠲᠠᠸᠠᠷ ᠤᠨ ᠦᠢᠯᠡᠴᠢᠯᠡᠭᠡ ᠪᠠ ᠰᠦᠢᠳᠬᠡᠯ ᠬᠤᠷᠢᠶᠠᠬᠤ ᠪᠠᠷᠢᠮᠵᠢᠶ᠎ᠠ ᠶᠢ ᠵᠤᠬᠢᠶᠠᠨ ᠪᠠᠶᠢᠭᠤᠯᠤᠨ | ᠳᠤᠭᠳᠠᠭᠠᠬᠤ ᠪᠤᠶᠤ ᠳᠤᠬᠢᠷᠠᠭᠤᠯᠤᠨ᠎ᠠ︔ ᠦᠨ᠎ᠡ ᠬᠠᠩᠰᠢ ᠶᠢᠨ ᠲᠥᠷᠦ ᠶᠢᠨ ᠪᠣᠳᠤᠯᠭ᠎ᠠ ᠶᠢᠨ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ | ᠪᠠᠶᠢᠴᠠᠭᠠᠬᠤ ᠶᠢ ᠬᠠᠷᠢᠭᠤᠴᠠᠵᠤ᠂ ᠪᠥᠬᠦ ᠬᠤᠳᠠ ᠶᠢᠨ ᠦᠨ᠎ᠡ ᠬᠠᠩᠰᠢ ᠶᠢᠨ ᠬᠠᠤᠯᠢ ᠵᠦᠷᠢᠴᠡᠭᠰᠡᠨ ᠦᠢᠯᠡ ᠠᠵᠢᠯᠯᠠᠭ᠎ᠠ ᠪᠣᠯᠤᠨ ᠦᠨ᠎ᠡ ᠬᠠᠩᠰᠢ ᠶᠢ ᠭᠠᠭᠴᠠᠭᠠᠷ | ᠡᠵᠡᠮᠰᠢᠬᠦ ᠵᠡᠷᠭᠡ ᠥᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠶᠢ ᠬᠠᠷᠢᠭᠤᠴᠠᠨ᠎ᠠ᠃ | ︵ᠲᠠᠪᠤ︶ ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠵᠢᠯᠣᠭᠤᠳᠤᠨ ᠠᠬᠢᠭᠤᠯᠬᠤ ᠪᠠ ᠶᠡᠷᠦᠩᠭᠡᠶᠢᠯᠡᠨ ᠵᠣᠬᠢᠴᠠᠭᠤᠯᠬᠤ ᠬᠠᠷᠢᠭᠤᠴᠠᠯᠭ᠎ᠠ ᠶᠢ | ᠡᠭᠦᠷᠭᠡᠯᠡᠨ᠎ᠡ᠃ ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠪᠠ ᠭᠠᠳᠠᠭᠠᠳᠤ ᠲᠠᠢ ᠴᠢᠯᠦᠭᠡᠳᠡᠢ ᠶᠠᠪᠤᠯᠴᠠᠬᠤ ᠴᠢᠬᠤᠯᠠ ᠶᠡᠭᠡ ᠠᠰᠠᠭᠤᠳᠠᠯ ᠢ ᠰᠤᠳᠤᠯᠵᠤ᠂ | ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠶᠡᠷᠦᠩᠭᠡᠢ ᠴᠢᠨᠠᠷᠲᠠᠶ ᠲᠥᠰᠦᠯ ᠢ ᠵᠣᠬᠢᠶᠠᠨ ᠪᠠᠶᠢᠭᠤᠯᠤᠨ ᠳᠤᠭᠤᠷᠪᠢᠨ ᠲᠣᠭᠲᠠᠭᠠᠵᠤ᠂ ᠠᠵᠤ ᠠᠬᠤᠶ ᠶᠢᠨ | ᠪᠠᠶᠢᠭᠤᠯᠤᠯ ᠤᠨ ᠥᠭᠡᠷᠡᠴᠢᠯᠡᠯᠲᠡ ᠶᠢᠨ ᠬᠤᠯᠪᠣᠭᠳᠠᠯ ᠪᠦᠬᠦᠢ ᠲᠤᠰᠬᠠᠶ ᠲᠥᠰᠦᠯ ᠢ ᠵᠣᠬᠢᠴᠠᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠵᠤ | ᠪᠠᠶᠢᠭᠠᠳ ᠠᠵᠤ ᠠᠬᠤᠶ ᠶᠢᠨ ᠪᠠᠶᠢᠭᠤᠯᠤᠯ ᠤᠨ ᠴᠢᠬᠤᠯᠠ ᠲᠤᠰᠬᠠᠶ ᠥᠭᠡᠷᠡᠴᠢᠯᠡᠯᠲᠡ ᠶᠢᠨ ᠬᠤᠭᠤᠷᠣᠨᠳᠣᠬᠢ ᠠᠪᠴᠠᠯᠳᠤᠭᠤᠯᠤᠯ ᠢ ᠰᠠᠶᠢᠲᠤᠷ ᠬᠢᠵᠦ᠂ ᠠᠵᠤ | ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠢᠭ ᠪᠠ ᠲᠤᠷᠰᠢᠯᠲᠠ ᠶᠢᠨ ᠣᠷᠣᠨ ᠤ ᠠᠵᠢᠯ ᠢ ᠵᠢᠯᠣᠭᠤᠳᠤᠨ᠎ᠠ᠃ | ︵ᠵᠢᠷᠭᠤᠭ᠎ᠠ︶ ᠪᠥᠬᠦ ᠬᠤᠳᠠ ᠶᠢᠨ ᠴᠢᠬᠤᠯᠠ ᠶᠡᠭᠡ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠪᠣᠯᠤᠨ ᠦᠢᠯᠡᠳᠪᠦᠷᠢᠯᠡᠯ ᠤᠨ ᠬᠦᠴᠦᠨ ᠤ | ᠪᠠᠶᠢᠷᠢᠯᠠᠭᠤᠯᠤᠯᠳᠠ ᠶᠢ ᠲᠥᠯᠥᠪᠵᠢᠭᠦᠯᠬᠦ ᠬᠠᠷᠢᠭᠤᠴᠠᠯᠭ᠎ᠠ ᠶᠢ ᠡᠭᠦᠷᠭᠡᠯᠡᠨ᠎ᠡ᠃ ᠪᠦᠬᠦ ᠨᠡᠶᠢᠭᠡᠮ ᠤᠨ ᠲᠣᠭᠲᠠᠮᠠᠯ ᠬᠥᠷᠦᠩᠭᠡ ᠶᠢᠨ ᠪᠡᠯᠡ ᠣᠷᠣᠭᠤᠯᠤᠯᠲᠠ ᠶᠢᠨ | ᠶᠡᠷᠦᠩᠬᠡᠶ ᠬᠡᠪᠴᠢᠶ᠎ᠡ ᠪᠣᠯᠤᠨ ᠪᠡᠯᠡ ᠣᠷᠣᠭᠤᠯᠤᠯᠲᠠ ᠶᠢᠨ ᠪᠦᠲᠦᠴᠡ ᠶᠢ ᠲᠣᠬᠢᠷᠠᠭᠤᠯᠤᠨ ᠡᠵᠡᠮᠳᠡᠬᠦ ᠬᠠᠷᠠᠯᠲᠠ᠂ ᠲᠥᠷᠥ ᠶᠢᠨ ᠪᠤᠳᠤᠯᠭ᠎ᠠ ᠬᠢᠭᠡᠳ ᠠᠷᠭ᠎ᠠ | ᠬᠡᠮᠵᠢᠶ᠎ᠡ ᠶᠢ ᠲᠤᠭᠤᠷᠪᠢᠨ ᠲᠣᠭᠲᠠᠭᠠᠵᠤ᠂ ᠵᠠᠰᠠᠭ ᠤᠨ ᠣᠷᠳᠣᠨ ᠠᠴᠠ ᠪᠡᠯᠡ ᠤᠷᠤᠭᠤᠯᠬᠤ ᠴᠢᠬᠤᠯᠠ ᠲᠠᠢ ᠪᠠ ᠴᠢᠬᠤᠯᠠ ᠶᠡᠭᠡ ᠪᠥᠳᠥᠭᠡᠨ ᠪᠠᠶᠢᠭᠤᠯᠤᠯᠲᠠ ᠶᠢᠨ | ᠲᠥᠷᠥᠯ ᠵᠦᠢᠯ ᠳᠤ ᠬᠤᠯᠪᠣᠭᠳᠠᠬᠤ ᠲᠤᠰᠬᠠᠶ ᠲᠥᠯᠥᠪᠵᠢᠭᠦᠯᠭᠡ ᠶᠢ ᠠᠪᠴᠠᠯᠳᠤᠭᠤᠯᠤᠨ ᠲᠡᠩᠴᠡᠬᠦᠷᠢᠳᠡᠢ ᠪᠠᠶᠢᠯᠭᠠᠨ᠎ᠠ︔ ᠤᠯᠤᠰ᠂ ᠥᠪᠡᠷᠲᠡᠭᠡᠨ ᠵᠠᠰᠠᠬᠤ ᠣᠷᠣᠨ | ᠠᠴᠠ ᠬᠢᠨᠠᠨ ᠵᠥᠪᠰᠢᠶᠡᠷᠡᠭᠰᠡᠨ ︵ᠬᠠᠷᠭᠤᠭᠤᠯᠤᠨ ᠵᠥᠪᠰᠢᠶᠡᠷᠡᠭᠰᠡᠨ︶ ᠴᠢᠬᠤᠯᠠ ᠶᠡᠭᠡ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ | ᠬᠠᠷᠭᠤᠭᠤᠯᠬᠤ ᠶᠢᠨ ᠬᠠᠮᠲᠤ ᠳᠡᠭᠡᠭᠰᠢ ᠮᠡᠳᠡᠭᠦᠯᠬᠦ ᠶᠢ ᠬᠠᠷᠢᠭᠤᠴᠠᠨ᠎ᠠ︔ ᠲᠥᠪ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠴᠢᠨᠠᠷᠲᠠᠶ ᠪᠥᠲᠥᠭᠡᠨ | ᠪᠠᠶᠢᠭᠤᠯᠤᠯᠲᠠ ᠶᠢᠨ ᠪᠠᠯᠠ ᠮᠥᠩᠭᠦ ᠶᠢ ᠬᠢᠨᠠᠨ ᠬᠠᠷᠭᠤᠭᠤᠯᠤᠨ ᠭᠤᠶᠤᠴᠢᠯᠠᠨ ᠮᠡᠳᠡᠭᠦᠯᠵᠦ᠂ ᠴᠢᠬᠤᠯᠠ ᠶᠡᠭᠡ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ᠂ | ᠭᠠᠳᠠᠭᠠᠳᠤ ᠳᠤ ᠬᠤᠯᠪᠣᠭᠳᠠᠬᠤ ᠴᠢᠬᠤᠯᠠ ᠶᠡᠭᠡ ᠲᠥᠷᠥᠯ ᠵᠦᠢᠯ ᠪᠠ ᠶᠡᠭᠡ ᠲᠣᠭᠠᠨ ᠤ ᠭᠤᠪᠢᠭᠤᠯᠭ᠎ᠠ ᠬᠡᠷᠡᠭᠯᠡᠬᠦ ᠪᠠᠯᠠ ᠣᠷᠣᠭᠤᠯᠤᠯᠲᠠ ᠶᠢᠨ ᠲᠥᠷᠥᠯ ᠵᠦᠢᠯ ᠢ | ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠬᠢᠨᠠᠨ ᠵᠦᠪᠰᠢᠶᠡᠷᠠᠵᠤ᠂ ᠬᠠᠷᠭᠤᠭᠤᠯᠤᠨ ᠵᠦᠪᠰᠢᠶᠡᠷᠡᠨ᠂ ᠬᠢᠨᠠᠨ ᠬᠠᠷᠭᠤᠭᠤᠯᠤᠨ᠎ᠠ︔ ᠪᠦᠬᠦ ᠬᠤᠳᠠ ᠶᠢᠨ | ᠭᠠᠳᠠᠭᠠᠳᠤ ᠶᠢᠨ ᠵᠢᠭᠡᠯᠡᠯᠭᠡ ᠶᠢᠨ ᠪᠦᠳᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ᠬᠡᠷᠡᠭᠯᠡᠯᠲᠡ ᠶᠢ ᠵᠢᠯᠣᠭᠤᠳᠬᠤ ᠪᠠ ᠬᠢᠨᠠᠯᠲᠠ ᠲᠠᠯᠪᠢᠵᠤ᠂ ᠠᠷᠠᠳ ᠤᠨ ᠪᠡᠯᠡ | ᠣᠷᠣᠭᠤᠯᠤᠯᠲᠠ ᠶᠢᠨ ᠴᠢᠭᠯᠡᠯ ᠢ ᠬᠥᠲᠥᠯᠥᠨ ᠵᠢᠯᠣᠭᠤᠳᠴᠤ᠂ ᠭᠠᠳᠠᠭᠠᠳᠤ ᠶᠢᠨ ᠪᠡᠯᠡ ᠮᠥᠩᠭᠦ ᠶᠢ ᠰᠢᠯᠢᠳᠡᠭᠵᠢᠭᠦᠯᠦᠨ ᠠᠰᠢᠭᠯᠠᠬᠤ ᠪᠠ ᠬᠢᠯᠢ ᠶᠢᠨ ᠭᠠᠳᠠᠨᠠᠬᠢ ᠪᠡᠯᠡ | ᠣᠷᠤᠭᠤᠯᠤᠯᠲᠠ ᠶᠢᠨ ᠲᠥᠯᠥᠪᠵᠢᠭᠦᠯᠭᠡ᠂ ᠶᠡᠷᠦᠩᠬᠡᠶ ᠬᠡᠮᠵᠢᠶ᠎ᠡ ᠶᠢ ᠲᠡᠩᠴᠡᠭᠦᠷᠢᠲᠡᠶ ᠪᠠᠶᠢᠯᠭᠠᠬᠤ ᠪᠠ ᠪᠦᠲᠦᠴᠡ ᠶᠢ ᠰᠢᠯᠢᠳᠡᠭᠵᠢᠭᠦᠯᠬᠦ ᠬᠠᠷᠠᠯᠲᠠ ᠪᠠ ᠲᠦᠷᠦ ᠶᠢᠨ | ᠪᠤᠳᠤᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠤᠨ᠎ᠠ︔ ᠢᠨᠵᠧᠨᠧᠷᠢᠩ ᠤᠨ ᠯᠠᠪᠯᠠᠯᠭ᠎ᠠ ᠥᠭᠬᠦ ᠦᠢᠯᠡᠰ ᠤᠨ ᠬᠥᠭᠵᠢᠯᠲᠡ ᠶᠢ ᠵᠢᠯᠤᠭᠤᠳᠤᠨ᠎ᠠ᠃ | ︵ᠲᠤᠯᠤᠭ᠎ᠠ︶ ᠠᠵᠤ ᠠᠬᠤᠢ ᠶᠢᠨ ᠪᠦᠲᠦᠴᠡ ᠶᠢᠨ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠲᠤᠬᠢᠷᠠᠭᠤᠯᠤᠯᠳᠠ ᠶᠢ ᠠᠬᠢᠭᠤᠯᠤᠨ᠎ᠠ᠃ ᠶᠡᠷᠦᠩᠬᠡᠶᠢᠯᠡᠭᠰᠡᠨ | ᠴᠢᠨᠠᠷᠲᠠᠶ ᠠᠵᠤ ᠦᠢᠯᠡᠰ ᠤᠨ ᠲᠥᠷᠦ ᠶᠢᠨ ᠪᠣᠳᠤᠯᠭ᠎ᠠ ᠶᠢ ᠵᠣᠬᠢᠶᠠᠨ ᠪᠠᠶᠢᠭᠤᠯᠤᠨ ᠳᠤᠭᠤᠷᠪᠢᠨ ᠳᠤᠭᠳᠠᠭᠠᠵᠤ᠂ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠤ | ᠦᠢᠯᠡᠰ ᠤᠨ ᠬᠥᠭᠵᠢᠯᠲᠡ ᠶᠢᠨ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠬᠤ ᠶᠢᠨ ᠬᠠᠮᠲᠤ ᠬᠠᠮᠢᠶ᠎ᠠ ᠪᠦᠬᠦᠢ ᠬᠥᠭᠵᠢᠯᠲᠡ ᠶᠢᠨ ᠲᠥᠯᠥᠪᠵᠢᠭᠦᠯᠭᠡ ᠪᠠ ᠴᠢᠬᠤᠯᠠ | ᠶᠡᠭᠡ ᠲᠦᠷᠦ ᠶᠢᠨ ᠪᠤᠳᠤᠯᠭ᠎ᠠ ᠶᠢ ᠠᠪᠴᠠᠯᠳᠤᠭᠤᠯᠵᠤ ᠲᠡᠩᠴᠡᠬᠦᠷᠢᠰᠢᠬᠦᠯᠬᠦ ᠠᠵᠢᠯ ᠢ ᠬᠠᠷᠢᠭᠤᠴᠠᠵᠤ᠂ ᠪᠦᠬᠦ ᠬᠤᠲᠠ ᠶᠢᠨ ᠤᠯᠤᠰ ᠠᠷᠠᠳ ᠤᠨ ᠠᠵᠤ ᠠᠬᠤᠶ ᠪᠠ | ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ᠂ ᠲᠥᠯᠥᠪᠯᠡᠭᠡ ᠲᠠᠢ ᠠᠪᠴᠠᠯᠳᠤᠭᠤᠯᠤᠨ ᠲᠡᠩᠴᠡᠬᠦᠷᠢᠰᠢᠬᠦᠯᠬᠦ ᠠᠵᠢᠯ ᠢ ᠰᠠᠶᠢᠲᠤᠷ ᠬᠢᠨ᠎ᠡ︔ ᠲᠠᠷᠢᠶᠠᠯᠠᠩ ᠮᠠᠯ | ᠠᠵᠤ ᠠᠬᠤᠶ ᠪᠠ ᠬᠥᠳᠡᠭᠡ ᠲᠣᠰᠬᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠴᠢᠬᠤᠯᠠ ᠶᠡᠭᠡ ᠠᠰᠠᠭᠤᠳᠠᠯ ᠢ ᠵᠤᠬᠢᠴᠠᠭᠤᠯᠤᠨ᠎ᠠ︔ ᠪᠥᠬᠦ ᠬᠤᠲᠠ ᠶᠢᠨ | ᠦᠢᠯᠡᠴᠢᠯᠡᠭᠡᠨ ᠤ ᠦᠢᠯᠡᠰ᠂ ᠣᠲᠣ ᠦᠶ᠎ᠡ ᠶᠢᠨ ᠪᠠᠷᠠᠭᠠᠨ ᠬᠦᠢᠯᠭᠡᠭᠡᠨ ᠤ ᠦᠢᠯᠡᠰ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠲᠥᠯᠥᠪᠵᠢᠭᠦᠯᠭᠡ ᠪᠠ | ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠵᠤ᠂ ᠬᠠᠮᠢᠶ᠎ᠠ ᠪᠦᠬᠦᠢ ᠠᠰᠠᠭᠤᠳᠠᠯ ᠢ ᠵᠤᠬᠢᠴᠠᠭᠤᠯᠤᠨ᠎ᠠ︔ ᠳᠡᠭᠡᠳᠦ ᠮᠡᠷᠭᠡᠵᠢᠯ ᠤᠨ ᠠᠵᠤ | ᠦᠢᠯᠡᠰ ᠤᠨ ᠬᠦᠭᠵᠢᠯᠳᠡ᠂ ᠠᠵᠤ ᠦᠢᠯᠡᠰ ᠤᠨ ᠮᠡᠷᠭᠡᠵᠢᠯ ᠤᠨ ᠳᠠᠪᠰᠢᠯᠳᠡ ᠶᠢᠨ ᠲᠥᠯᠥᠪᠵᠢᠭᠦᠯᠭᠡ ᠪᠠ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠵᠣᠬᠢᠶᠠᠨ | ᠪᠠᠶᠢᠭᠤᠯᠤᠨ ᠲᠤᠭᠤᠷᠪᠢᠨ ᠲᠣᠭᠲᠠᠭᠠᠵᠤ᠂ ᠴᠢᠬᠤᠯᠠ ᠶᠡᠭᠡ ᠮᠡᠷᠭᠡᠵᠢᠯ ᠤᠨ ᠲᠣᠨᠣᠭᠯᠠᠯ ᠢ ᠳᠡᠯᠭᠡᠷᠡᠭᠦᠯᠦᠨ ᠬᠡᠷᠡᠭᠯᠡᠬᠦ ᠵᠡᠷᠭᠡ ᠲᠠᠯ᠎ᠠ ᠶᠢᠨ ᠴᠢᠬᠤᠯᠠ ᠶᠡᠭᠡ ᠠᠰᠠᠭᠤᠳᠠᠯ ᠢ | ᠵᠣᠬᠢᠴᠠᠭᠤᠯᠤᠨ ᠰᠢᠢᠳᠪᠦᠷᠢᠯᠡᠨ᠎ᠡ᠃ | ︵ᠨᠠᠢᠮᠠ︶ ᠪᠦᠬᠦ ᠬᠤᠳᠠ ᠶᠢᠨ ᠡᠨᠧᠷᠭᠢ ᠶᠢᠨ ᠨᠡᠭᠡᠭᠡᠯᠳᠡ ᠶᠢᠨ ᠪᠠᠶᠢᠯᠳᠤᠬᠤ ᠪᠤᠳᠤᠯᠭ᠎ᠠ ᠪᠠ ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ ᠶᠢ ᠰᠤᠳᠤᠯᠤᠨ | ᠳᠤᠷᠠᠳᠴᠤ᠂ ᠡᠨᠧᠷᠭᠢ ᠶᠢᠨ ᠨᠡᠭᠡᠭᠡᠯᠳᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ︔ ᠡᠨᠧᠷᠭᠢ ᠶᠢᠨ | ᠨᠡᠭᠡᠭᠡᠯᠳᠡ ᠶᠢᠨ ᠲᠤᠬᠠᠶ ᠲᠦᠷᠦ ᠶᠢᠨ ᠪᠤᠳᠤᠯᠭ᠎ᠠ ᠳᠦᠷᠢᠮ ᠲᠣᠭᠲᠠᠭᠠᠯ ᠢ ᠲᠤᠭᠤᠷᠪᠢᠨ ᠪᠢᠴᠢᠨ᠎ᠡ︔ ᠡᠨᠧᠷᠭᠢ ᠶᠢᠨ ᠨᠡᠭᠡᠭᠡᠯᠳᠡ ᠶᠢ ᠪᠦᠷᠢᠳᠬᠡᠨ ᠲᠣᠬᠢᠷᠠᠭᠤᠯᠬᠤ᠂ | ᠤᠷᠢᠳᠴᠢᠯᠠᠨ ᠳᠦᠰᠦᠭᠡᠯᠡᠵᠤ ᠤᠷᠢᠳᠴᠢᠯᠠᠨ ᠰᠡᠷᠡᠮᠵᠢᠯᠡᠭᠦᠯᠬᠦ᠂ ᠡᠨᠧᠷᠭᠢ ᠶᠢᠨ ᠮᠡᠳᠡᠭᠡ ᠵᠠᠩᠭᠢ ᠶᠢ ᠨᠡᠶᠢᠲᠡᠯᠡᠬᠦ ᠶᠢ ᠬᠠᠷᠢᠭᠤᠴᠠᠵᠤ᠂ ᠡᠨᠧᠷᠭᠢ ᠶᠢᠨ ᠡᠷᠬᠢᠯᠳᠡ ᠶᠢ | ᠲᠣᠬᠢᠷᠠᠭᠤᠯᠬᠤ ᠪᠠ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠳᠤ ᠤᠷᠤᠯᠴᠠᠨ᠎ᠠ᠃ ᠪᠦᠬᠦ ᠬᠤᠳᠠ ᠶᠢᠨ ᠡᠨᠧᠷᠭᠢ ᠶᠢᠨ ᠨᠡᠭᠡᠭᠡᠯᠳᠡ ᠶᠢᠨ ᠡᠨᠧᠷᠭᠢ ᠠᠷᠪᠢᠯᠠᠬᠤ ᠪᠠ | ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠶᠢ ᠬᠠᠷᠢᠭᠤᠴᠠᠵᠤ᠂ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠳᠡ ᠪᠠ ᠢᠵᠢ ᠪᠦᠷᠢᠳᠦᠭᠰᠡᠨ | ᠲᠥᠬᠦᠭᠡᠷᠦᠮᠵᠢ ᠶᠢ ᠣᠷᠣᠭᠤᠯᠤᠨ ᠠᠪᠴᠢᠷᠠᠵᠤ ᠰᠢᠩᠭᠡᠭᠡᠨ ᠠᠪᠴᠤ ᠰᠢᠨ᠎ᠡ ᠶᠢ ᠡᠭᠦᠳᠬᠦ ᠶᠢ ᠵᠢᠯᠣᠭᠤᠳᠴᠤ᠂ ᠵᠢᠱᠢᠶ᠎ᠡ ᠦᠵᠡᠭᠦᠯᠬᠦ ᠬᠠᠮᠢᠶ᠎ᠠ ᠪᠦᠬᠦᠢ ᠴᠢᠬᠤᠯᠠ ᠶᠡᠭᠡ | ᠪᠠᠷᠢᠯᠭ᠎ᠠ ᠶᠢ ᠵᠣᠬᠢᠶᠠᠨ ᠪᠠᠶᠢᠭᠤᠯᠤᠨ ᠵᠣᠬᠢᠴᠠᠭᠤᠯᠬᠤ ᠪᠠ ᠰᠢᠨ᠎ᠡ ᠦᠢᠯᠡᠳᠬᠦᠨ᠂ ᠰᠢᠨ᠎ᠡ ᠮᠡᠷᠭᠡᠵᠢᠯ᠂ ᠰᠢᠨ᠎ᠡ ᠲᠥᠬᠦᠭᠡᠷᠦᠮᠵᠢ ᠶᠢ ᠳᠡᠯᠭᠡᠷᠡᠭᠦᠯᠦᠨ ᠬᠡᠷᠡᠭᠯᠡᠨ᠎ᠡ᠃ | ︵ᠶᠢᠰᠦ︶ ᠪᠥᠬᠦ ᠬᠤᠲᠠ ᠶᠢᠨ ᠨᠡᠭᠦᠷᠡᠰᠦ᠂ ᠴᠠᠬᠢᠯᠭᠠᠨ ᠬᠦᠴᠦᠨ ︵ᠴᠥᠮ᠎ᠡ ᠶᠢᠨ ᠴᠠᠬᠢᠯᠭᠠᠨ ᠢ ᠪᠠᠭᠲᠠᠨ᠎ᠠ︶᠂ ᠴᠢᠯᠠᠭᠤᠨ ᠲᠣᠰᠣ᠂ ᠪᠠᠶᠢᠭᠠᠯᠢ ᠶᠢᠨ | ᠰᠢᠲᠠᠮᠠᠬᠠᠶ ᠬᠡᠶ᠂ ᠰᠢᠨ᠎ᠡ ᠡᠨᠧᠷᠭᠢ ᠪᠠ ᠳᠠᠬᠢᠨ ᠡᠭᠦᠰᠴᠦ ᠪᠣᠯᠬᠤ ᠡᠨᠧᠷᠭᠢ ᠶᠢᠨ ᠬᠠᠮᠢᠶ᠎ᠠ ᠪᠥᠬᠦᠶ ᠬᠢᠨᠠᠨ ᠵᠥᠪᠰᠢᠶᠡᠷᠡᠵᠤ ᠬᠠᠮᠢᠶᠠᠷᠬᠤ ᠠᠵᠢᠯ ᠢ ᠬᠠᠷᠢᠭᠤᠴᠠᠨ᠎ᠠ︔ | ᠡᠨᠧᠷᠭᠢ ᠶᠢᠨ ᠦᠢᠯᠡᠳᠪᠦᠷᠢᠯᠡᠯ ᠪᠦᠳᠦᠭᠡᠨ ᠪᠠᠶᠢᠭᠤᠯᠤᠯᠲᠠ ᠪᠠ ᠬᠠᠩᠭᠠᠯᠭ᠎ᠠ ᠬᠡᠷᠡᠭᠴᠡᠭᠡ ᠶᠢᠨ ᠳᠡᠩᠴᠡᠬᠦᠷᠢᠳᠡᠢ ᠪᠠᠶᠢᠬᠤ ᠶᠢ ᠠᠪᠴᠠᠯᠳᠤᠭᠤᠯᠤᠨ᠎ᠠ︔ ᠪᠥᠬᠦ | ᠬᠤᠲᠠ ᠶᠢᠨ ᠡᠨᠧᠷᠭᠢ ᠶᠢᠨ ᠲᠣᠭᠲᠠᠮᠠᠯ ᠬᠥᠷᠦᠩᠭᠡ ᠶᠢᠨ ᠪᠠᠯᠠ ᠣᠷᠣᠭᠤᠯᠤᠯᠲᠠ ᠶᠢᠨ ︵ᠠᠵᠤ ᠦᠢᠯᠡᠰ ᠢ ᠲᠠᠰ ᠳᠡᠪᠰᠢᠬᠦᠯᠬᠦ︶ ᠲᠥᠷᠥᠯ ᠵᠦᠢᠯ ᠢ ᠬᠢᠨᠠᠨ | ᠬᠠᠷᠭᠤᠭᠤᠯᠵᠤ ᠳᠡᠭᠡᠭᠰᠢ ᠮᠡᠳᠡᠭᠦᠯᠦᠨ᠎ᠡ︔ ᠮᠠᠯᠵᠢᠬᠤ ᠲᠠᠷᠢᠶᠠᠯᠠᠬᠤ ᠣᠷᠣᠨ ᠤ ᠡᠨᠧᠷᠭᠢ ᠶᠢᠨ ᠨᠡᠭᠡᠭᠡᠯᠳᠡ ᠶᠢᠨ ᠠᠵᠢᠯ ᠢ ᠵᠢᠯᠣᠭᠤᠳᠤᠨ ᠵᠣᠬᠢᠴᠠᠭᠤᠯᠤᠨ᠎ᠠ︔ | ᠴᠥᠮ᠎ᠡ ᠶᠢᠨ ᠴᠠᠬᠢᠯᠭᠠᠨ ᠤ ᠬᠤᠯᠪᠣᠭᠳᠠᠯ ᠪᠦᠬᠦᠢ ᠠᠵᠢᠯ ᠳᠤ ᠬᠠᠪᠰᠤᠷᠤᠯᠴᠠᠨ᠎ᠠ᠃ | ︵ᠠᠷᠪᠠ︶ ᠤᠯᠤᠰ ᠤᠨ ᠴᠢᠯᠠᠭᠤᠨ ᠲᠤᠰᠤ ᠨᠥᠭᠡᠴᠡᠯᠡᠬᠦ ᠲᠥᠯᠥᠪᠵᠢᠭᠦᠯᠭᠡ᠂ ᠲᠥᠯᠥᠪᠯᠡᠭᠡ ᠶᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠬᠤᠳᠠ ᠶᠢᠨ | ᠳᠤᠳᠤᠭᠠᠳᠤ ᠭᠠᠳᠠᠭᠠᠳᠤ ᠶᠢᠨ ᠴᠢᠯᠠᠭᠤᠨ ᠲᠤᠰᠤᠨ ᠤ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠬᠤᠪᠢᠷᠠᠯᠲᠠ ᠶᠢ ᠡᠵᠡᠮᠳᠡᠵᠦ᠂ ᠬᠤᠳᠠ ᠶᠢᠨ ᠳᠤᠳᠤᠭᠠᠳᠤ | ᠳᠠᠬᠢ ᠴᠢᠯᠠᠭᠤᠨ ᠲᠤᠰᠤᠨ ᠤ ᠨᠥᠭᠡᠴᠡᠯᠡᠯᠲᠡ ᠶᠢᠨ ᠪᠠᠷᠠᠭ᠎ᠠ ᠵᠠᠬᠢᠶᠠᠯᠠᠬᠤ᠂ ᠡᠭᠡᠯᠵᠢᠯᠡᠨ ᠰᠣᠯᠢᠬᠤ ᠪᠠ ᠬᠡᠷᠡᠭᠯᠡᠬᠦ ᠰᠠᠨᠠᠭᠤᠯᠭ᠎ᠠ ᠶᠢ ᠳᠤᠷᠠᠳᠬᠤ ᠶᠢᠨ ᠬᠠᠮᠲᠤ ᠵᠣᠬᠢᠶᠠᠨ | ᠪᠠᠶᠢᠭᠤᠯᠵᠤ ᠬᠡᠷᠡᠭᠵᠢᠭᠦᠯᠦᠨ᠎ᠡ︔ ᠴᠢᠯᠠᠭᠤᠨ ᠲᠣᠰᠣ ᠨᠥᠭᠡᠴᠡᠯᠡᠬᠦ ᠳᠦᠬᠦᠭᠡᠷᠡᠮᠵᠢ ᠶᠢᠨ ᠲᠥᠷᠥᠯ ᠵᠦᠢᠯ ᠢ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ | ᠬᠢᠨᠠᠨ ᠵᠥᠪᠰᠢᠶᠡᠷᠡᠬᠦ ᠪᠠ ᠬᠢᠨᠠᠨ ᠬᠠᠷᠭᠤᠭᠤᠯᠵᠤ᠂ ᠬᠤᠳᠠᠯᠳᠤᠭᠠᠨ ᠤ ᠴᠢᠯᠠᠭᠤᠨ ᠲᠣᠰᠣ ᠨᠥᠭᠡᠴᠡᠯᠡᠬᠦ ᠶᠢ ᠬᠢᠨᠠᠨ ᠬᠠᠮᠢᠶᠠᠷᠤᠨ᠎ᠠ᠃ | ︵ᠠᠷᠪᠠᠨ ᠨᠢᠭᠡ︶ ᠪᠥᠬᠦ ᠬᠤᠲᠠ ᠶᠢᠨ ᠭᠤᠤᠯ ᠴᠣᠭᠴᠠ ᠶᠢᠨ ᠴᠢᠳᠠᠮᠵᠢᠳᠣ ᠣᠷᠣᠨ ᠤ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ | ᠵᠣᠬᠢᠶᠠᠬᠤ ᠶᠢᠨ ᠬᠠᠮᠲᠤ ᠵᠣᠬᠢᠴᠠᠭᠤᠯᠤᠨ ᠬᠡᠷᠡᠭᠵᠢᠭᠦᠯᠬᠦ ᠪᠠ ᠬᠢᠨᠠᠨ ᠬᠡᠮᠵᠢᠵᠦ ᠦᠨᠡᠯᠡᠨ ᠵᠢᠱᠢᠬᠦ ᠶᠢ ᠡᠭᠦᠷᠭᠡᠯᠡᠨ᠎ᠡ︔ ᠪᠦᠬᠦ ᠬᠤᠳᠠ ᠶᠢᠨ ᠣᠷᠣᠨ ᠪᠦᠰᠡ ᠶᠢ | ᠵᠣᠬᠢᠴᠠᠩᠭᠤᠶ ᠪᠠᠷ ᠬᠥᠭᠵᠢᠭᠦᠯᠬᠦ ᠪᠠ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠲᠥᠯᠥᠪᠵᠢᠭᠦᠯᠭᠡ ᠪᠠ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ | ᠵᠣᠬᠢᠶᠠᠨ ᠪᠠᠶᠢᠭᠤᠯᠤᠨ ᠳᠤᠭᠤᠷᠪᠢᠨ ᠲᠣᠭᠲᠠᠭᠠᠵᠤ᠂ ᠬᠤᠳᠠ ᠪᠠᠯᠭᠠᠰᠤᠵᠢᠯᠳᠠ ᠶᠢᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠪᠠ ᠲᠦᠷᠦ ᠶᠢᠨ ᠪᠤᠳᠤᠯᠭ᠎ᠠ ᠶᠢᠨ | ᠰᠠᠨᠠᠭᠤᠯᠭ᠎ᠠ ᠶᠢ ᠰᠤᠳᠤᠯᠤᠨ ᠳᠤᠷᠠᠳᠤᠨ᠎ᠠ︔ ᠪᠦᠬᠦ ᠬᠤᠳᠠ ᠶᠢᠨ ᠨᠡᠭᠡᠭᠡᠯᠳᠠ ᠶᠢᠨ ᠤᠷᠦᠠ ᠤ ᠲᠥᠯᠥᠪᠵᠢᠭᠦᠯᠭᠡ ᠪᠠ ᠬᠥᠭᠵᠢᠯᠲᠡ ᠶᠢᠨ ᠠᠵᠢᠯ ᠢ ᠶᠡᠷᠦᠩᠬᠡᠶᠢᠯᠡᠨ | ᠵᠣᠬᠢᠴᠠᠭᠤᠯᠤᠨ᠎ᠠ᠃ | ︵ᠠᠷᠪᠠᠨ ᠬᠤᠶᠠᠷ︶ ᠪᠥᠬᠦ ᠬᠤᠲᠠ ᠶᠢᠨ ᠴᠢᠬᠤᠯᠠ ᠲᠠᠸᠠᠷ ᠤᠨ ᠶᠡᠷᠦᠩᠬᠡᠶ ᠬᠡᠮᠵᠢᠶ᠎ᠡ ᠶᠢ ᠲᠡᠩᠴᠡᠭᠦᠷᠢᠲᠡᠶ ᠪᠠᠶᠢᠯᠭᠠᠬᠤ ᠪᠠ ᠬᠤᠷᠸ᠎ᠠ ᠲᠣᠬᠢᠷᠠᠭᠤᠯᠤᠯᠲᠠ ᠶᠢᠨ | ᠬᠠᠷᠢᠭᠤᠴᠠᠯᠭ᠎ᠠ ᠶᠢ ᠡᠭᠦᠷᠭᠡᠯᠡᠵᠦ᠂ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ᠂ ᠠᠵᠤ ᠦᠢᠯᠡᠳᠪᠦᠷᠢ ᠶᠢᠨ ᠦᠢᠯᠡᠳᠬᠦᠨ ᠪᠠ ᠲᠦᠭᠦᠬᠡᠢ ᠮᠠᠲ᠋ᠧᠷᠢᠶᠠᠯ ᠤᠨ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠡᠷᠦᠩᠬᠡᠶ ᠬᠡᠮᠵᠢᠶ᠎ᠡ ᠶᠢᠨ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠲᠠ ᠲᠠᠯᠪᠢᠨ | ᠬᠡᠷᠡᠭᠵᠢᠭᠦᠯᠵᠦ᠂ ᠠᠵᠤ ᠠᠬᠤᠶ ᠶᠢᠨ ᠡᠷᠬᠢᠯᠳᠡ ᠶᠢᠨ ᠪᠠᠶᠢᠳᠠᠯ ᠢ ᠦᠨᠳᠦᠰᠦᠯᠡᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠡᠷᠦᠩᠬᠡᠶ ᠬᠡᠮᠵᠢᠶ᠎ᠡ ᠶᠢᠨ | ᠲᠥᠯᠥᠪᠯᠡᠭᠡ ᠳᠤ ᠲᠣᠬᠢᠷᠠᠭᠤᠯᠤᠯᠲᠠ ᠬᠢᠵᠦ᠂ ᠪᠠᠶᠢᠯᠳᠤᠬᠤ ᠪᠣᠳᠣᠯᠭ᠎ᠠ ᠶᠢᠨ ᠡᠳ᠋ ᠪᠣᠳᠠᠰ ᠤᠨ ᠨᠥᠭᠡᠴᠡᠯᠡᠯᠲᠡ ᠶᠢᠨ ᠲᠥᠯᠥᠪᠵᠢᠭᠦᠯᠭᠡ ᠶᠢ ᠳᠤᠭᠤᠷᠪᠢᠨ ᠲᠣᠭᠲᠠᠭᠠᠨ᠎ᠠ︔ | ᠪᠦᠬᠦ ᠬᠤᠳᠠ ᠶᠢᠨ ᠪᠠᠶᠢᠯᠳᠤᠬᠤ ᠪᠤᠳᠤᠯᠭ᠎ᠠ ᠶᠢᠨ ᠡᠳ᠋ ᠪᠣᠳᠠᠰ ᠢ ᠬᠤᠳᠠᠯᠳᠤᠨ ᠠᠪᠴᠤ ᠨᠥᠭᠡᠴᠡᠯᠡᠬᠦ᠂ ᠬᠡᠷᠡᠭᠯᠡᠬᠦ᠂ ᠡᠭᠡᠯᠵᠢᠯᠡᠨ ᠰᠣᠯᠢᠬᠤ ᠪᠠ ᠬᠠᠮᠢᠶᠠᠷᠬᠤ ᠠᠵᠢᠯ ᠢ | ᠬᠠᠷᠢᠭᠤᠴᠠᠨ ᠵᠣᠬᠢᠶᠠᠨ ᠪᠠᠶᠢᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠬᠤᠳᠠ ᠶᠢᠨ ᠠᠮᠤ ᠪᠤᠳᠠᠭ᠎ᠠ ᠪᠠ ᠢᠳᠡᠰᠢᠨ ᠰᠢᠬᠢᠷ | ᠵᠡᠷᠭᠡ ᠶᠢᠨ ᠨᠥᠭᠡᠴᠡ ᠶᠢ ᠬᠠᠮᠢᠶᠠᠷᠤᠨ᠎ᠠ᠃ | ︵ᠠᠷᠪᠠᠨ ᠭᠤᠷᠪᠠ︶ ᠪᠥᠬᠦ ᠬᠤᠲᠠ ᠶᠢᠨ ᠨᠡᠶᠢᠭᠡᠮ ᠤᠨ ᠬᠥᠭᠵᠢᠯᠲᠡ ᠬᠢᠭᠡᠳ ᠤᠯᠤᠰ ᠠᠷᠠᠳ ᠤᠨ ᠠᠵᠤ ᠠᠬᠤᠶ ᠶᠢᠨ ᠬᠥᠭᠵᠢᠯᠲᠡ ᠶᠢᠨ ᠲᠥᠷᠥ ᠶᠢᠨ | ᠪᠣᠳᠣᠯᠭ᠎ᠠ ᠶᠢ ᠠᠪᠴᠠᠯᠳᠤᠭᠤᠯᠬᠤ ᠶᠢ ᠬᠠᠷᠢᠭᠤᠴᠠᠵᠤ᠂ ᠨᠡᠶᠢᠭᠡᠮ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠲᠥᠯᠥᠪᠵᠢᠭᠦᠯᠭᠡ ᠪᠠ ᠤᠨ ᠤ ᠲᠥᠯᠦᠪᠯᠡᠯᠭᠡ ᠶᠢ | ᠵᠣᠬᠢᠶᠠᠨ ᠪᠠᠶᠢᠭᠤᠯᠤᠨ ᠳᠤᠭᠤᠷᠪᠢᠨ ᠲᠣᠭᠲᠠᠭᠠᠨ᠎ᠠ︔ ᠪᠥᠬᠦ ᠬᠤᠲᠠ ᠶᠢᠨ ᠨᠡᠶᠢᠭᠡᠮ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠲᠣᠭᠲᠠᠭᠠᠯ ᠢ ᠲᠤᠭᠤᠷᠪᠢᠨ | ᠲᠣᠭᠲᠠᠭᠠᠬᠤ ᠳᠤ ᠣᠷᠣᠯᠴᠠᠵᠤ᠂ ᠪᠥᠬᠦ ᠬᠤᠲᠠ ᠶᠢᠨ ᠠᠵᠢᠯ ᠣᠯᠭᠤᠯᠲᠠ ᠶᠢ ᠠᠬᠢᠭᠤᠯᠬᠤ᠂ ᠣᠷᠤᠯᠭ᠎ᠠ ᠶᠢᠨ ᠬᠤᠪᠢᠶᠠᠷᠢᠯᠠᠯᠲᠠ ᠳᠤ ᠲᠣᠬᠢᠷᠠᠭᠤᠯᠤᠯᠲᠠ ᠬᠢᠬᠦ᠂ | ᠨᠡᠶᠢᠭᠡᠮ ᠤᠨ ᠪᠠᠲᠤᠯᠠᠭ᠎ᠠ ᠶᠢ ᠲᠡᠭᠦᠯᠳᠡᠷᠵᠢᠭᠦᠯᠬᠦ ᠬᠢᠭᠡᠳ ᠠᠵᠤ ᠠᠬᠤᠶ ᠶᠢ ᠵᠣᠬᠢᠴᠠᠩᠭᠤᠶ ᠪᠠᠷ ᠬᠦᠭᠵᠢᠬᠦᠯᠬᠦ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ | ᠰᠤᠳᠤᠯᠤᠨ ᠳᠤᠷᠠᠳᠤᠨ᠎ᠠ︔ ᠨᠡᠶᠢᠭᠡᠮ ᠤᠨ ᠦᠢᠯᠡᠰ ᠤᠨ ᠬᠥᠭᠵᠢᠯᠲᠡ ᠪᠠ ᠥᠭᠡᠷᠡᠴᠢᠯᠡᠯᠲᠡ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ᠎ᠠ᠃ | ︵ᠠᠷᠪᠠᠨ ᠳᠥᠷᠪᠡ︶ ᠪᠥᠬᠦ ᠬᠤᠲᠠ ᠶᠢᠨ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢ ᠶᠡᠷᠦᠩᠬᠡᠶᠢᠯᠡᠨ | ᠵᠣᠬᠢᠴᠠᠭᠤᠯᠬᠤ ᠠᠵᠢᠯ ᠢ ᠬᠠᠷᠢᠭᠤᠴᠠᠵᠤ᠂ ᠡᠷᠬᠢᠯᠳᠡᠳᠤ ᠠᠵᠤ ᠠᠬᠤᠶ ᠶᠢ ᠬᠥᠭᠵᠢᠭᠦᠯᠬᠦ᠂ ᠪᠥᠬᠦ ᠨᠡᠶᠢᠭᠡᠮ ᠤᠨ ᠡᠬᠢ ᠪᠠᠶᠠᠯᠢᠭ ᠢ ᠠᠷᠪᠢᠯᠠᠬᠤ ᠪᠠ ᠶᠡᠷᠦᠩᠬᠡᠶᠢᠯᠡᠨ | ᠠᠰᠢᠭᠯᠠᠬᠤ ᠲᠥᠯᠥᠪᠵᠢᠭᠦᠯᠭᠡ ᠵᠢᠴᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠳᠤᠭᠤᠷᠪᠢᠨ ᠲᠣᠭᠲᠠᠭᠠᠬᠤ ᠶᠢᠨ ᠬᠠᠮᠲᠤ ᠵᠣᠬᠢᠴᠠᠭᠤᠯᠤᠨ | ᠬᠡᠷᠡᠭᠵᠢᠭᠦᠯᠦᠨ᠎ᠡ︔ ᠠᠮᠢ ᠠᠬᠤᠶ ᠶᠢᠨ ᠪᠦᠳᠦᠭᠡᠨ ᠪᠠᠶᠢᠭᠤᠯᠤᠯᠲᠠ᠂ ᠣᠷᠴᠢᠨ ᠳᠤᠭᠤᠷᠢᠨ ᠤ ᠬᠠᠮᠠᠭᠠᠯᠠᠯᠲᠠ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ | ᠳᠤ ᠤᠷᠤᠯᠴᠠᠵᠤ᠂ ᠠᠮᠢ ᠠᠬᠤᠶ ᠶᠢᠨ ᠪᠦᠳᠦᠭᠡᠨ ᠪᠠᠶᠢᠭᠤᠯᠤᠯᠲᠠ᠂ ᠡᠨᠧᠷᠭᠢ ᠶᠢᠨ ᠡᠬᠢ ᠪᠠᠶᠠᠯᠢᠭ ᠢ ᠠᠷᠪᠢᠯᠠᠬᠤ ᠪᠠ ᠶᠡᠷᠦᠩᠬᠡᠶᠢᠯᠡᠨ ᠠᠰᠢᠭᠯᠠᠬᠤ ᠴᠢᠬᠤᠯᠠ ᠶᠡᠭᠡ | ᠠᠰᠠᠭᠤᠳᠠᠯ ᠢ ᠵᠣᠬᠢᠴᠠᠭᠤᠯᠵᠤ᠂ ᠪᠦᠬᠦ ᠬᠤᠳᠠ ᠶᠢᠨ ᠣᠷᠴᠢᠨ ᠳᠤᠭᠤᠷᠢᠨ ᠤ ᠬᠠᠮᠠᠭᠠᠯᠠᠯᠲᠠ ᠶᠢᠨ ᠠᠵᠤ ᠦᠢᠯᠡᠰ ᠪᠠ ᠴᠡᠪᠡᠷ ᠦᠢᠯᠡᠳᠪᠦᠷᠢᠯᠡᠯ ᠢ ᠶᠡᠷᠦᠩᠬᠡᠶᠢᠯᠡᠨ | ᠵᠣᠬᠢᠴᠠᠭᠤᠯᠤᠨ᠎ᠠ︔ ᠬᠤᠯᠪᠣᠭᠳᠠᠯ ᠪᠦᠬᠦᠢ ᠠᠵᠢᠯ ᠢ ᠠᠬᠢᠭᠤᠯᠤᠨ᠎ᠠ᠃ | ︵ᠠᠷᠪᠠᠨ ᠲᠠᠪᠤ︶ ᠤᠯᠤᠰ᠂ ᠥᠪᠡᠷᠲᠡᠭᠡᠨ ᠵᠠᠰᠠᠬᠤ ᠣᠷᠣᠨ ᠤ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠴᠢᠬᠤᠯᠠ ᠶᠡᠭᠡ ᠪᠠᠶᠢᠯᠳᠤᠬᠤ | ᠪᠣᠳᠣᠯᠭ᠎ᠠ᠂ ᠲᠥᠯᠥᠪᠵᠢᠭᠦᠯᠭᠡ ᠪᠠ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠪᠦᠬᠦ ᠬᠤᠳᠠ ᠶᠢᠨ ᠠᠭᠤᠷ ᠠᠮᠢᠰᠬᠤᠯ ᠤᠨ | ᠬᠤᠪᠢᠷᠠᠯᠲᠠ ᠶᠢ ᠠᠷᠭᠠᠴᠠᠬᠤ ᠲᠥᠯᠥᠪᠵᠢᠭᠦᠯᠭᠡ ᠪᠠ ᠲᠦᠷᠦ ᠶᠢᠨ ᠪᠤᠳᠤᠯᠭ᠎ᠠ ᠶᠢ ᠵᠣᠬᠢᠶᠠᠨ ᠪᠠᠶᠢᠭᠤᠯᠵᠤ ᠲᠤᠭᠤᠷᠪᠢᠨ ᠲᠣᠭᠲᠠᠭᠠᠨ᠎ᠠ᠃ | ︵ᠠᠷᠪᠠᠨ ᠵᠢᠷᠭᠤᠭ᠎ᠠ︶ ᠪᠦᠬᠦ ᠬᠤᠳᠠ ᠶᠢᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ᠂ ᠠᠵᠤ ᠠᠬᠤᠶ ᠶᠢᠨ ᠪᠠᠶᠢᠭᠤᠯᠤᠯ ᠤᠨ | ᠥᠭᠡᠷᠡᠴᠢᠯᠡᠯᠲᠡ ᠪᠠ ᠭᠠᠳᠠᠭᠠᠳᠤ ᠲᠠᠢ ᠴᠢᠯᠦᠭᠡᠳᠡᠢ ᠶᠠᠪᠤᠯᠴᠠᠬᠤ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠳᠦᠷᠢᠮ ᠲᠣᠭᠲᠠᠭᠠᠯ ᠵᠢᠴᠢ ᠵᠢᠷᠤᠮᠵᠢᠯ ᠤᠨ ᠴᠢᠨᠠᠷᠳᠠᠢ | ᠪᠤᠰᠤᠳ ᠪᠢᠴᠢᠭ ᠮᠠᠲ᠋ᠧᠷᠢᠶᠠᠯ ᠢ ᠲᠤᠭᠤᠷᠪᠢᠨ ᠪᠢᠴᠢᠨ᠎ᠡ︔ ᠪᠦᠬᠦ ᠬᠤᠲᠠ ᠶᠢᠨ ᠳᠠᠭᠠᠭᠠᠴᠢᠯᠠᠯᠲᠠ ᠵᠠᠷᠯᠠᠬᠤ ᠪᠠ ᠬᠦᠯᠢᠶᠡᠬᠦ ᠠᠵᠢᠯ ᠢ ᠳᠤᠭᠳᠠᠭᠠᠭᠰᠠᠨ ᠡᠷᠬᠡ | ᠮᠡᠳᠡᠯ ᠤᠨ ᠬᠡᠪᠴᠢᠶ᠎ᠡ ᠶᠤᠰᠤᠭᠠᠷ ᠬᠠᠮᠢᠶᠠᠷᠤᠨ ᠵᠢᠯᠣᠭᠤᠳᠤᠨ᠎ᠠ︔ ᠤᠯᠤᠰ᠂ ᠥᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ ᠠᠬᠤᠶ ᠶᠢᠨ bt365备用网址_365国际体育官网_365bet体育在线投注官网 | ᠳᠠᠶᠢᠴᠢᠯᠠᠯᠲᠠ ᠶᠢᠨ ᠲᠥᠷᠥ ᠶᠢᠨ ᠪᠣᠳᠣᠯᠭ᠎ᠠ᠂ ᠲᠥᠯᠥᠪᠵᠢᠭᠦᠯᠭᠡ᠂ ᠲᠥᠯᠥᠪᠯᠡᠭᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠵᠣᠬᠢᠶᠠᠨ | ᠪᠠᠶᠢᠭᠤᠯᠤᠨ ᠲᠤᠭᠤᠷᠪᠢᠨ ᠲᠣᠭᠲᠠᠭᠠᠵᠤ᠂ ᠪᠥᠬᠦ ᠬᠤᠲᠠ ᠶᠢᠨ ᠤᠯᠤᠰ ᠠᠷᠠᠳ ᠤᠨ ᠠᠵᠤ ᠠᠬᠤᠶ ᠶᠢᠨ ᠳᠠᠶᠢᠴᠢᠯᠠᠯᠲᠠ ᠶᠢᠨ ᠬᠠᠮᠢᠶ᠎ᠠ ᠪᠥᠬᠦᠶ ᠠᠵᠢᠯ ᠢ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ᠃ | ︵ᠠᠷᠪᠠᠨ ᠳᠣᠯᠤᠭ᠎ᠠ︶ ᠴᠢᠬᠤᠯᠠ ᠶᠡᠭᠡ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠮᠥᠷᠳᠡᠨ ᠪᠠᠶᠢᠴᠠᠭᠠᠬᠤ ᠬᠠᠷᠢᠭᠤᠴᠠᠯᠭ᠎ᠠ ᠶᠢ ᠡᠭᠦᠷᠭᠡᠯᠡᠵᠦ᠂ | ᠬᠠᠮᠢᠶ᠎ᠠ ᠪᠥᠬᠦᠶ ᠠᠵᠢᠯ ᠲᠥᠷᠥᠯ ᠪᠠ ᠣᠷᠣᠨ ᠨᠤᠲᠤᠭ ᠤᠨ ᠤᠯᠤᠰ᠂ ᠥᠪᠡᠷᠲᠡᠭᠡᠨ ᠵᠠᠰᠠᠬᠤ ᠣᠷᠣᠨ ᠪᠠ ᠪᠥᠬᠦ ᠬᠤᠲᠠ ᠶᠢᠨ ᠪᠠᠯᠠ ᠣᠷᠣᠭᠤᠯᠤᠯᠲᠠ ᠶᠢᠨ | ᠲᠥᠷᠥ ᠶᠢᠨ ᠪᠣᠳᠣᠯᠭ᠎ᠠ ᠪᠠ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠵᠦ ᠪᠠᠶᠢᠭ᠎ᠠ ᠪᠠᠶᠢᠳᠠᠯ ᠢ ᠮᠥᠷᠳᠡᠨ ᠪᠠᠶᠢᠴᠠᠭᠠᠨ᠎ᠠ︔ ᠲᠥᠪ᠂ ᠥᠪᠡᠷᠲᠡᠭᠡᠨ ᠵᠠᠰᠠᠬᠤ ᠣᠷᠣᠨ | ᠪᠠ ᠪᠥᠬᠦ ᠬᠤᠲᠠ ᠶᠢᠨ ᠡᠳ᠋ ᠤᠨ ᠵᠠᠰᠠᠭ ᠤᠨ ᠴᠢᠨᠠᠷᠲᠠᠶ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢᠨ ᠪᠠᠯᠠ ᠣᠷᠣᠭᠤᠯᠤᠯᠲᠠ ᠶᠢᠨ ᠲᠣᠬᠢᠷᠠᠭᠤᠯᠤᠯᠲᠠ ᠶᠢ | ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠯᠳᠠ ᠬᠢᠬᠦ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ︵ᠠᠷᠪᠠᠨ ᠨᠠᠢᠮᠠ︶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠵᠦᠢᠯᠡᠰ ᠢ ᠳᠠᠭᠠᠭᠠᠨ ᠭᠦᠢᠴᠡᠳᠬᠡᠨ᠎ᠡ᠃ | ᠬᠤᠶᠠᠷ᠂ ᠳᠣᠲᠣᠭᠠᠳᠤ ᠶᠢᠨ ᠪᠠᠶᠢᠭᠤᠯᠤᠮᠵᠢ | ︵ᠨᠢᠭᠡ︶ ᠠᠯᠪᠡᠠ ᠭᠡᠷ᠄ ᠪᠠᠶᠢᠭᠤᠯᠭ᠎ᠠ ᠵᠢᠴᠢ ᠬᠠᠮᠢᠶᠠᠷᠴᠤ ᠪᠠᠶᠢᠭ᠎ᠠ ᠨᠢᠭᠡᠴᠡ ᠶᠢᠨ ᠪᠢᠴᠢᠭ ᠮᠠᠲ᠋ᠧᠷᠢᠶᠠᠯ ᠴᠠᠬᠢᠯᠭᠠᠨ ᠮᠡᠳᠡᠭᠡ ᠶᠢ ᠰᠢᠢᠳᠪᠦᠷᠢᠯᠡᠬᠦ᠂ ᠬᠤᠷᠠᠯ ᠤᠨ | ᠶᠠᠪᠤᠳᠠᠯ᠂ ᠨᠠᠷᠢᠨ ᠪᠢᠴᠢᠭᠡᠴᠢ᠂ ᠨᠢᠭᠤᠴᠠ ᠮᠠᠲ᠋ᠧᠷᠢᠶᠠᠯ᠂ ᠳᠠᠩᠰᠠ ᠡᠪᠬᠡᠮᠡᠯ ᠵᠡᠷᠭᠡ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ︔ ᠪᠠᠶᠢᠭᠤᠯᠭ᠎ᠠ | ᠵᠢᠴᠢ ᠬᠠᠮᠢᠶᠠᠷᠴᠤ ᠪᠠᠶᠢᠭ᠎ᠠ ᠨᠢᠭᠡᠴᠡ ᠶᠢᠨ ᠠᠮᠤᠷ ᠲᠦᠪᠰᠢᠨ ᠨᠢᠭᠤᠴᠠ ᠶᠢ ᠬᠠᠮᠠᠭᠠᠯᠠᠬᠤ᠂ ᠵᠠᠬᠢᠳᠠᠯ ᠰᠤᠷᠪᠤᠯᠵᠢᠯᠠᠭ᠎ᠠ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ | ᠳᠦᠷᠢᠮ ᠲᠣᠭᠲᠠᠭᠠᠯ ᠤᠨ ᠪᠠᠶᠢᠭᠤᠯᠤᠯᠲᠠ ᠵᠡᠷᠭᠡ ᠠᠵᠢᠯ ᠢ ᠡᠭᠦᠷᠭᠡᠯᠡᠨ᠎ᠡ︔ ᠪᠠᠶᠢᠭᠤᠯᠭ᠎ᠠ ᠵᠢᠴᠢ ᠬᠠᠮᠢᠶᠠᠷᠴᠤ ᠪᠠᠶᠢᠭ᠎ᠠ ᠨᠢᠭᠡᠴᠡ ᠶᠢᠨ ᠡᠳ᠋ ᠤᠨ ᠶᠠᠪᠤᠳᠠᠯ᠂ ᠡᠳ᠋ | ᠬᠥᠷᠦᠩᠭᠡ ᠶᠢᠨ ᠬᠠᠮᠢᠶᠠᠷᠤᠯᠲᠠ᠂ ᠳᠣᠲᠤᠭᠠᠳᠤᠬᠢ ᠬᠢᠨᠠᠨ ᠪᠣᠳᠣᠯᠲᠠ ᠵᠡᠷᠭᠡ ᠠᠵᠢᠯ ᠢ ᠬᠠᠷᠢᠭᠤᠴᠠᠨ᠎ᠠ᠃ ᠰᠣᠨᠢᠨ ᠮᠡᠳᠡᠭᠡᠨ ᠤ ᠤᠬᠠᠭᠤᠯᠭ᠎ᠠ ᠪᠠ ᠮᠡᠳᠡᠭᠡ ᠵᠠᠩᠭᠢ ᠶᠢ | ᠬᠥᠲᠥᠯᠥᠨ ᠵᠢᠯᠣᠭᠤᠳᠬᠤ ᠠᠵᠢᠯ ᠢ ᠡᠭᠦᠷᠭᠡᠯᠡᠨ᠎ᠡ︔ ᠪᠠᠶᠢᠭᠤᠯᠭ᠎ᠠ ᠵᠢᠴᠢ ᠬᠠᠮᠢᠶᠠᠷᠴᠤ ᠪᠠᠶᠢᠭ᠎ᠠ ᠨᠢᠭᠡᠴᠡ ᠶᠢᠨ ᠪᠠᠶᠢᠭᠤᠯᠤᠮᠵᠢ ᠣᠷᠣᠨ ᠲᠤᠭ᠎ᠠ᠂ ᠠᠵᠢᠯᠲᠠᠨ ᠤ | ᠶᠠᠪᠤᠳᠠᠯ ᠤᠨ ᠬᠠᠮᠢᠶᠠᠷᠤᠯᠲᠠ᠂ ᠡᠩᠨᠡᠭᠡᠨ ᠤ ᠪᠠᠶᠢᠭᠤᠯᠤᠯᠲᠠ᠂ ᠬᠥᠮᠦᠵᠢᠯ ᠪᠣᠯᠪᠠᠰᠤᠷᠠᠭᠤᠯᠤᠯ ᠵᠡᠷᠭᠡ ᠠᠵᠢᠯ ᠢ ᠬᠠᠷᠢᠭᠤᠴᠠᠨ᠎ᠠ᠃ | ︵ᠬᠤᠶᠠᠷ︶ ᠬᠥᠭᠵᠢᠯᠲᠡ ᠲᠥᠯᠥᠪᠵᠢᠭᠦᠯᠭᠡ ᠶᠢᠨ ᠰᠠᠯᠠᠭ᠎ᠠ᠄ ᠪᠦᠬᠦ ᠬᠤᠳᠠ ᠶᠢᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ | ᠪᠠᠶᠢᠯᠳᠤᠬᠤ ᠪᠤᠳᠤᠯᠭ᠎ᠠ᠂ ᠦᠢᠯᠡᠳᠪᠦᠷᠢᠯᠡᠯ ᠤᠨ ᠬᠦᠴᠦᠨ ᠤ ᠪᠠᠶᠢᠷᠢᠯᠠᠭᠤᠯᠤᠯᠳᠠ ᠶᠢ ᠲᠥᠯᠥᠪᠵᠢᠭᠦᠯᠬᠦ ᠰᠠᠨᠠᠭᠤᠯᠭ᠎ᠠ ᠶᠢ ᠳᠤᠷᠠᠳᠤᠨ᠎ᠠ︔ ᠤᠯᠤᠰ ᠠᠷᠠᠳ ᠤᠨ ᠠᠵᠤ | ᠠᠬᠤᠶ ᠪᠠ ᠨᠡᠶᠢᠭᠡᠮ ᠤᠨ ᠳᠤᠮᠳᠠ ᠤᠷᠳᠤ ᠬᠤᠭᠤᠴᠠᠭᠠᠨ ᠤ ᠬᠥᠭᠵᠢᠯᠲᠡ᠂ ᠶᠡᠷᠦᠩᠬᠡᠶ ᠬᠡᠮᠵᠢᠶ᠎ᠡ ᠶᠢ ᠲᠡᠩᠴᠡᠭᠦᠷᠢᠲᠡᠶ ᠪᠠᠶᠢᠯᠭᠠᠬᠤ ᠵᠢᠴᠢ ᠪᠦᠲᠦᠴᠡ ᠶᠢ | ᠲᠣᠬᠢᠷᠠᠭᠤᠯᠬᠤ ᠬᠠᠷᠠᠯᠲᠠ ᠪᠠ ᠲᠦᠷᠦ ᠶᠢᠨ ᠪᠤᠳᠤᠯᠭ᠎ᠠ ᠶᠢ ᠳᠤᠷᠠᠳᠤᠨ᠎ᠠ︔ ᠪᠥᠬᠦ ᠬᠤᠲᠠ ᠶᠢᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ | ᠬᠥᠭᠵᠢᠯᠲᠡ ᠶᠢᠨ ᠳᠤᠮᠳᠠ ᠤᠷᠳᠤ ᠬᠤᠭᠤᠴᠠᠭᠠᠨ ᠤ ᠲᠥᠯᠥᠪᠵᠢᠭᠦᠯᠭᠡ᠂ ᠴᠢᠳᠠᠮᠵᠢᠳᠤ ᠣᠷᠣᠨ ᠤ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠳᠤᠭᠤᠷᠪᠢᠨ | ᠳᠤᠭᠳᠠᠭᠠᠵᠤ᠂ ᠲᠥᠯᠥᠪᠵᠢᠭᠦᠯᠭᠡ ᠶᠢ ᠬᠡᠷᠡᠭᠵᠢᠭᠦᠯᠦᠭᠰᠡᠨ ᠪᠠᠶᠢᠳᠠᠯ ᠳᠤ ᠬᠢᠨᠠᠨ ᠬᠡᠮᠵᠢᠯᠲᠡ ᠪᠠ ᠦᠨᠡᠯᠡᠯᠲᠡ ᠬᠢᠨ᠎ᠠ︔ ᠬᠤᠲᠠ ᠪᠠᠯᠭᠠᠰᠤᠵᠢᠯᠲᠠ ᠶᠢ ᠠᠬᠢᠭᠤᠯᠬᠤ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠ ᠴᠢᠬᠤᠯᠠ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠳᠤᠷᠠᠳᠤᠨ᠎ᠠ︔ ᠪᠦᠬᠦ ᠬᠤᠲᠠ ᠶᠢᠨ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠴᠢᠬᠤᠯᠠ ᠲᠤᠰᠬᠠᠶ ᠲᠥᠯᠥᠪᠵᠢᠭᠦᠯᠭᠡ ᠪᠠ ᠣᠷᠣᠨ ᠪᠦᠰᠡ ᠶᠢᠨ ᠲᠥᠯᠥᠪᠵᠢᠭᠦᠯᠭᠡ ᠶᠢ ᠨᠢᠭᠡᠳᠦᠯᠲᠡᠶ ᠲᠥᠯᠥᠪᠯᠡᠨ ᠵᠣᠬᠢᠴᠠᠭᠤᠯᠤᠨ᠎ᠠ᠃ | | ︵ᠭᠤᠷᠪᠠ︶ ᠤᠯᠤᠰ ᠠᠷᠠᠳ ᠤᠨ ᠠᠵᠤ ᠠᠬᠤᠶ ᠶᠢᠨ ᠶᠡᠷᠦᠩᠬᠡᠶ ᠰᠠᠯᠠᠭ᠎ᠠ᠄ ᠪᠦᠬᠦ ᠬᠤᠳᠠ ᠶᠢᠨ ᠠᠵᠤ ᠠᠬᠤᠢ ᠶᠢᠨ ᠪᠠᠶᠢᠳᠠᠯ ᠪᠠ ᠤᠯᠤᠰ ᠤᠨ ᠳᠣᠲᠣᠭᠠᠳᠤ | ᠭᠠᠳᠠᠭᠠᠳᠤ ᠶᠢᠨ ᠠᠵᠤ ᠠᠬᠤᠢ ᠶᠢᠨ ᠬᠥᠭᠵᠢᠯᠲᠡ ᠶᠢᠨ ᠬᠤᠪᠢᠷᠠᠯᠲᠠ ᠶᠢ ᠬᠢᠨᠠᠨ ᠬᠡᠮᠵᠢᠵᠦ ᠵᠠᠳᠠᠯᠤᠨ ᠰᠢᠨᠵᠢᠯᠡᠵᠦ᠂ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢ | ᠤᠷᠢᠳᠴᠢᠯᠠᠨ ᠲᠥᠰᠦᠭᠡᠯᠡᠵᠦ ᠤᠷᠢᠳᠴᠢᠯᠠᠨ ᠰᠡᠷᠡᠮᠵᠢᠯᠡᠬᠦᠯᠦᠨ᠎ᠡ︔ ᠶᠡᠷᠦᠩᠬᠡᠶ ᠬᠡᠮᠵᠢᠶ᠎ᠡ ᠶᠢ ᠲᠡᠩᠴᠡᠭᠦᠷᠢᠲᠡᠶ ᠪᠠᠶᠢᠯᠭᠠᠬᠤ ᠶᠢ ᠰᠤᠳᠤᠯᠵᠤ᠂ ᠠᠵᠤ ᠠᠬᠤᠶ ᠶᠢ | ᠲᠣᠬᠢᠷᠠᠭᠤᠯᠬᠤ ᠬᠠᠷᠠᠯᠲᠠ ᠵᠢᠴᠢ ᠡᠯ᠎ᠡ ᠵᠦᠢᠯ ᠤᠨ ᠠᠵᠤ ᠠᠬᠤᠢ ᠶᠢᠨ ᠠᠷᠭ᠎ᠠ ᠪᠠᠷᠢᠯ ᠪᠠ ᠲᠦᠷᠦ ᠶᠢᠨ ᠪᠤᠳᠤᠯᠭ᠎ᠠ ᠶᠢ ᠬᠡᠷᠡᠭᠯᠡᠬᠦ ᠰᠠᠨᠠᠭᠤᠯᠭ᠎ᠠ ᠶᠢ ᠳᠤᠷᠠᠳᠤᠨ᠎ᠠ︔ | ᠬᠤᠷᠸ᠎ᠠ ᠲᠣᠬᠢᠷᠠᠭᠤᠯᠤᠯᠲᠠ ᠶᠢᠨ ᠲᠥᠷᠥ ᠶᠢᠨ ᠪᠣᠳᠣᠯᠭ᠎ᠠ ᠳᠤ ᠦᠨᠡᠯᠡᠨ ᠵᠢᠱᠢᠯᠲᠡ ᠬᠢᠨ᠎ᠠ︔ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ | ᠣᠨ ᠤ ᠲᠥᠯᠥᠪᠯᠡᠭᠡ ᠶᠢ ᠵᠣᠬᠢᠶᠠᠨ ᠪᠠᠶᠢᠭᠤᠯᠵᠤ ᠳᠤᠭᠤᠷᠪᠢᠨ ᠲᠣᠭᠲᠠᠭᠠᠨ᠎ᠠ︔ ᠣᠨ ᠤ ᠴᠢᠬᠤᠯᠠ ᠲᠠᠸᠠᠷ ᠢ ᠲᠡᠩᠴᠡᠭᠦᠷᠢᠲᠡᠢ ᠪᠠᠶᠢᠯᠭᠠᠬᠤ ᠶᠡᠷᠦᠩᠬᠡᠢ ᠬᠡᠮᠵᠢᠶ᠎ᠡ ᠶᠢᠨ | ᠬᠠᠷᠠᠯᠲᠠ ᠪᠠ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ ᠶᠢ ᠳᠤᠷᠠᠳᠤᠨ᠎ᠠ︔ ᠪᠦᠬᠦ ᠬᠤᠳᠠ ᠶᠢᠨ ᠴᠢᠬᠤᠯᠠ ᠡᠳ᠋ ᠪᠣᠳᠠᠰ ᠢ ᠨᠥᠭᠡᠴᠡᠯᠡᠬᠦ | ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ ᠶᠢ ᠳᠤᠷᠠᠳᠴᠤ᠂ ᠪᠦᠬᠦ ᠬᠤᠳᠠ ᠶᠢᠨ ᠴᠢᠬᠤᠯᠠ ᠡᠳ᠋ ᠪᠣᠳᠠᠰ ᠢ ᠨᠥᠭᠡᠴᠡᠯᠡᠬᠦ ᠲᠥᠯᠥᠪᠯᠡᠭᠡ ᠶᠢ ᠲᠤᠭᠤᠷᠪᠢᠨ ᠲᠣᠭᠲᠠᠭᠠᠬᠤ | ᠶᠢᠨ ᠬᠠᠮᠳᠤ ᠵᠣᠬᠢᠴᠠᠭᠤᠯᠤᠨ᠎ᠠ︔ ᠪᠥᠬᠦ ᠬᠤᠲᠠ ᠶᠢᠨ ᠠᠵᠤ ᠠᠬᠤᠶ ᠶᠢᠨ ᠠᠮᠦᠷ ᠲᠦᠪᠰᠢᠨ ᠪᠠ ᠠᠵᠤ ᠦᠢᠯᠡᠰ ᠤᠨ ᠶᠡᠷᠦᠩᠬᠡᠶ ᠠᠮᠤᠷ ᠲᠦᠪᠰᠢᠨ ᠤ ᠪᠠᠶᠢᠯᠳᠤᠬᠤ | ᠪᠣᠳᠣᠯᠭ᠎ᠠ ᠵᠢᠴᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠵᠣᠬᠢᠶᠠᠨ ᠪᠠᠶᠢᠭᠤᠯᠤᠨ ᠰᠤᠳᠤᠯᠬᠤ ᠪᠠ ᠳᠤᠷᠠᠳᠤᠨ᠎ᠠ︔ ᠪᠦᠬᠦ ᠬᠤᠳᠠ ᠶᠢᠨ ᠠᠵᠤ ᠠᠬᠤᠶ ᠶᠢᠨ | ᠪᠠᠶᠢᠭᠤᠯᠤᠯ ᠤᠨ ᠥᠭᠡᠷᠡᠴᠢᠯᠡᠯᠲᠡ ᠪᠠ ᠭᠠᠳᠠᠭᠠᠳᠤ ᠲᠠᠢ ᠴᠢᠯᠤᠭᠡᠳᠡᠢ ᠶᠠᠪᠤᠯᠴᠠᠬᠤ ᠴᠢᠬᠤᠯᠠ ᠠᠰᠠᠭᠤᠳᠠᠯ ᠢ ᠰᠤᠳᠤᠯᠤᠨ᠎ᠠ︔ ᠠᠵᠤ ᠠᠬᠤᠶ ᠶᠢᠨ ᠪᠠᠶᠢᠭᠤᠯᠤᠯ ᠤᠨ | ᠥᠭᠡᠷᠡᠴᠢᠯᠡᠯᠲᠡ ᠶᠢ ᠵᠢᠯᠣᠭᠤᠳᠤᠨ ᠠᠬᠢᠭᠤᠯᠬᠤ ᠪᠠ ᠶᠡᠷᠦᠩᠬᠡᠶᠢᠯᠡᠨ ᠵᠣᠬᠢᠴᠠᠭᠤᠯᠤᠨ᠎ᠠ︔ ᠪᠦᠬᠦ ᠬᠤᠳᠠ ᠶᠢᠨ ᠠᠵᠤ ᠠᠬᠤᠶ ᠶᠢᠨ ᠪᠠᠶᠢᠭᠤᠯᠤᠯ ᠤᠨ ᠶᠡᠷᠦᠩᠬᠡᠶᠢᠯᠡᠭᠰᠡᠨ | ᠴᠢᠨᠠᠷᠲᠠᠶ ᠥᠭᠡᠷᠡᠴᠢᠯᠡᠯᠲᠡ ᠶᠢᠨ ᠲᠥᠰᠦᠯ ᠢ ᠵᠤᠬᠢᠶᠠᠨ ᠪᠠᠶᠢᠭᠤᠯᠤᠨ ᠳᠤᠭᠤᠷᠪᠢᠨ ᠳᠤᠭᠳᠠᠭᠠᠨ᠎ᠠ︔ ᠠᠵᠤ ᠠᠬᠤᠶ ᠶᠢᠨ ᠪᠠᠶᠢᠭᠤᠯᠤᠯ ᠤᠨ ᠲᠤᠰᠬᠠᠶ | ᠥᠭᠡᠷᠡᠴᠢᠯᠡᠯᠲᠡ ᠶᠢ ᠵᠤᠬᠢᠴᠠᠭᠤᠯᠤᠨ ᠠᠬᠢᠭᠤᠯᠤᠨ᠎ᠠ︔ ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠢᠭ ᠪᠠ | ᠥᠭᠡᠷᠡᠴᠢᠯᠡᠯᠲᠡ ᠶᠢᠨ ᠲᠤᠷᠰᠢᠯᠲᠠ ᠶᠢᠨ ᠣᠷᠣᠨ ᠤ ᠠᠵᠢᠯ ᠢ ᠵᠢᠯᠤᠭᠤᠳᠤᠨ᠎ᠠ︔ ᠠᠵᠤ ᠠᠬᠤᠢ ᠶᠢᠨ ᠪᠠᠶᠢᠭᠤᠯᠤᠯ᠂ ᠨᠡᠶᠢᠭᠡᠮ ᠤᠨ ᠠᠵᠢᠯ ᠦᠢᠯᠡᠰ ᠤᠨ | ᠥᠭᠡᠷᠡᠴᠢᠯᠡᠯᠲᠡ ᠶᠢᠨ ᠠᠬᠢᠴᠠ ᠳᠠᠬᠢ ᠴᠢᠬᠤᠯᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ | ︵ᠲᠥᠷᠪᠡ︶ ᠲᠣᠭᠲᠠᠮᠠᠯ ᠬᠥᠷᠦᠩᠭᠡ ᠶᠢᠨ ᠪᠡᠯᠡ ᠣᠷᠣᠭᠤᠯᠤᠯᠲᠠ ᠶᠢᠨ ᠰᠠᠯᠠᠭ᠎ᠠ ︵ᠤᠯᠤᠰ ᠠᠷᠠᠳ ᠤᠨ ᠠᠵᠤ ᠠᠬᠤᠶ ᠶᠢᠨ ᠲᠠᠶᠢᠴᠢᠯᠠᠯᠳᠠ ᠶᠢᠨ ᠠᠯᠪᠡᠠ | ᠭᠡᠷ︶᠄ ᠪᠦᠬᠦ ᠬᠤᠳᠠ ᠪᠦᠬᠦ ᠨᠡᠶᠢᠭᠡᠮ ᠤᠨ ᠲᠣᠭᠲᠠᠮᠠᠯ ᠬᠥᠷᠦᠩᠭᠡ ᠶᠢᠨ ᠪᠡᠯᠡ ᠣᠷᠣᠭᠤᠯᠤᠯᠲᠠ ᠶᠢᠨ ᠪᠠᠶᠢᠳᠠᠯ ᠢ ᠬᠢᠨᠠᠨ ᠬᠡᠮᠵᠢᠵᠦ ᠵᠠᠳᠠᠯᠤᠨ ᠰᠢᠨᠵᠢᠯᠡᠵᠦ᠂ ᠪᠦᠬᠦ | ᠬᠤᠳᠠ ᠪᠦᠬᠦ ᠨᠡᠶᠢᠭᠡᠮ ᠤᠨ ᠲᠣᠭᠲᠠᠮᠠᠯ ᠬᠥᠷᠦᠩᠭᠡ ᠶᠢᠨ ᠪᠡᠯᠡ ᠣᠷᠣᠭᠤᠯᠤᠯᠲᠠ ᠶᠢᠨ ᠬᠡᠪᠴᠢᠶ᠎ᠡ ᠪᠠ ᠪᠡᠯᠡ ᠣᠷᠣᠭᠤᠯᠤᠯᠲᠠ ᠶᠢᠨ ᠪᠦᠲᠦᠴᠡ ᠶᠢ ᠲᠣᠬᠢᠷᠠᠭᠤᠯᠤᠨ | ᠡᠵᠡᠮᠳᠡᠬᠦ ᠬᠠᠷᠠᠯᠲᠠ᠂ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠲᠤᠭᠤᠷᠪᠢᠨ ᠳᠤᠭᠳᠠᠭᠠᠨ᠎ᠠ᠃ ᠪᠦᠬᠦ ᠬᠤᠳᠠ ᠪᠦᠬᠦ ᠨᠡᠶᠢᠭᠡᠮ ᠤᠨ ᠲᠣᠭᠲᠠᠮᠠᠯ ᠬᠥᠷᠦᠩᠭᠡ ᠶᠢᠨ | ᠪᠡᠯᠡ ᠣᠷᠤᠭᠤᠯᠤᠯᠲᠠ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠳᠦᠷᠢᠮ ᠲᠣᠭᠲᠠᠭᠠᠯ ᠤᠨ ᠲᠥᠰᠦᠯ ᠢ ᠲᠤᠭᠤᠷᠪᠢᠨ᠎ᠠ︔ ᠬᠤᠲᠠ ᠶᠢᠨ | ᠡᠳ᠋ ᠤᠨ ᠵᠠᠰᠠᠭ ᠤᠨ ᠴᠢᠨᠠᠷᠲᠠᠶ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢ ᠳᠣᠭᠢᠷᠠᠭᠤᠯᠵᠤ᠂ ᠴᠢᠬᠤᠯᠠ ᠶᠡᠭᠡ ᠪᠥᠲᠥᠭᠡᠨ ᠪᠠᠶᠢᠭᠤᠯᠤᠯᠲᠠ ᠶᠢᠨ ᠲᠥᠷᠥᠯ | ᠵᠦᠢᠯ ᠢ ᠲᠣᠭᠲᠠᠭᠰᠠᠨ ᠡᠷᠬᠡ ᠮᠡᠳᠡᠯ ᠤᠨ ᠬᠡᠪᠴᠢᠶ᠎ᠡ ᠶᠤᠰᠤᠭᠠᠷ ᠬᠢᠨᠠᠨ ᠬᠠᠷᠭᠤᠭᠤᠯᠤᠨ᠎ᠠ︔ ᠪᠦᠬᠦ ᠬᠤᠲᠠ ᠶᠢᠨ ᠢᠨᠵᠧᠨᠧᠷᠢᠩ ᠤᠨ ᠯᠠᠪᠯᠠᠯᠭ᠎ᠠ ᠶᠢᠨ ᠦᠢᠯᠡᠰ ᠤᠨ | ᠬᠦᠭᠵᠢᠯᠳᠡ ᠶᠢ ᠵᠢᠯᠤᠭᠤᠳᠤᠨ᠎ᠠ︔ ᠪᠦᠬᠦ ᠬᠤᠳᠠ ᠶᠢᠨ ᠤᠯᠤᠰ ᠠᠷᠠᠳ ᠤᠨ ᠠᠵᠤ ᠠᠬᠤᠶ ᠶᠢᠨ ᠲᠠᠶᠢᠴᠢᠯᠠᠯᠳᠠ ᠶᠢᠨ ᠲᠥᠯᠥᠪᠵᠢᠭᠦᠯᠭᠡ᠂ ᠲᠥᠯᠥᠪᠯᠡᠭᠡ ᠶᠢ ᠵᠣᠬᠢᠶᠠᠨ | ᠪᠠᠶᠢᠭᠤᠯᠵᠤ ᠳᠤᠭᠤᠷᠪᠢᠨ ᠳᠤᠭᠳᠠᠭᠠᠨ᠎ᠠ︔ ᠤᠯᠤᠰ ᠠᠷᠠᠳ ᠤᠨ ᠠᠵᠤ ᠠᠬᠤᠶ ᠶᠢᠨ ᠲᠠᠶᠢᠴᠢᠯᠠᠯᠳᠠ ᠬᠢᠭᠡᠳ ᠤᠯᠤᠰ ᠠᠷᠠᠳ ᠤᠨ ᠠᠵᠤ ᠠᠬᠤᠶ᠂ ᠤᠯᠤᠰ ᠤᠨ | ᠪᠠᠳᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠳᠠ ᠯᠤᠭ᠎ᠠ ᠶᠢᠨ ᠬᠠᠷᠢᠴᠠᠭ᠎ᠠ ᠶᠢ ᠰᠤᠳᠤᠯᠵᠤ᠂ ᠬᠠᠮᠢᠶ᠎ᠠ ᠪᠦᠬᠦᠢ ᠴᠢᠬᠤᠯᠠ ᠠᠰᠠᠭᠤᠳᠠᠯ ᠢ ᠵᠣᠬᠢᠴᠠᠭᠤᠯᠤᠨ᠎ᠠ︔ | ᠤᠯᠤᠰ ᠠᠷᠠᠳ ᠤᠨ ᠠᠵᠤ ᠠᠬᠤᠶ ᠶᠢᠨ ᠳᠠᠶᠢᠴᠢᠯᠠᠯᠲᠠ ᠶᠢᠨ ᠬᠤᠯᠪᠣᠭᠳᠠᠯ ᠪᠦᠬᠦᠢ ᠠᠵᠢᠯ ᠢ ᠵᠣᠬᠢᠶᠠᠨ ᠪᠠᠶᠢᠭᠤᠯᠤᠨ ᠭᠡᠷᠡᠭᠵᠢᠬᠦᠯᠤᠨ᠎ᠠ︔ ᠤᠯᠤᠰ ᠠᠷᠠᠳ ᠤᠨ ᠠᠵᠤ | ᠠᠬᠤᠶ ᠶᠢ ᠡᠩ ᠤᠨ ᠦᠶ᠎ᠡ ᠠᠴᠠ ᠲᠠᠶᠢᠨ ᠤ ᠦᠶ᠎ᠡ ᠲᠡᠰᠢ ᠬᠤᠪᠢᠷᠠᠭᠤᠯᠬᠤ ᠴᠢᠳᠠᠪᠤᠷᠢ ᠶᠢᠨ ᠪᠠᠶᠢᠭᠤᠯᠤᠯᠳᠠ ᠶᠢ ᠵᠤᠬᠢᠴᠠᠭᠤᠯᠤᠨ᠎ᠠ︔ ᠪᠥᠬᠦ ᠬᠤᠲᠠ ᠶᠢᠨ ᠠᠵᠤ | ᠠᠬᠤᠶ ᠶᠢᠨ ᠡᠷᠬᠢᠯᠳᠡ ᠶᠢᠨ ᠳᠤᠮᠳᠠᠬᠢ ᠴᠢᠬᠤᠯᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ bt365备用网址_365国际体育官网_365bet体育在线投注官网 | ︵ᠲᠠᠪᠤ︶ ᠭᠠᠳᠠᠭᠠᠳᠤ ᠪᠡᠯᠡ ᠮᠥᠩᠭᠦ ᠶᠢ ᠠᠰᠢᠭᠯᠠᠬᠤ ᠰᠠᠯᠠᠭ᠎ᠠ᠄ ᠪᠦᠬᠦ ᠬᠤᠳᠠ ᠶᠢᠨ ᠭᠠᠳᠠᠭᠠᠳᠤ ᠪᠡᠯᠡ ᠮᠦᠩᠬᠦ ᠶᠢ ᠠᠰᠢᠭᠯᠠᠬᠤ ᠪᠠ ᠬᠢᠯᠢ ᠶᠢᠨ ᠭᠠᠳᠠᠨᠠᠬᠢ | ᠪᠡᠯᠡ ᠣᠷᠤᠭᠤᠯᠤᠯᠲᠠ ᠶᠢᠨ ᠲᠥᠯᠥᠪᠵᠢᠭᠦᠯᠭᠡ᠂ ᠶᠡᠷᠦᠩᠬᠡᠶ ᠬᠡᠮᠵᠢᠶ᠎ᠡ ᠶᠢ ᠲᠡᠩᠴᠡᠭᠦᠷᠢᠲᠡᠶ ᠪᠠᠶᠢᠯᠭᠠᠬᠤ ᠪᠠ ᠪᠦᠲᠦᠴᠡ ᠶᠢ ᠰᠢᠯᠢᠳᠡᠭᠵᠢᠭᠦᠯᠬᠦ ᠬᠠᠷᠠᠯᠲᠠ᠂ ᠲᠦᠷᠦ ᠶᠢᠨ | ᠪᠤᠳᠤᠯᠭ᠎ᠠ ᠶᠢ ᠰᠤᠳᠤᠯᠤᠨ ᠳᠤᠷᠠᠳᠴᠤ᠂ ᠬᠠᠮᠢᠶ᠎ᠠ ᠪᠦᠬᠦᠢ ᠴᠢᠬᠤᠯᠠ ᠲᠦᠷᠦ ᠶᠢᠨ ᠪᠤᠳᠤᠯᠭ᠎ᠠ ᠶᠢ ᠵᠣᠬᠢᠴᠠᠭᠤᠯᠤᠨ᠎ᠠ︔ ᠪᠥᠬᠦ ᠬᠤᠲᠠ ᠶᠢᠨ ᠪᠥᠬᠦ ᠰᠢᠰᠲ᠋ᠧᠮ ᠤᠨ | ᠭᠠᠳᠠᠭᠠᠳᠤ ᠵᠢᠭᠡᠯᠡᠯᠭᠡ ᠶᠢᠨ ᠶᠡᠷᠦᠩᠬᠡᠶ ᠬᠡᠮᠵᠢᠶ᠎ᠡ ᠶᠢ ᠡᠵᠡᠮᠳᠡᠬᠦ᠂ ᠪᠦᠲᠦᠴᠡ ᠶᠢ ᠰᠢᠯᠢᠳᠡᠭᠵᠢᠭᠦᠯᠬᠦ ᠪᠠ ᠬᠢᠨᠠᠨ ᠬᠡᠮᠵᠢᠬᠦ ᠠᠵᠢᠯ ᠢ ᠡᠭᠦᠷᠭᠡᠯᠡᠨ᠎ᠡ︔ ᠬᠤᠯᠪᠣᠭᠳᠠᠯ ᠪᠦᠬᠦᠢ | ᠰᠠᠯᠠᠭ᠎ᠠ ᠮᠥᠴᠢᠷ ᠲᠠᠢ ᠬᠠᠮᠲᠤᠷᠠᠨ ᠭᠠᠳᠠᠭᠠᠳᠤ ᠶᠢᠨ ᠵᠢᠭᠡᠯᠡᠯᠭᠡ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠵᠤ ᠲᠤᠭᠤᠷᠪᠢᠨ ᠲᠣᠭᠲᠠᠭᠠᠬᠤ ᠶᠢᠨ ᠬᠠᠮᠳᠤ | ᠰᠤᠩᠭᠤᠬᠤ ᠪᠡᠯᠡᠳᠭᠡᠯ ᠴᠢᠬᠤᠯᠠ ᠶᠡᠭᠡ ᠵᠦᠢᠯᠡᠰ ᠢ ᠳᠤᠷᠠᠳᠤᠨ᠎ᠠ︔ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠬᠤ ᠵᠦᠢᠯᠡᠰ᠂ ᠭᠠᠳᠠᠭᠠᠳᠤ ᠶᠢᠨ | ᠵᠢᠭᠡᠯᠡᠯᠭᠡ ᠶᠢᠨ ᠪᠡᠯᠡ ᠣᠷᠣᠭᠤᠯᠤᠯᠲᠠ ᠶᠢᠨ ᠵᠦᠢᠯᠡᠰ᠂ ᠬᠢᠯᠢ ᠶᠢᠨ ᠭᠠᠳᠠᠨᠠᠬᠢ ᠡᠬᠢ ᠪᠠᠶᠠᠯᠢᠭ ᠢ ᠨᠡᠭᠡᠭᠡᠨ ᠠᠰᠢᠭᠯᠠᠬᠤ ᠲᠦᠷᠦᠯ ᠤᠨ ᠪᠡᠯᠡ ᠣᠷᠣᠭᠤᠯᠤᠯᠲᠠ ᠶᠢᠨ | ᠵᠦᠢᠯᠡᠰ ᠪᠠ ᠶᠡᠭᠡ ᠲᠣᠭᠠᠨ ᠤ ᠭᠤᠪᠢᠭᠤᠯᠭ᠎ᠠ ᠬᠡᠷᠡᠭᠯᠡᠬᠦ ᠪᠡᠯᠡ ᠣᠷᠣᠭᠤᠯᠤᠯᠲᠠ ᠶᠢᠨ ᠵᠦᠢᠯᠡᠰ ᠢ ᠳᠤᠭᠳᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠬᠢᠨᠠᠨ | ᠬᠠᠷᠭᠤᠭᠤᠯᠤᠨ᠎ᠠ᠃ | ︵ᠵᠢᠷᠭᠤᠭ᠎ᠠ︶ ᠭᠠᠵᠠᠷ ᠣᠷᠤᠨ ᠤ ᠠᠵᠤ ᠠᠬᠤᠢ ᠶᠢᠨ ᠰᠠᠯᠠᠭ᠎ᠠ᠄ ᠪᠦᠬᠦ ᠬᠤᠳᠠ ᠶᠢᠨ ᠣᠷᠣᠨ ᠪᠦᠰᠡ ᠶᠢᠨ ᠠᠵᠤ ᠠᠬᠤᠢ ᠶᠢᠨ ᠬᠥᠭᠵᠢᠯᠲᠡ ᠶᠢᠨ | ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠳᠤᠭᠤᠷᠪᠢᠨ ᠲᠣᠭᠲᠠᠭᠠᠵᠤ᠂ ᠣᠷᠣᠨ ᠪᠦᠰᠡ ᠶᠢᠨ ᠠᠵᠤ ᠠᠬᠤᠢ ᠶᠢᠨ ᠬᠥᠭᠵᠢᠯᠲᠡ ᠶᠢᠨ ᠴᠢᠬᠤᠯᠠ ᠲᠦᠷᠦ ᠶᠢᠨ | ᠪᠤᠳᠤᠯᠭ᠎ᠠ ᠶᠢᠨ ᠰᠠᠨᠠᠭᠤᠯᠭ᠎ᠠ ᠶᠢ ᠳᠤᠷᠠᠳᠤᠨ᠎ᠠ︔ ᠤᠯᠤᠰ ᠤᠨ ᠭᠠᠵᠠᠷ ᠰᠢᠷᠤᠢ ᠶᠢ ᠴᠡᠭᠴᠡᠯᠡᠨ ᠵᠠᠰᠠᠬᠤ᠂ ᠨᠡᠭᠡᠭᠡᠯᠳᠡ ᠬᠢᠵᠤ ᠠᠰᠢᠭᠯᠠᠬᠤ ᠪᠠ ᠬᠠᠮᠠᠭᠠᠯᠠᠬᠤ ᠶᠢ | ᠵᠣᠬᠢᠴᠠᠭᠤᠯᠵᠤ᠂ ᠭᠠᠵᠠᠷ ᠰᠢᠷᠣᠶ ᠪᠠ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠳᠤ ᠣᠷᠣᠯᠴᠠᠵᠤ᠂ ᠤᠰᠤᠨ ᠤ | ᠰᠤᠷᠪᠤᠯᠵᠢ ᠶᠢ ᠲᠡᠩᠴᠡᠭᠦᠷᠢᠲᠡᠶ ᠪᠠᠶᠢᠯᠭᠠᠬᠤ ᠪᠠ ᠠᠷᠪᠢᠯᠠᠨ ᠭᠠᠮᠨᠠᠬᠤ᠂ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠪᠠ ᠣᠷᠴᠢᠨ ᠲᠣᠭᠤᠷᠢᠨ ᠢ ᠴᠡᠭᠴᠡᠯᠡᠨ ᠵᠠᠰᠠᠬᠤ | ᠂ ᠭᠠᠵᠠᠷ ᠰᠢᠷᠣᠶ ᠪᠠ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠲᠥᠯᠥᠪᠵᠢᠭᠦᠯᠭᠡ ᠪᠠ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠳᠤ | ᠣᠷᠣᠯᠴᠠᠨ᠎ᠠ︔ ᠴᠢᠳᠠᠮᠵᠢᠳᠤ ᠣᠷᠣᠨ ᠤ ᠲᠥᠯᠥᠪᠵᠢᠭᠦᠯᠭᠡ ᠶᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ᠂ | ᠶᠠᠳᠠᠭᠤ ᠬᠦᠴᠢᠷᠳᠡᠯ ᠲᠠᠢ ᠭᠠᠵᠠᠷ ᠣᠷᠤᠨ ᠤ ᠠᠵᠤ ᠠᠬᠤᠢ ᠶᠢ ᠨᠡᠭᠡᠭᠡᠨ ᠬᠥᠭᠵᠢᠭᠦᠯᠬᠦ ᠲᠥᠯᠥᠪᠯᠡᠭᠡ ᠪᠠ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ | ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ︔ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢ ᠠᠬᠢᠭᠤᠯᠬᠤ | ᠪᠠᠶᠢᠯᠳᠤᠬᠤ ᠪᠤᠳᠤᠯᠭ᠎ᠠ᠂ ᠲᠥᠯᠥᠪᠵᠢᠭᠦᠯᠭᠡ ᠪᠠ ᠴᠢᠬᠤᠯᠠ ᠶᠡᠭᠡ ᠲᠦᠷᠦ ᠶᠢᠨ ᠪᠤᠳᠤᠯᠭ᠎ᠠ ᠶᠢ ᠵᠣᠬᠢᠴᠠᠭᠤᠯᠤᠨ ᠨᠠᠶᠢᠳᠠᠪᠤᠷᠢᠵᠢᠭᠤᠯᠵᠤ᠂ ᠴᠢᠬᠤᠯᠠ ᠶᠡᠭᠡ ᠵᠦᠢᠯᠡᠰ ᠤᠨ | ᠪᠠᠶᠢᠷᠢᠰᠢᠭᠤᠯᠤᠯᠲᠠ ᠶᠢᠨ ᠰᠠᠨᠠᠭᠤᠯᠭ᠎ᠠ ᠶᠢ ᠳᠤᠷᠠᠳᠬᠤ ᠶᠢᠨ ᠬᠠᠮᠲᠤ ᠵᠣᠬᠢᠴᠠᠭᠤᠯᠤᠨ ᠬᠡᠷᠡᠭᠵᠢᠭᠦᠯᠦᠨ᠎ᠡ︔ ᠪᠦᠬᠦ ᠬᠤᠳᠠ ᠶᠢᠨ ᠨᠡᠭᠡᠭᠡᠯᠳᠠ ᠶᠢᠨ ᠤᠷᠦᠠ ᠤ | ᠲᠥᠯᠥᠪᠵᠢᠭᠦᠯᠭᠡ ᠪᠠ ᠬᠥᠭᠵᠢᠯᠲᠡ ᠶᠢᠨ ᠠᠵᠢᠯ ᠢ ᠶᠡᠷᠦᠩᠬᠡᠶᠢᠯᠡᠨ ᠵᠣᠬᠢᠴᠠᠭᠤᠯᠤᠨ᠎ᠠ᠃ | ︵ᠲᠤᠯᠤᠭ᠎ᠠ︶ ᠲᠠᠷᠢᠶᠠᠯᠠᠬᠤ ᠮᠠᠯᠵᠢᠬᠤ ᠣᠷᠣᠨ ᠤ ᠠᠵᠤ ᠠᠬᠤᠶ ᠶᠢᠨ ᠰᠠᠯᠠᠭ᠎ᠠ᠄ ᠪᠥᠬᠦ ᠬᠤᠲᠠ ᠶᠢᠨ ᠲᠠᠷᠢᠶᠠᠯᠠᠩ ᠮᠠᠯ ᠠᠵᠤ ᠠᠬᠤᠶ ᠪᠠ ᠮᠠᠯᠵᠢᠬᠤ | ᠲᠠᠷᠢᠶᠠᠯᠠᠬᠤ ᠣᠷᠣᠨ ᠤ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠢ ᠵᠠᠳᠠᠯᠤᠨ ᠰᠤᠳᠤᠯᠵᠤ᠂ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠢ ᠶᠢᠨ | ᠬᠥᠭᠵᠢᠯᠲᠡ ᠶᠢᠨ ᠲᠥᠯᠥᠪᠵᠢᠭᠦᠯᠭᠡ ᠵᠢᠴᠢ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠤᠨ᠎ᠠ︔ ᠪᠥᠬᠦ ᠬᠤᠲᠠ ᠶᠢᠨ ᠲᠠᠷᠢᠶᠠᠯᠠᠩ ᠮᠠᠯ | ᠠᠵᠤ ᠠᠬᠤᠶ ᠪᠠ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠴᠢᠬᠤᠯᠠ ᠠᠰᠠᠭᠤᠳᠠᠯ ᠢ ᠵᠣᠬᠢᠴᠠᠭᠤᠯᠤᠨ᠎ᠠ︔ ᠲᠠᠷᠢᠶᠠᠯᠠᠩ | ᠠᠵᠤ ᠠᠬᠤᠢ᠂ ᠮᠠᠯ ᠠᠵᠤ ᠠᠬᠤᠶ᠂ ᠣᠶ ᠰᠢᠭᠤᠶ᠂ ᠤᠰᠤᠨ ᠠᠰᠢᠭᠯᠠᠯᠲᠠ᠂ ᠴᠠᠭ ᠠᠭᠤᠷ᠂ ᠠᠮᠢ ᠠᠬᠤᠶ᠂ ᠲᠠᠷᠢᠶᠠᠯᠠᠩ ᠮᠠᠯ ᠠᠵᠤ ᠠᠬᠤᠶ ᠶᠢᠨ ᠠᠵᠤ | ᠦᠶᠯᠡᠰᠵᠢᠯᠲᠡ ᠵᠡᠷᠭᠡ ᠬᠥᠭᠵᠢᠯᠲᠡ ᠶᠢᠨ ᠲᠥᠯᠥᠪᠵᠢᠭᠦᠯᠭᠡ᠂ ᠲᠥᠯᠥᠪᠯᠡᠭᠡ ᠶᠢ ᠠᠪᠴᠠᠯᠳᠤᠭᠤᠯᠤᠨ ᠲᠡᠩᠴᠡᠭᠦᠷᠢᠰᠢᠭᠦᠯᠵᠦ᠂ ᠴᠢᠬᠤᠯᠠ ᠶᠡᠭᠡ ᠲᠥᠷᠥᠯ ᠵᠦᠢᠯ ᠤᠨ | ᠪᠠᠶᠢᠷᠢᠰᠢᠭᠤᠯᠤᠯᠲᠠ ᠶᠢᠨ ᠰᠠᠨᠠᠭᠤᠯᠭ᠎ᠠ ᠶᠢ ᠳᠤᠷᠠᠳᠬᠤ ᠶᠢᠨ ᠬᠠᠮᠲᠤ ᠵᠣᠬᠢᠶᠠᠨ ᠪᠠᠶᠢᠭᠤᠯᠤᠨ ᠵᠣᠬᠢᠴᠠᠭᠤᠯᠵᠤ ᠬᠡᠷᠡᠭᠵᠢᠭᠦᠯᠦᠨ᠎ᠡ᠃ | ︵ᠨᠠᠢᠮᠠ︶ ᠰᠠᠭᠤᠷᠢ ᠠᠵᠤ ᠦᠢᠯᠡᠰ ᠤᠨ ᠰᠠᠯᠠᠭ᠎ᠠ᠄ ᠪᠥᠬᠦ ᠬᠤᠲᠠ ᠶᠢᠨ ᠵᠠᠮ ᠲᠡᠭᠡᠭᠡᠪᠦᠷᠢ ᠶᠢᠨ ᠬᠥᠭᠵᠢᠯᠲᠡ ᠶᠢ ᠤᠯᠤᠰ ᠠᠷᠠᠳ ᠤᠨ ᠠᠵᠤ ᠠᠬᠤᠶ ᠪᠠ | ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ᠂ ᠲᠥᠯᠥᠪᠯᠡᠭᠡ ᠯᠦᠭᠡ ᠠᠪᠴᠠᠯᠳᠤᠭᠤᠯᠵᠤ ᠲᠡᠩᠴᠡᠭᠦᠷᠢᠲᠡᠶ ᠪᠠᠶᠢᠯᠭᠠᠬᠤ ᠶᠢ ᠨᠢᠭᠡᠳᠦᠯᠲᠡᠶ ᠲᠥᠯᠥᠪᠯᠡᠵᠦ᠂ ᠪᠥᠬᠦ | ᠬᠤᠲᠠ ᠶᠢᠨ ᠵᠠᠮ ᠲᠡᠭᠡᠭᠡᠪᠦᠷᠢ ᠶᠢᠨ ᠣᠳᠣᠬᠢ ᠪᠠᠶᠢᠳᠠᠯ ᠢ ᠶᠡᠷᠦᠩᠬᠡᠶᠢᠯᠡᠨ ᠵᠠᠳᠠᠯᠵᠤ᠂ ᠬᠠᠮᠢᠶ᠎ᠠ ᠪᠥᠬᠦᠶ ᠴᠢᠬᠤᠯᠠ ᠠᠰᠠᠭᠤᠳᠠᠯ ᠢ ᠵᠣᠬᠢᠴᠠᠭᠤᠯᠤᠨ᠂ ᠬᠠᠮᠢᠶ᠎ᠠ ᠪᠥᠬᠦᠶ | ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠳᠤᠰᠬᠠᠢ ᠰᠠᠭᠤᠷᠢ ᠮᠥᠩᠭᠦ ᠪᠠ ᠲᠥᠰᠦᠪ ᠤᠨ | ᠳᠣᠲᠣᠷᠠᠬᠢ ᠪᠡᠯᠡ ᠣᠷᠣᠭᠤᠯᠤᠯᠲᠠ ᠶᠢᠨ ᠰᠠᠨᠠᠯ ᠢ ᠳᠤᠷᠠᠳᠤᠨ᠎ᠠ᠃ | ︵ᠶᠢᠰᠦ︶ ᠨᠡᠭᠦᠷᠡᠰᠦ ᠪᠠᠷ ᠦᠢᠯᠡᠳᠤᠭ᠍ᠰᠡᠨ ᠲᠦᠯᠡᠰᠢ ᠶᠢᠨ ᠰᠠᠯᠠᠭ᠎ᠠ ︵ᠤᠤᠯ ᠤᠨ ᠲᠦᠯᠦᠪᠵᠢᠬᠦᠯᠭᠡ ᠲᠣᠨᠣᠭᠯᠠᠯ ᠪᠠ ᠴᠢᠯᠠᠭᠤᠨ ᠲᠤᠰᠤ ᠪᠠᠶᠢᠭᠠᠯᠢ ᠶᠢᠨ | ᠰᠢᠲᠠᠮᠠᠬᠠᠶ ᠬᠡᠢ ᠶᠢᠨ ᠰᠠᠯᠠᠭ᠎ᠠ︶ ᠡᠨᠧᠷᠭᠢ ᠶᠢᠨ ᠬᠦᠷᠢᠶ᠎ᠡ ᠴᠠᠷᠠᠭᠠᠨ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠳᠡ ᠪᠠ ᠲᠣᠨᠣᠭᠯᠠᠯ ᠤᠨ ᠬᠤᠯᠪᠣᠭᠳᠠᠯ ᠪᠦᠬᠦᠢ | ᠠᠵᠢᠯ ᠢ ᠡᠭᠦᠷᠭᠡᠯᠡᠨ᠎ᠡ︔ ᠨᠡᠭᠦᠷᠡᠰᠦ ᠪᠠᠷ ᠦᠢᠯᠡᠳᠤᠭ᠍ᠰᠡᠨ ᠲᠦᠯᠡᠰᠢ ᠶᠢ ᠨᠡᠭᠡᠭᠡᠨ ᠠᠰᠢᠭᠯᠠᠬᠤ ᠪᠠᠷᠢᠮᠵᠢᠶ᠎ᠠ ᠶᠢᠨ ᠬᠡᠷᠡᠭᠵᠢᠭᠦᠯᠦᠯᠲᠡ ᠶᠢ ᠠᠬᠢᠭᠤᠯᠤᠨ᠎ᠠ︔ ᠨᠡᠭᠦᠷᠡᠰᠦ ᠪᠠᠷ | ᠦᠢᠯᠡᠳᠤᠭ᠍ᠰᠡᠨ ᠲᠦᠯᠡᠰᠢ᠂ ᠲᠦᠯᠡᠰᠢᠨ ᠡᠲ᠋ᠢᠯ ᠠᠯᠺᠣᠣᠯ ᠤᠨ ᠠᠵᠢᠯ ᠲᠥᠷᠥᠯ ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ︔ ᠨᠡᠭᠦᠷᠡᠰᠦ ᠪᠠᠷ ᠦᠢᠯᠡᠳᠤᠭ᠍ᠰᠡᠨ | ᠲᠦᠯᠡᠰᠢ᠂ ᠲᠦᠯᠡᠰᠢᠨ ᠡᠲ᠋ᠢᠯ ᠠᠯᠺᠣᠣᠯ ᠤᠨ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ | ᠪᠠᠶᠢᠭᠤᠯᠵᠤ ᠬᠡᠷᠡᠭᠵᠢᠭᠦᠯᠦᠨ᠎ᠡ︔ ᠨᠡᠭᠦᠷᠡᠰᠦ ᠪᠠᠷ ᠦᠢᠯᠡᠳᠤᠭ᠍ᠰᠡᠨ ᠲᠦᠯᠡᠰᠢ᠂ ᠳᠦᠯᠡᠰᠢᠨ ᠡᠲ᠋ᠢᠯ ᠠᠯᠺᠣᠣᠯ ᠵᠡᠷᠭᠡ ᠪᠥᠲᠥᠭᠡᠨ ᠪᠠᠶᠢᠭᠤᠯᠤᠯᠲᠠ ᠶᠢᠨ ᠲᠥᠷᠥᠯ | ᠵᠦᠢᠯ ᠢ ᠬᠢᠨᠠᠨ ᠬᠠᠷᠭᠤᠭᠤᠯᠵᠤ ᠭᠤᠶᠤᠴᠢᠯᠠᠨ ᠮᠡᠳᠡᠭᠦᠯᠦᠨ᠎ᠡ︔ ᠤᠯᠤᠰ ᠤᠨ ᠠᠵᠤ ᠦᠢᠯᠡᠰ ᠤᠨ ᠬᠠᠮᠢᠶ᠎ᠠ ᠪᠦᠬᠦᠢ ᠲᠥᠷᠦ ᠶᠢᠨ ᠪᠣᠳᠤᠯᠭ᠎ᠠ ᠪᠠ ᠠᠵᠢᠯ ᠲᠦᠷᠦᠯ ᠤᠨ | ᠪᠠᠷᠢᠮᠵᠢᠶ᠎ᠠ ᠶᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ | ︵ᠠᠷᠪᠠ︶ ᠨᠡᠭᠦᠷᠡᠰᠦᠨ ᠤ ᠰᠠᠯᠠᠭ᠎ᠠ᠄ ᠪᠥᠬᠦ ᠬᠤᠲᠠ ᠶᠢᠨ ᠨᠡᠭᠦᠷᠡᠰᠦᠨ ᠤ ᠨᠡᠭᠡᠭᠡᠯᠳᠡ ᠬᠢᠬᠦ᠂ ᠨᠡᠬᠦᠷᠡᠰᠦᠠ ᠲᠡᠪᠬᠤᠷᠭ᠎ᠠ ᠶᠢᠨ ᠭᠡᠢ᠂ ᠨᠡᠬᠦᠷᠡᠰᠤ ᠶᠢ | ᠪᠤᠯᠪᠠᠰᠤᠷᠠᠭᠤᠯᠤᠨ ᠴᠡᠪᠡᠷ ᠡᠨᠧᠷᠭᠢ ᠶᠢᠨ ᠦᠢᠯᠡᠳᠬᠦᠨ ᠪᠣᠯᠭᠠᠨ ᠬᠤᠪᠢᠷᠠᠭᠤᠯᠬᠤ ᠲᠥᠷᠥᠯ ᠵᠦᠢᠯ ᠪᠠᠶᠢᠭᠤᠯᠬᠤ ᠶᠢ ᠬᠢᠨᠠᠨ ᠪᠠᠶᠢᠴᠠᠭᠠᠬᠤ ᠠᠵᠢᠯ ᠢ ᠡᠭᠦᠷᠭᠡᠯᠡᠨ᠎ᠡ︔ | ᠨᠡᠭᠦᠷᠡᠰᠦᠨ ᠤ ᠲᠥᠷᠥᠯ ᠵᠦᠢᠯ ᠢ ᠬᠢᠨᠠᠨ ᠬᠠᠷᠭᠤᠭᠤᠯᠵᠤ ᠭᠤᠶᠤᠴᠢᠯᠠᠨ ᠮᠡᠳᠡᠭᠦᠯᠵᠦ᠂ ᠬᠤᠯᠪᠣᠭᠳᠠᠯ ᠪᠥᠬᠦᠢ ᠰᠠᠯᠠᠭ᠎ᠠ ᠮᠥᠴᠢᠷ ᠤᠳ ᠢ ᠵᠣᠬᠢᠴᠠᠭᠤᠯᠤᠨ ᠨᠡᠬᠦᠷᠡᠰᠦᠠ | ᠲᠡᠪᠬᠤᠷᠭ᠎ᠠ ᠶᠢᠨ ᠭᠡᠢ ᠶᠢ ᠨᠡᠭᠡᠭᠡᠨ ᠬᠦᠭᠵᠢᠬᠦᠯᠬᠦ᠂ ᠨᠡᠭᠦᠷᠡᠰᠦᠨ ᠤ ᠬᠤᠴᠣᠷᠤᠩᠭᠤᠶ ᠦᠢᠯᠡᠳᠪᠤᠷᠢᠯᠡᠯ ᠤᠨ ᠴᠢᠳᠠᠪᠤᠷᠢ ᠶᠢ ᠰᠢᠭᠰᠢᠭᠳᠡᠭᠦᠯᠬᠦ᠂ ᠨᠡᠭᠦᠷᠡᠰᠦᠨ ᠤ ᠠᠢ | ᠰᠠᠪᠠ ︵ᠨᠡᠭᠦᠷᠡᠰᠦᠨ ᠠᠭᠤᠷᠬᠠᠶ︶ ᠶᠢᠨ ᠭᠠᠯ ᠤᠨᠲᠠᠷᠠᠭᠠᠬᠤ᠂ ᠨᠡᠭᠦᠷᠡᠰᠦᠨ ᠠᠭᠤᠷᠬᠠᠶ ᠶᠢᠨ ᠭᠠᠰ ᠢ ᠰᠡᠷᠭᠡᠶᠢᠯᠡᠨ ᠵᠠᠰᠠᠬᠤ ᠪᠠ ᠠᠰᠢᠭᠯᠠᠬᠤ ᠵᠡᠷᠭᠡ ᠠᠵᠢᠯ ᠢ | ᠥᠷᠨᠢᠭᠦᠯᠦᠨ᠎ᠡ᠃ | ︵ᠠᠷᠪᠠᠨ ᠨᠢᠭᠡ︶ ᠴᠠᠬᠢᠯᠭᠠᠨ ᠬᠦᠴᠦᠨ ᠤ ᠰᠠᠯᠠᠭ᠎ᠠ᠄ ᠪᠦᠬᠦ ᠬᠤᠲᠠ ᠶᠢᠨ ᠴᠠᠬᠢᠯᠭᠠᠨ ᠬᠦᠴᠦᠨ ᠢ ᠨᠡᠭᠡᠭᠡᠨ ᠠᠰᠢᠭᠯᠠᠬᠤ ᠲᠥᠯᠥᠪᠵᠢᠭᠦᠯᠭᠡ ᠶᠢᠨ | ᠬᠠᠮᠢᠶᠠᠷᠤᠯᠲᠠ ᠶᠢᠨ ᠠᠵᠢᠯ ᠢ ᠡᠬᠦᠷᠭᠡᠯᠡᠨ᠎ᠡ︔ ᠢᠯᠴᠢ ᠶᠢᠨ ᠴᠠᠬᠢᠯᠭᠠᠨ ︵ᠢᠯᠴᠢ ᠴᠠᠬᠢᠯᠭᠠᠨ ᠢ ᠬᠠᠮᠲᠤᠷᠠᠨ ᠦᠢᠯᠡᠳᠪᠦᠷᠢᠯᠡᠬᠦ᠂ ᠨᠡᠬᠦᠷᠡᠰᠦᠠ ᠴᠢᠯᠡᠭᠤ ᠵᠡᠷᠭᠡ ᠶᠢ | ᠶᠡᠷᠦᠩᠬᠡᠶᠢᠯᠡᠨ ᠠᠰᠢᠭᠯᠠᠬᠤ ᠴᠠᠬᠢᠯᠭᠠᠨ ᠦᠷᠳᠡᠭᠡ ᠪᠠᠭᠲᠠᠨ᠎ᠠ︶᠂ ᠴᠥᠮ᠎ᠡ ᠶᠢᠨ ᠴᠠᠬᠢᠯᠭᠠᠨ᠂ ᠴᠠᠬᠢᠯᠭᠠᠨ ᠲᠣᠣᠷ ᠵᠡᠷᠭᠡ ᠶᠢ ᠬᠥᠭᠵᠢᠭᠦᠯᠵᠦ ᠨᠡᠭᠡᠭᠡᠨ ᠠᠰᠢᠭᠯᠠᠬᠤ | ᠲᠥᠯᠥᠪᠵᠢᠭᠦᠯᠭᠡ᠂ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠴᠠᠬᠢᠯᠭᠠᠨ ᠬᠦᠴᠦᠨ ᠤ ᠪᠦᠳᠦᠭᠡᠨ | ᠪᠠᠶᠢᠭᠤᠯᠤᠯᠳᠠ ᠶᠢᠨ ᠴᠢᠬᠤᠯᠠ ᠶᠡᠭᠡ ᠲᠥᠷᠥᠯ ᠵᠦᠢᠯ ᠢ ᠬᠢᠨᠠᠨ ᠬᠠᠷᠭᠤᠭᠤᠯᠵᠤ ᠭᠤᠶᠤᠴᠢᠯᠠᠨ ᠮᠡᠳᠡᠭᠦᠯᠦᠨ᠎ᠡ︔ ᠴᠥᠮ᠎ᠡ ᠶᠢᠨ ᠴᠠᠬᠢᠯᠭᠠᠨ ᠤ ᠬᠤᠯᠪᠣᠭᠳᠠᠯ ᠪᠦᠬᠦᠢ | ᠠᠵᠢᠯ ᠳᠤ ᠬᠠᠮᠵᠢᠯᠴᠠᠨ᠎ᠠ᠃ ᠪᠦᠬᠦ ᠬᠤᠲᠠ ᠶᠢᠨ ᠰᠢᠨ᠎ᠡ ᠡᠨᠧᠷᠭᠢ ᠪᠠ ᠳᠠᠬᠢᠨ ᠡᠭᠦᠰᠴᠦ ᠪᠣᠯᠬᠤ ᠡᠨᠧᠷᠭᠢ ᠶᠢ ᠬᠥᠭᠵᠢᠭᠦᠯᠵᠦ ᠨᠡᠭᠡᠭᠡᠨ ᠠᠰᠢᠭᠯᠠᠬᠤ | ᠲᠥᠯᠥᠪᠵᠢᠭᠦᠯᠭᠡ ᠶᠢᠨ ᠬᠠᠮᠢᠶᠠᠷᠤᠯᠲᠠ ᠶᠢᠨ ᠠᠵᠢᠯ ᠢ ᠡᠬᠦᠷᠭᠡᠯᠡᠨ᠎ᠡ︔ ᠰᠢᠨ᠎ᠡ ᠡᠨᠧᠷᠭᠢ᠂ ᠳᠠᠬᠢᠨ ᠡᠭᠦᠰᠴᠦ ᠪᠣᠯᠬᠤ ᠡᠨᠧᠷᠭᠢ ᠪᠠ ᠮᠠᠯᠵᠢᠬᠤ ᠲᠠᠷᠢᠶᠠᠯᠠᠬᠤ ᠣᠷᠣᠨ ᠤ | ᠡᠨᠧᠷᠭᠢ ᠶᠢᠨ ᠬᠥᠭᠵᠢᠯᠲᠡ ᠶᠢ ᠵᠢᠯᠣᠭᠤᠳᠤᠨ ᠵᠣᠬᠢᠴᠠᠭᠤᠯᠤᠨ᠎ᠠ︔ ᠰᠢᠨ᠎ᠡ ᠡᠨᠧᠷᠭᠢ᠂ ᠤᠰᠤᠨ ᠡᠨᠧᠷᠭᠢ᠂ ᠠᠮᠢᠳᠤ ᠪᠣᠳᠠᠰ ᠤᠨ ᠮᠠᠰ ᠡᠨᠧᠷᠭᠢ ᠪᠠ ᠲᠠᠬᠢᠨ ᠡᠭᠦᠰᠴᠦ | ᠪᠣᠯᠬᠤ ᠪᠤᠰᠤᠳ ᠡᠨᠧᠷᠭᠢ ᠶᠢ ᠬᠥᠭᠵᠢᠭᠦᠯᠬᠦ ᠲᠥᠯᠥᠪᠵᠢᠭᠦᠯᠭᠡ᠂ ᠲᠥᠯᠥᠪᠯᠡᠭᠡ ᠪᠠ ᠲᠦᠷᠦ ᠶᠢᠨ ᠪᠤᠳᠤᠯᠭ᠎ᠠ ᠶᠢ ᠵᠣᠬᠢᠶᠠᠨ ᠪᠠᠶᠢᠭᠤᠯᠵᠤ ᠲᠤᠭᠤᠷᠪᠢᠨ | ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠰᠢᠨ᠎ᠡ ᠡᠨᠧᠷᠭᠢ ᠪᠠ ᠲᠠᠬᠢᠨ ᠡᠭᠦᠰᠴᠦ ᠪᠣᠯᠬᠤ ᠡᠨᠧᠷᠭᠢ ᠶᠢᠨ ᠪᠦᠳᠦᠭᠡᠨ ᠪᠠᠶᠢᠭᠤᠯᠤᠯᠲᠠ ᠶᠢᠨ | ᠴᠢᠬᠤᠯᠠ ᠶᠡᠭᠡ ᠵᠦᠢᠯᠡᠰ ᠢ ᠬᠢᠨᠠᠨ ᠬᠠᠷᠭᠤᠭᠤᠯᠤᠨ ᠭᠤᠶᠤᠴᠢᠯᠠᠨ ᠮᠡᠳᠡᠬᠦᠯᠤᠨ᠎ᠡ᠃ | ︵ᠠᠷᠪᠠᠨ ᠬᠤᠶᠠᠷ︶ ᠠᠵᠤ ᠦᠢᠯᠡᠰ ᠢ ᠵᠣᠬᠢᠴᠠᠭᠤᠯᠬᠤ ᠰᠠᠯᠠᠭ᠎ᠠ᠄ ᠪᠥᠬᠦ ᠬᠤᠲᠠ ᠶᠢᠨ ᠠᠵᠤ ᠦᠢᠯᠡᠳᠪᠦᠷᠢ᠂ ᠦᠢᠯᠡᠴᠢᠯᠡᠭᠡᠨ ᠤ ᠦᠢᠯᠡᠰ ᠤᠨ | ᠬᠥᠭᠵᠢᠯᠲᠡ ᠶᠢᠨ ᠴᠢᠬᠤᠯᠠ ᠠᠰᠠᠭᠤᠳᠠᠯ ᠢ ᠵᠠᠳᠠᠯᠤᠨ ᠰᠤᠳᠤᠯᠬᠤ ᠪᠠ ᠵᠣᠬᠢᠴᠠᠭᠤᠯᠤᠨ ᠰᠢᠢᠳᠪᠦᠷᠢᠯᠡᠵᠦ᠂ ᠶᠡᠷᠦᠩᠬᠡᠶᠢᠯᠡᠭᠰᠡᠨ ᠴᠢᠨᠠᠷᠲᠠᠶ ᠠᠵᠤ ᠦᠢᠯᠡᠰ ᠤᠨ | ᠲᠥᠷᠦ ᠶᠢᠨ ᠪᠣᠳᠤᠯᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠵᠤ᠂ ᠶᠡᠷᠦᠩᠬᠡᠶᠢᠯᠡᠭᠰᠡᠨ ᠴᠢᠨᠠᠷᠲᠠᠶ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ | ᠰᠤᠳᠤᠯᠤᠨ ᠳᠤᠷᠠᠳᠤᠨ᠎ᠠ︔ ᠪᠥᠬᠦ ᠬᠤᠲᠠ ᠶᠢᠨ ᠠᠵᠤ ᠦᠢᠯᠡᠳᠪᠦᠷᠢ᠂ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠤᠯᠤᠰ | ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ᠂ ᠲᠥᠯᠥᠪᠯᠡᠭᠡ ᠲᠠᠢ ᠠᠪᠴᠠᠯᠳᠤᠭᠤᠯᠤᠨ ᠲᠡᠩᠴᠡᠭᠦᠷᠢᠲᠡᠶ ᠪᠠᠶᠢᠯᠭᠠᠬᠤ ᠶᠢ | ᠨᠢᠭᠡᠳᠦᠯᠲᠡᠶ ᠲᠥᠯᠥᠪᠯᠡᠨ᠎ᠡ︔ ᠴᠢᠬᠤᠯᠠ ᠶᠡᠭᠡ ᠮᠡᠷᠭᠡᠵᠢᠯ ᠤᠨ ᠲᠣᠨᠣᠭᠯᠠᠯ ᠢ ᠳᠡᠯᠭᠡᠷᠡᠭᠦᠯᠦᠨ ᠬᠡᠷᠡᠭᠯᠡᠬᠦ ᠪᠠ ᠴᠢᠬᠤᠯᠠ ᠶᠡᠭᠡ ᠠᠵᠤ ᠦᠢᠯᠡᠰ ᠤᠨ ᠰᠠᠭᠤᠷᠢᠨ | ᠭᠠᠵᠠᠷ ᠤᠨ ᠪᠦᠳᠦᠭᠡᠨ ᠪᠠᠶᠢᠭᠤᠯᠤᠯᠲᠠ ᠶᠢ ᠵᠣᠬᠢᠴᠠᠭᠤᠯᠤᠨ᠎ᠠ᠃ | ︵ᠠᠷᠪᠠᠨ ᠭᠤᠷᠪᠠ︶ ᠳᠡᠭᠡᠳᠦ ᠮᠡᠷᠭᠡᠵᠢᠯ ᠤᠨ ᠠᠵᠤ ᠦᠢᠯᠡᠰ ᠤᠨ ᠰᠠᠯᠠᠭ᠎ᠠ᠄ ᠪᠥᠬᠦ ᠬᠤᠲᠠ ᠶᠢᠨ ᠳᠡᠭᠡᠳᠦ ᠮᠡᠷᠭᠡᠵᠢᠯ ᠤᠨ ᠠᠵᠤ ᠦᠢᠯᠡᠰ ᠵᠢᠴᠢ ᠠᠵᠤ | ᠦᠢᠯᠡᠰ ᠤᠨ ᠮᠡᠷᠭᠡᠵᠢᠯ ᠤᠨ ᠬᠥᠭᠵᠢᠯᠲᠡ ᠶᠢᠨ ᠪᠠᠶᠢᠳᠠᠯ ᠢ ᠵᠠᠳᠠᠯᠤᠨ ᠰᠤᠳᠤᠯᠵᠤ᠂ ᠪᠥᠬᠦ ᠬᠤᠲᠠ ᠶᠢᠨ ᠳᠡᠭᠡᠳᠦ ᠮᠡᠷᠭᠡᠵᠢᠯ ᠤᠨ ᠠᠵᠤ ᠦᠢᠯᠡᠰ ᠤᠨ ᠬᠥᠭᠵᠢᠯᠲᠡ᠂ | ᠠᠵᠤ ᠦᠢᠯᠡᠰ ᠤᠨ ᠮᠡᠷᠭᠡᠵᠢᠯ ᠤᠨ ᠳᠠᠪᠰᠢᠯᠳᠡ ᠶᠢᠨ ᠪᠠᠶᠢᠯᠳᠤᠬᠤ ᠪᠣᠳᠣᠯᠭ᠎ᠠ᠂ ᠲᠥᠯᠥᠪᠵᠢᠭᠦᠯᠭᠡ ᠪᠠ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ | ᠲᠤᠭᠤᠷᠪᠢᠨ ᠲᠣᠭᠲᠠᠭᠠᠨ᠎ᠠ︔ ᠠᠵᠤ ᠦᠶᠯᠡᠰᠵᠢᠯᠲᠡ ᠶᠢᠨ ᠵᠢᠱᠢᠶ᠎ᠡ ᠦᠵᠡᠭᠦᠯᠬᠦ ᠴᠢᠬᠤᠯᠠ ᠶᠡᠭᠡ ᠪᠠᠷᠢᠯᠭ᠎ᠠ᠂ ᠪᠠᠷᠢᠯᠭ᠎ᠠ ᠶᠢᠨ ᠰᠤᠳᠤᠯᠭᠠᠨ ᠤ ᠲᠥᠪ᠂ ᠪᠠᠷᠢᠯᠭ᠎ᠠ ᠶᠢᠨ | ᠲᠤᠷᠰᠢᠯᠲᠠ ᠶᠢᠨ ᠲᠠᠰᠤᠭ᠂ ᠠᠵᠤ ᠦᠢᠯᠡᠰ ᠤᠨ ᠵᠠᠩᠭᠢᠯᠠᠭ᠎ᠠ ᠶᠢᠨ ᠮᠡᠷᠭᠡᠵᠢᠯ ᠢ ᠨᠡᠭᠡᠭᠡᠨ ᠠᠰᠢᠭᠯᠠᠬᠤ ᠵᠡᠷᠭᠡ ᠴᠢᠬᠤᠯᠠ ᠶᠡᠭᠡ ᠪᠥᠲᠥᠭᠡᠨ ᠪᠠᠶᠢᠭᠤᠯᠤᠯᠲᠠ ᠶᠢᠨ | ᠲᠥᠷᠥᠯ ᠵᠦᠢᠯ ᠢ ᠵᠣᠬᠢᠴᠠᠭᠤᠯᠤᠨ ᠬᠡᠷᠡᠭᠵᠢᠭᠦᠯᠦᠨ᠎ᠡ︔ ᠪᠥᠬᠦ ᠬᠤᠲᠠ ᠶᠢᠨ ᠮᠡᠳᠡᠭᠡ ᠵᠠᠩᠬᠢᠴᠢᠯᠠᠯᠳᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠤᠯᠤᠰ | ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ᠂ ᠲᠥᠯᠥᠪᠯᠡᠭᠡ ᠲᠠᠢ ᠠᠪᠴᠠᠯᠳᠤᠭᠤᠯᠤᠨ ᠲᠡᠩᠴᠡᠭᠦᠷᠢᠲᠡᠶ ᠪᠠᠶᠢᠯᠭᠠᠬᠤ ᠶᠢ | ᠨᠢᠭᠡᠳᠦᠯᠲᠡᠶ ᠲᠥᠯᠥᠪᠯᠡᠨ᠎ᠡ︔ ᠳᠡᠭᠡᠳᠦ ᠰᠢᠨ᠎ᠡ ᠮᠡᠷᠭᠡᠵᠢᠯ ᠢᠶᠠᠷ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠬᠦ ᠵᠡᠷᠭᠡ ᠲᠠᠯ᠎ᠠ ᠶᠢᠨ ᠠᠰᠠᠭᠤᠳᠠᠯ ᠢ | ᠵᠣᠬᠢᠴᠠᠭᠤᠯᠤᠨ ᠰᠢᠢᠳᠪᠦᠷᠢᠯᠡᠨ᠎ᠡ︔ ᠮᠡᠷᠭᠡᠵᠢᠯ ᠤᠨ ᠪᠠᠶᠢᠴᠠᠭᠠᠨ ᠬᠡᠮᠵᠢᠯᠲᠡ ᠪᠠ ᠠᠵᠤ ᠦᠢᠯᠡᠰ ᠰᠤᠷᠭᠠᠭᠤᠯᠢ ᠡᠷᠳᠡᠮ ᠰᠢᠨᠵᠢᠯᠡᠭᠡᠨ ᠤ ᠪᠠᠶᠢᠭᠤᠯᠤᠮᠵᠢ ᠶᠢᠨ | ᠬᠤᠯᠪᠣᠭᠠᠯᠠᠯ ᠢ ᠵᠣᠬᠢᠶᠠᠨ ᠪᠠᠶᠢᠭᠤᠯᠤᠨ ᠠᠬᠢᠭᠤᠯᠤᠨ᠎ᠠ︔ ᠤᠯᠤᠰ ᠠᠷᠠᠳ ᠤᠨ ᠠᠵᠤ ᠠᠬᠤᠶ ᠶᠢᠨ ᠰᠢᠨ᠎ᠡ ᠠᠵᠤ ᠦᠢᠯᠡᠰ ᠤᠨ ᠪᠦᠷᠢᠯᠳᠤᠯ ᠢ ᠠᠬᠢᠭᠤᠯᠤᠨ᠎ᠠ᠃ ᠠᠵᠤ | ᠠᠬᠤᠶ ᠮᠡᠷᠭᠡᠵᠢᠯ ᠤᠨ ᠨᠡᠭᠡᠭᠡᠯᠳᠡ ᠶᠢᠨ ᠣᠷᠣᠨ ᠤ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠵᠢᠴᠢ ᠠᠵᠤ ᠦᠢᠯᠡᠰ ᠤᠨ ᠪᠠᠶᠢᠷᠢᠯᠠᠭᠤᠯᠤᠯᠳᠠ ᠳᠤ | ᠲᠤᠬᠢᠷᠠᠭᠤᠯᠤᠯᠳᠡ ᠬᠢᠬᠦ ᠳᠤ ᠣᠷᠣᠯᠴᠠᠨ᠎ᠠ︔ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠮᠠᠭᠠᠳᠯᠠᠨ ᠳᠤᠭᠳᠠᠭᠠᠬᠤ ᠪᠠ ᠬᠠᠮᠢᠶᠠᠷᠬᠤ ᠳᠤ ᠣᠷᠣᠯᠴᠠᠨ᠎ᠠ᠃ | ︵ᠠᠷᠪᠠᠨ ᠲᠦᠷᠪᠡ︶ ᠡᠬᠢ ᠪᠠᠶᠠᠯᠢᠭ ᠢ ᠠᠷᠪᠢᠯᠠᠬᠤ ᠪᠠ ᠣᠷᠴᠢᠨ ᠳᠤᠭᠤᠷᠢᠨ ᠢ ᠬᠠᠮᠠᠭᠠᠯᠠᠬᠤ ᠰᠠᠯᠠᠭ᠎ᠠ᠄ ᠪᠥᠬᠦ ᠬᠤᠲᠠ ᠶᠢᠨ ᠠᠵᠤ ᠠᠬᠤᠶ ᠨᠡᠶᠢᠭᠡᠮ ᠬᠢᠭᠡᠳ | ᠡᠬᠢ ᠪᠠᠶᠠᠯᠢᠭ᠂ ᠣᠷᠴᠢᠨ ᠲᠣᠭᠤᠷᠢᠨ ᠤ ᠵᠣᠬᠢᠴᠠᠩᠭᠤᠶ ᠬᠥᠭᠵᠢᠯᠲᠡ ᠶᠢᠨ ᠠᠰᠠᠭᠤᠳᠠᠯ ᠢ ᠵᠠᠳᠠᠯᠤᠨ ᠰᠤᠳᠤᠯᠤᠨ᠎ᠠ︔ ᠪᠦᠬᠦ ᠨᠡᠶᠢᠭᠡᠮ ᠤᠨ ᠡᠨᠧᠷᠭᠢ ᠶᠢᠨ ᠡᠬᠢ | ᠪᠠᠶᠠᠯᠢᠭ ᠢ ᠠᠷᠪᠢᠯᠠᠬᠤ ᠪᠠ ᠶᠡᠷᠦᠩᠬᠡᠶᠢᠯᠡᠨ ᠠᠰᠢᠭᠯᠠᠬᠤ᠂ ᠡᠷᠬᠢᠯᠳᠡᠳᠤ ᠠᠵᠤ ᠠᠬᠤᠶ ᠶᠢ ᠬᠥᠭᠵᠢᠭᠦᠯᠬᠦ ᠲᠥᠯᠥᠪᠵᠢᠭᠦᠯᠭᠡ ᠪᠠ ᠲᠦᠷᠦ ᠶᠢᠨ ᠪᠤᠳᠤᠯᠭ᠎ᠠ ᠠᠷᠭ᠎ᠠ | ᠬᠡᠮᠵᠢᠶ᠎ᠡ ᠶᠢ ᠵᠣᠬᠢᠶᠠᠨ ᠪᠠᠶᠢᠭᠤᠯᠵᠤ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠴᠠᠭᠤᠯᠤᠨ ᠬᠡᠷᠡᠭᠵᠢᠭᠦᠯᠦᠨ᠎ᠡ︔ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠤ ᠤᠷᠤᠯᠴᠠᠨ᠎ᠠ︔ ᠣᠷᠴᠢᠨ ᠳᠤᠭᠤᠷᠢᠨ ᠤ ᠬᠠᠮᠠᠭᠠᠯᠠᠯᠲᠠ ᠶᠢᠨ ᠠᠵᠤ ᠦᠢᠯᠡᠰ ᠪᠠ ᠴᠡᠪᠡᠷ ᠦᠢᠯᠡᠳᠪᠦᠷᠢᠯᠡᠯ ᠤᠨ | ᠬᠤᠯᠪᠣᠭᠳᠠᠯ ᠪᠦᠬᠦᠢ ᠠᠵᠢᠯ ᠢ ᠠᠬᠢᠭᠤᠯᠬᠤ ᠶᠢ ᠵᠤᠬᠢᠴᠠᠭᠤᠯᠤᠨ᠎ᠠ︔ ᠪᠦᠬᠦ ᠬᠤᠳᠠ ᠶᠢᠨ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ | ᠪᠠᠭᠠᠰᠬᠠᠬᠤ ᠵᠢᠱᠢᠶ᠎ᠡ ᠦᠵᠡᠭᠦᠯᠬᠦ ᠴᠢᠬᠤᠯᠠ ᠶᠡᠭᠡ ᠪᠠᠷᠢᠯᠭ᠎ᠠ ᠪᠠ ᠰᠢᠨ᠎ᠡ ᠦᠢᠯᠡᠳᠬᠦᠨ᠂ ᠰᠢᠨ᠎ᠡ ᠮᠡᠷᠭᠡᠵᠢᠯ᠂ ᠰᠢᠨ᠎ᠡ ᠲᠥᠬᠦᠭᠡᠷᠦᠮᠵᠢ ᠶᠢ ᠳᠡᠯᠭᠡᠷᠡᠭᠦᠯᠦᠨ ᠬᠡᠷᠡᠭᠯᠡᠬᠦ ᠶᠢ | ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ ᠠᠭᠤᠷ ᠠᠮᠢᠰᠬᠤᠯ ᠤᠨ ᠬᠤᠪᠢᠷᠠᠯᠲᠠ ᠶᠢᠨ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠵᠡᠭᠦᠯᠬᠦ | ᠨᠥᠯᠥᠭᠡ ᠶᠢ ᠶᠡᠷᠦᠩᠬᠡᠶᠢᠯᠡᠨ ᠵᠠᠳᠠᠯᠵᠤ᠂ ᠪᠥᠬᠦ ᠬᠤᠲᠠ ᠶᠢᠨ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠲᠥᠯᠥᠪᠵᠢᠭᠦᠯᠭᠡ ᠪᠠ ᠲᠥᠷᠥ ᠶᠢᠨ ᠪᠣᠳᠣᠯᠭ᠎ᠠ | ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠳᠤᠭᠤᠷᠪᠢᠨ ᠲᠣᠭᠲᠠᠭᠠᠨ᠎ᠠ︔ ᠴᠡᠪᠡᠷ ᠬᠥᠭᠵᠢᠯᠲᠡ ᠶᠢᠨ ᠲᠣᠭᠲᠠᠴᠠ ᠶᠢᠨ ᠠᠵᠢᠯ ᠢ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ | ︵ᠠᠷᠪᠠᠨ ᠲᠠᠪᠤ︶ ᠨᠡᠶᠢᠭᠡᠮ ᠤᠨ ᠬᠥᠭᠵᠢᠯᠲᠡ ᠶᠢᠨ ᠰᠠᠯᠠᠭ᠎ᠠ᠄ ᠪᠥᠬᠦ ᠬᠤᠲᠠ ᠶᠢᠨ ᠨᠡᠶᠢᠭᠡᠮ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠ ᠲᠥᠷᠥ ᠶᠢᠨ | ᠪᠣᠳᠣᠯᠭ᠎ᠠ ᠠᠷᠭ᠎ᠠ ᠬᠡᠮᠵᠢᠶ᠎ᠡ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠪᠥᠬᠦ ᠬᠤᠲᠠ ᠶᠢᠨ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠪᠠ ᠤᠨ ᠤ | ᠲᠥᠯᠦᠪᠯᠡᠯᠭᠡ ᠶᠢ ᠵᠣᠬᠢᠶᠠᠨ ᠪᠠᠶᠢᠭᠤᠯᠤᠨ ᠳᠤᠭᠤᠷᠪᠢᠨ ᠲᠣᠭᠲᠠᠭᠠᠬᠤ ᠪᠠ ᠵᠣᠬᠢᠴᠠᠭᠤᠯᠤᠨ᠎ᠠ︔ ᠬᠥᠮᠦᠨ ᠠᠮᠠ ᠪᠠ ᠲᠥᠯᠥᠪᠯᠡᠭᠡᠲᠦ ᠦᠷᠡᠵᠢᠯ᠂ ᠰᠣᠶᠣᠯ᠂ ᠰᠤᠷᠭᠠᠨ | ᠬᠥᠮᠦᠵᠢᠯ᠂ ᠡᠷᠡᠭᠦᠯ ᠬᠠᠮᠠᠭᠠᠯᠠᠯ᠂ ᠪᠡᠶ᠎ᠡ ᠶᠢᠨ ᠲᠠᠮᠢᠷ᠂ ᠷᠠᠳᠢᠣ᠋ ᠺᠢᠨᠣ᠋ ᠲᠧᠯᠸᠢᠰ᠂ ᠵᠤᠭᠠᠴᠠᠯ᠂ ᠤᠯᠤᠰ ᠲᠥᠷᠥ ᠬᠠᠤᠯᠢ ᠴᠠᠭᠠᠵᠠ᠂ ᠠᠷᠠᠳ ᠤᠨ ᠶᠠᠪᠤᠳᠠᠯ ᠵᠡᠷᠭᠡ ᠶᠢᠨ | ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢ ᠵᠣᠬᠢᠴᠠᠭᠤᠯᠤᠨ᠎ᠠ︔ ᠪᠥᠬᠦ ᠬᠤᠲᠠ ᠶᠢᠨ ᠨᠡᠶᠢᠭᠡᠮ ᠤᠨ ᠠᠵᠢᠯ ᠦᠢᠯᠡᠰ ᠤᠨ ᠪᠥᠲᠥᠭᠡᠨ ᠪᠠᠶᠢᠭᠤᠯᠤᠯᠲᠠ ᠶᠢ | ᠠᠬᠢᠭᠤᠯᠵᠤ᠂ ᠨᠡᠶᠢᠭᠡᠮ ᠤᠨ ᠠᠵᠢᠯ ᠦᠢᠯᠡᠰ ᠤᠨ ᠬᠥᠭᠵᠢᠯᠲᠡ ᠶᠢᠨ ᠴᠢᠬᠤᠯᠠ ᠶᠡᠭᠡ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠡᠷᠬᠡ | ᠮᠡᠳᠡᠯ ᠤᠨ ᠬᠡᠪᠴᠢᠶ᠎ᠡ ᠶᠣᠰᠣᠭᠠᠷ ᠬᠢᠨᠠᠨ ᠬᠠᠷᠭᠤᠭᠤᠯᠤᠨ᠎ᠠ᠃ ᠪᠦᠬᠦ ᠬᠤᠳᠠ ᠶᠢᠨ ᠠᠵᠢᠯ ᠣᠯᠭᠤᠯᠲᠠ ᠬᠢᠭᠡᠳ ᠬᠥᠮᠦᠨ ᠤ ᠬᠦᠴᠦᠨ ᠤ ᠡᠬᠢ ᠪᠠᠶᠠᠯᠢᠭ᠂ ᠣᠷᠤᠯᠭ᠎ᠠ | ᠶᠢᠨ ᠬᠤᠪᠢᠶᠠᠷᠢᠯᠠᠯᠲᠠ ᠬᠢᠭᠡᠳ ᠨᠡᠶᠢᠭᠡᠮ ᠤᠨ ᠪᠠᠲᠤᠯᠠᠭ᠎ᠠ ᠶᠢᠨ ᠪᠠᠶᠢᠳᠠᠯ ᠢ ᠰᠤᠳᠤᠯᠤᠨ ᠵᠠᠳᠠᠯᠵᠤ᠂ ᠠᠵᠢᠯ ᠣᠯᠭᠤᠯᠲᠠ ᠶᠢ ᠠᠬᠢᠭᠤᠯᠬᠤ᠂ ᠣᠷᠤᠯᠭ᠎ᠠ ᠶᠢᠨ | ᠬᠤᠪᠢᠶᠠᠷᠢᠯᠠᠯᠲᠠ ᠶᠢ ᠲᠣᠬᠢᠷᠠᠭᠤᠯᠬᠤ᠂ ᠨᠡᠶᠢᠭᠡᠮ ᠤᠨ ᠪᠠᠲᠤᠯᠠᠭ᠎ᠠ ᠶᠢ ᠲᠡᠭᠦᠯᠳᠡᠷᠵᠢᠭᠦᠯᠬᠦ ᠬᠢᠭᠡᠳ ᠠᠵᠤ ᠠᠬᠤᠶ ᠶᠢ ᠵᠣᠬᠢᠴᠠᠩᠭᠤᠶ ᠪᠠᠷ ᠬᠥᠭᠵᠢᠭᠦᠯᠬᠦ ᠪᠠᠶᠢᠯᠳᠤᠬᠤ | ᠪᠤᠳᠤᠯᠭ᠎ᠠ ᠪᠠ ᠲᠥᠷᠥ ᠶᠢᠨ ᠪᠤᠳᠤᠯᠭ᠎ᠠ ᠶᠢᠨ ᠰᠠᠨᠠᠭᠤᠯᠭ᠎ᠠ ᠶᠢ ᠳᠤᠷᠠᠳᠤᠨ᠎ᠠ᠃ | ︵ᠠᠷᠪᠠᠨ ᠵᠢᠷᠭᠤᠭ᠎ᠠ︶ ᠠᠵᠤ ᠠᠬᠤᠶ ᠠᠷᠠᠯᠵᠢᠶᠠᠨ ᠤ ᠰᠠᠯᠠᠭ᠎ᠠ᠄ ᠬᠤᠳᠠ ᠶᠢᠨ ᠳᠤᠳᠤᠭᠠᠳᠤ ᠭᠠᠳᠠᠭᠠᠳᠤ ᠶᠢᠨ ᠵᠠᠬ᠎ᠠ ᠳᠡᠯᠭᠡᠭᠦᠷ ᠤᠨ ᠪᠠᠶᠢᠳᠠᠯ ᠢ ᠬᠢᠨᠠᠨ | ᠬᠡᠮᠵᠢᠬᠦ ᠪᠠ ᠵᠠᠳᠠᠯᠵᠤ᠂ ᠪᠦᠬᠦ ᠬᠤᠳᠠ ᠶᠢᠨ ᠴᠢᠬᠤᠯᠠ ᠲᠠᠸᠠᠷ ᠤᠨ ᠶᠡᠷᠦᠩᠬᠡᠢ ᠬᠡᠮᠵᠢᠶ᠎ᠡ ᠶᠢ ᠲᠡᠩᠴᠡᠭᠦᠷᠢᠲᠡᠢ ᠪᠠᠶᠢᠯᠭᠠᠬᠤ ᠪᠠ ᠬᠤᠷᠸ᠎ᠠ ᠲᠣᠬᠢᠷᠠᠭᠤᠯᠤᠯᠲᠠ ᠶᠢᠨ | ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ︔ ᠬᠤᠯᠪᠣᠭᠳᠠᠯ ᠪᠦᠬᠦᠢ ᠲᠠᠯ᠎ᠠ ᠶᠢᠨ ᠬᠢᠨ ᠲᠠᠢ ᠬᠠᠮᠲᠤᠷᠠᠨ ᠠᠮᠤ ᠪᠤᠳᠠᠭ᠎ᠠ᠂ ᠬᠥᠪᠥᠩ᠂ ᠢᠳᠡᠰᠢᠨ ᠰᠢᠬᠢᠷ᠂ ᠢᠳᠡᠰᠢᠨ | ᠳᠠᠪᠤᠰᠤ᠂ ᠬᠢᠮᠢ ᠶᠢᠨ ᠪᠤᠷᠳᠤᠭᠤᠷ ᠵᠡᠷᠭᠡ ᠶᠢᠨ ᠨᠥᠭᠡᠴᠡ ᠶᠢ ᠬᠠᠮᠢᠶᠠᠷᠤᠨ᠎ᠠ︔ ᠪᠦᠬᠦ ᠬᠤᠳᠠ ᠶᠢᠨ ᠤᠳᠤ ᠦᠶ᠎ᠡ ᠶᠢᠨ ᠪᠠᠷᠠᠭᠠᠨ ᠤ ᠭᠦᠢᠯᠭᠡᠭᠡᠨ ᠤ ᠦᠢᠯᠡᠰ ᠤᠨ | ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠪᠠ ᠲᠦᠯᠦᠪᠵᠢᠬᠦᠯᠭᠡ ᠶᠢ ᠳᠤᠭᠤᠷᠪᠢᠨ ᠳᠤᠭᠳᠠᠭᠠᠨ᠎ᠠ᠃ ᠪᠥᠬᠦ ᠬᠤᠲᠠ ᠶᠢᠨ ᠪᠥᠬᠦ ᠨᠡᠶᠢᠭᠡᠮ ᠤᠨ ᠪᠠᠯᠠ ᠮᠥᠩᠭᠦ ᠶᠢᠨ | ᠲᠡᠩᠴᠡᠬᠦᠷᠢᠰᠢᠯ ᠢ ᠰᠤᠳᠤᠯᠤᠨ ᠵᠠᠳᠠᠯᠵᠤ᠂ ᠬᠥᠭᠵᠢᠯᠲᠡ ᠶᠢᠨ ᠲᠥᠯᠥᠪᠵᠢᠭᠦᠯᠭᠡ ᠪᠠ ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡᠨ ᠤ ᠲᠥᠷᠦ ᠶᠢᠨ ᠪᠣᠳᠤᠯᠭ᠎ᠠ ᠶᠢ | ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠠᠵᠢᠯ ᠢ ᠰᠠᠶᠢᠲᠤᠷ ᠬᠢᠨ᠎ᠠ︔ ᠡᠳ᠋ ᠤᠨ ᠵᠠᠰᠠᠭ ᠤᠨ ᠲᠥᠷᠦ ᠶᠢᠨ ᠪᠣᠳᠤᠯᠭ᠎ᠠ ᠪᠣᠯᠤᠨ ᠮᠥᠩᠭᠦᠨ ᠭᠦᠢᠯᠭᠡᠭᠡᠨ ᠤ | ᠲᠥᠷᠦ ᠶᠢᠨ ᠪᠣᠳᠤᠯᠭ᠎ᠠ ᠶᠢᠨ ᠬᠡᠷᠡᠭᠵᠢᠬᠦᠯᠦᠯᠳᠡ ᠶᠢᠨ ᠪᠠᠶᠢᠳᠠᠯ ᠢ ᠵᠠᠳᠠᠯᠤᠨ ᠰᠢᠨᠵᠢᠯᠡᠬᠦ ᠶᠢᠨ ᠬᠠᠮᠲᠤ ᠰᠠᠨᠠᠭᠤᠯᠭ᠎ᠠ ᠳᠤᠷᠠᠳᠤᠨ᠎ᠠ᠃ ᠰᠢᠭᠤᠳ ᠪᠡᠯᠡ ᠮᠦᠩᠬᠦ | ᠴᠤᠭᠯᠠᠭᠤᠯᠬᠤ ᠲᠦᠷᠦ ᠶᠢᠨ ᠪᠤᠲᠤᠯᠭ᠎ᠠ ᠶᠢᠨ ᠰᠠᠨᠠᠭᠤᠯᠭ᠎ᠠ ᠶᠢ ᠳᠤᠷᠠᠳᠴᠤ᠂ ᠠᠵᠢᠯ ᠤᠨ ᠬᠤᠪᠢᠶᠠᠷᠢᠯᠠᠯ ᠶᠣᠰᠣᠭᠠᠷ ᠵᠠᠬ᠎ᠠ ᠳᠡᠯᠭᠡᠭᠦᠷ ᠲᠤ ᠭᠠᠷᠤᠭᠰᠠᠨ ᠪᠤᠰᠤ | ᠺᠣᠮᠫᠠᠨᠢ ᠶᠢᠨ ᠲᠠᠷᠬᠠᠭᠠᠬᠤ ᠠᠵᠤ ᠠᠬᠤᠶᠢᠯᠠᠯ ︵ᠺᠣᠮᠫᠠᠨᠢ︶ ᠤᠨ ᠵᠢᠭᠡᠯᠡᠯᠭᠡ ᠶᠢᠨ ᠲᠡᠮᠳᠡᠭᠲᠦ ᠶᠢ ᠬᠢᠨᠠᠨ ᠬᠠᠷᠭᠤᠭᠤᠯᠵᠤ ᠭᠤᠶᠤᠴᠢᠯᠠᠨ ᠮᠡᠳᠡᠭᠦᠯᠵᠦ᠂ ᠣᠷᠤᠨ | ᠨᠤᠲᠤᠭ ᠤᠨ ᠵᠠᠰᠠᠭ ᠤᠨ ᠣᠷᠳᠤᠨ ᠤ ᠵᠢᠭᠡᠯᠡᠯᠭᠡ ᠶᠢᠨ ᠲᠡᠮᠳᠡᠭᠲᠦ ᠶᠢ ᠲᠠᠷᠬᠠᠭᠠᠬᠤ ᠬᠠᠮᠢᠶᠠᠷᠤᠯᠲᠠ ᠶᠢᠨ ᠠᠵᠢᠯ ᠳᠤ ᠣᠷᠣᠯᠴᠠᠵᠤ᠂ ᠪᠦᠬᠦ ᠬᠤᠲᠠ ᠶᠢᠨ ᠠᠵᠤ | ᠦᠢᠯᠡᠰ ᠤᠨ ᠪᠡᠯᠡ ᠣᠷᠤᠭᠤᠯᠤᠯᠲᠠ ᠶᠢᠨ ᠰᠠᠭᠤᠷᠢ ᠮᠥᠩᠭᠦ ᠪᠣᠯᠤᠨ ᠦᠢᠯᠡᠰ ᠪᠤᠰᠬᠠᠬᠤ ᠪᠡᠯᠡ ᠣᠷᠣᠭᠤᠯᠤᠯᠲᠠ ᠶᠢᠨ ᠬᠥᠭᠵᠢᠯᠲᠡ ᠵᠢᠴᠢ ᠲᠦᠷᠢᠮ ᠤᠨ | ᠪᠠᠶᠢᠭᠤᠯᠤᠯᠲᠠ ᠶᠢ ᠲᠦᠷᠦᠭᠦᠯᠡᠨ ᠠᠬᠢᠭᠤᠯᠤᠨ᠎ᠠ︔ ᠵᠠᠬ᠎ᠠ ᠳᠡᠯᠭᠡᠭᠦᠷ ᠲᠤ ᠭᠠᠷᠬᠤ ᠠᠵᠤ ᠠᠬᠤᠶᠢᠯᠠᠯ ᠢ ᠲᠠᠨᠢᠯᠴᠠᠭᠤᠯᠬᠤ ᠬᠢᠨᠠᠨ ᠬᠠᠷᠭᠤᠭᠤᠯᠬᠤ ᠳᠤ ᠣᠷᠣᠯᠴᠠᠨ᠎ᠠ᠃ | ︵ᠠᠷᠪᠠᠨ ᠲᠤᠯᠤᠭ᠎ᠠ︶ ᠦᠨ᠎ᠡ ᠬᠠᠩᠰᠢ ᠶᠢᠨ ᠰᠠᠯᠠᠭ᠎ᠠ᠄ ᠦᠨ᠎ᠡ ᠬᠠᠩᠰᠢ ᠶᠢᠨ ᠪᠠᠶᠢᠳᠠᠯ ᠢ ᠬᠢᠨᠠᠨ ᠬᠡᠮᠵᠢᠵᠦ ᠵᠠᠳᠠᠯᠤᠨ ᠰᠢᠨᠵᠢᠯᠡᠵᠦ᠂ ᠪᠥᠬᠦ ᠬᠤᠲᠠ ᠶᠢᠨ | ᠣᠨ ᠤ ᠦᠨ᠎ᠡ ᠬᠠᠩᠰᠢ ᠶᠢᠨ ᠶᠡᠷᠦᠩᠬᠡᠶ ᠬᠢᠷᠢ ᠬᠡᠮᠵᠢᠶ᠎ᠡ ᠶᠢ ᠳᠣᠭᠢᠷᠠᠭᠤᠯᠤᠨ ᠡᠵᠡᠮᠳᠡᠬᠦ ᠬᠠᠷᠠᠯᠲᠠ ᠪᠠ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠵᠤ᠂ ᠪᠥᠬᠦ | ᠬᠤᠲᠠ ᠶᠢᠨ ᠦᠨ᠎ᠡ ᠬᠠᠩᠰᠢ ᠶᠢᠨ ᠬᠠᠮᠢᠶᠠᠷᠤᠯᠲᠠ ᠶᠢᠨ ᠭᠠᠷᠴᠠᠭ ᠲᠤ ᠵᠠᠰᠠᠪᠤᠷᠢ ᠣᠷᠣᠭᠤᠯᠬᠤ᠂ ᠦᠨ᠎ᠡ ᠬᠠᠩᠰᠢ ᠶᠢ ᠤᠷᠢᠳᠴᠢᠯᠠᠨ ᠰᠡᠷᠡᠮᠵᠢᠯᠡᠭᠦᠯᠬᠦ᠂ ᠦᠨ᠎ᠡ | ᠬᠠᠩᠰᠢ ᠶᠢ ᠤᠬᠠᠭᠤᠯᠬᠤ ᠵᠡᠷᠭᠡ ᠠᠵᠢᠯ ᠢ ᠬᠠᠷᠢᠭᠤᠴᠠᠨ᠎ᠠ︔ ᠬᠤᠳᠠ ᠶᠢᠨ ᠬᠠᠮᠢᠶᠠᠷᠤᠯᠲᠠ ᠶᠢᠨ ᠴᠢᠬᠤᠯᠠ ᠲᠠᠸᠠᠷ ᠤᠨ ᠦᠨ᠎ᠡ ᠬᠠᠩᠰᠢ ᠶᠢ ᠲᠣᠭᠲᠠᠭᠠᠬᠤ ᠪᠠ | ᠲᠣᠬᠢᠷᠠᠭᠤᠯᠬᠤ ᠠᠵᠢᠯ ᠢ ᠬᠠᠷᠢᠭᠤᠴᠠᠨ᠎ᠠ︔ ᠤᠯᠤᠰ᠂ ᠥᠪᠡᠷᠲᠡᠭᠡᠨ ᠵᠠᠰᠠᠬᠤ ᠣᠷᠣᠨ ᠵᠢᠴᠢ ᠬᠤᠳᠠ ᠶᠢᠨ ᠦᠨ᠎ᠡ ᠬᠠᠩᠰᠢ ᠶᠢᠨ ᠲᠥᠷᠦ ᠶᠢᠨ ᠪᠣᠳᠤᠯᠭ᠎ᠠ ᠶᠢᠨ | ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠴᠢᠬᠤᠯᠠ ᠲᠠᠸᠠᠷ ᠤᠨ ᠥᠪᠡᠷ ᠤᠨ ᠦᠷᠳᠡᠭ ᠪᠠ ᠵᠠᠬ᠎ᠠ ᠳᠡᠯᠭᠡᠭᠦᠷ ᠤᠨ | ᠪᠠᠶᠢᠴᠠᠭᠠᠯᠲᠠ ᠶᠢᠨ ᠠᠵᠢᠯ ᠢ ᠵᠣᠬᠢᠶᠠᠨ ᠪᠠᠶᠢᠭᠤᠯᠤᠨ᠎ᠠ︔ ᠪᠥᠬᠦ ᠬᠤᠲᠠ ᠶᠢᠨ ᠦᠨ᠎ᠡ ᠬᠠᠩᠰᠢ ᠶᠢᠨ ᠬᠢᠨᠠᠯᠲᠠ ᠪᠠᠶᠢᠴᠠᠭᠠᠯᠲᠠ᠂ ᠦᠨ᠎ᠡ ᠬᠠᠩᠰᠢ ᠶᠢᠨ ᠭᠠᠭᠴᠠᠭᠠᠷ | ᠡᠵᠡᠮᠰᠢᠯ ᠢ ᠡᠰᠡᠷᠭᠦᠴᠡᠬᠦ᠂ ᠦᠨ᠎ᠡ ᠬᠠᠩᠰᠢ ᠶᠢᠨ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠦᠨ᠎ᠡ ᠬᠠᠩᠰᠢ ᠶᠢᠨ ᠭᠡᠷᠡᠴᠢᠯᠡᠯ ᠤᠨ ᠬᠠᠮᠢᠶᠠᠷᠤᠯᠲᠠ ᠵᠡᠷᠭᠡ ᠠᠵᠢᠯ ᠢ | ᠵᠢᠯᠣᠭᠤᠳᠤᠨ᠎ᠠ᠃ | ︵ᠠᠷᠪᠠᠨ ᠨᠠᠢᠮᠠ︶ ᠰᠦᠢᠳᠬᠡᠯ ᠬᠤᠷᠢᠶᠠᠯᠳᠠ ᠶᠢᠨ ᠬᠠᠮᠢᠶᠠᠷᠤᠯᠲᠠ ᠶᠢᠨ ᠰᠠᠯᠠᠭ᠎ᠠ᠄ ᠤᠯᠤᠰ᠂ ᠥᠪᠡᠷᠲᠡᠭᠡᠨ ᠵᠠᠰᠠᠬᠤ ᠣᠷᠣᠨ ᠪᠠ ᠬᠤᠳᠠ ᠶᠢᠨ ᠵᠠᠰᠠᠭ | ᠵᠠᠬᠢᠷᠭᠠᠨ ᠤ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠪᠠ ᠡᠵᠡᠩᠨᠡᠯᠲᠡ ᠶᠢᠨ ᠴᠢᠨᠠᠷᠲᠠᠶ ᠦᠢᠯᠡᠴᠢᠯᠡᠭᠡᠨ ᠤ ᠴᠢᠨᠠᠷᠳᠠᠢ ᠦᠨ᠎ᠡ ᠬᠠᠩᠰᠢ ︵ᠰᠦᠢᠳᠬᠡᠯ | ᠬᠤᠷᠢᠶᠠᠬᠤ︶ ᠶᠢᠨ ᠠᠵᠢᠯ ᠤᠨ ᠬᠠᠤᠯᠢ ᠴᠠᠭᠠᠵᠠ ᠬᠠᠤᠯᠢ ᠲᠣᠭᠲᠠᠭᠠᠯ᠂ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ︔ ᠤᠯᠤᠰ ᠤᠨ ᠰᠦᠢᠳᠬᠡᠯ | ᠬᠤᠷᠢᠶᠠᠬᠤ ᠥᠭᠡᠷᠡᠴᠢᠯᠡᠯᠲᠡ ᠶᠢᠨ ᠲᠤᠬᠠᠶ ᠲᠥᠰᠦᠯ ᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠪᠥᠬᠦ ᠬᠤᠲᠠ ᠶᠢᠨ ᠵᠠᠰᠠᠭ ᠵᠠᠬᠢᠷᠭᠠᠨ ᠤ ᠠᠵᠢᠯ ᠦᠢᠯᠡᠰ ᠤᠨ | ᠴᠢᠨᠠᠷᠲᠠᠶ ᠰᠦᠢᠳᠭᠡᠯ ᠬᠤᠷᠢᠶᠠᠬᠤ ᠪᠠ ᠡᠵᠡᠩᠨᠡᠯᠲᠡ ᠶᠢᠨ ᠴᠢᠨᠠᠷᠲᠠᠶ ᠦᠢᠯᠡᠴᠢᠯᠡᠭᠡᠨ ᠤ ᠦᠨ᠎ᠡ ᠬᠠᠩᠰᠢ ︵ᠰᠦᠢᠳᠬᠡᠯ ᠬᠤᠷᠢᠶᠠᠬᠤ︶ ᠶᠢᠨ ᠬᠠᠮᠢᠶᠠᠷᠤᠯᠲᠠ ᠶᠢᠨ | ᠬᠠᠷᠢᠭᠤᠴᠠᠯᠭ᠎ᠠ ᠶᠢ ᠡᠭᠦᠷᠭᠡᠯᠡᠨ᠎ᠡ︔ ᠥᠪᠡᠷᠲᠡᠭᠡᠨ ᠵᠠᠰᠠᠬᠤ ᠣᠷᠣᠨ ᠠᠴᠠ ᠨᠠᠶᠢᠳᠠᠭᠰᠠᠨ ᠬᠤᠲᠠ ᠶᠢᠨ ᠬᠠᠮᠢᠶᠠᠷᠤᠯᠲᠠ ᠶᠢᠨ ᠬᠡᠪᠴᠢᠶᠡᠨ ᠳᠠᠬᠢ ᠰᠦᠢᠳᠬᠡᠯ ᠬᠤᠷᠢᠶᠠᠬᠤ | ᠪᠠᠷᠢᠮᠵᠢᠶ᠎ᠠ ᠪᠠ ᠠᠷᠭ᠎ᠠ ᠶᠢ ᠲᠤᠭᠤᠷᠪᠢᠨ ᠲᠣᠭᠲᠠᠭᠠᠨ᠎ᠠ︔ ᠳᠤᠷ᠎ᠠ ᠪᠠᠷ ᠰᠦᠢᠳᠬᠡᠯ ᠬᠤᠷᠢᠶᠠᠬᠤ ᠶᠢ ᠵᠠᠰᠠᠬᠤ ᠠᠷᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠳᠤ | ᠬᠡᠷᠡᠭᠵᠢᠭᠦᠯᠦᠨ᠎ᠡ᠃ | ︵ᠠᠷᠪᠠ ᠶᠢᠰᠦ︶ ᠪᠠᠷᠠᠭᠤᠨ ᠣᠷᠣᠨ ᠢ ᠨᠡᠭᠡᠭᠡᠨ ᠬᠥᠭᠵᠢᠭᠦᠯᠬᠦ ᠰᠠᠯᠠᠭ᠎ᠠ᠄ ᠤᠯᠤᠰ᠂ ᠥᠪᠡᠷᠲᠡᠭᠡᠨ ᠵᠠᠰᠠᠬᠤ ᠣᠷᠣᠨ ᠤ ᠪᠠᠷᠠᠭᠤᠨ ᠣᠷᠣᠨ ᠢ ᠶᠡᠬᠡᠪᠡᠷ ᠨᠡᠭᠡᠭᠡᠨ | ᠬᠥᠭᠵᠢᠭᠦᠯᠬᠦ ᠶᠢ ᠠᠬᠢᠭᠤᠯᠬᠤ ᠪᠠᠶᠢᠯᠳᠤᠬᠤ ᠪᠤᠳᠤᠯᠭ᠎ᠠ᠂ ᠲᠥᠯᠥᠪᠵᠢᠭᠦᠯᠭᠡ ᠪᠠ ᠲᠦᠷᠦ ᠶᠢᠨ ᠪᠤᠳᠤᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠠᠮᠢᠶ᠎ᠠ | ᠪᠦᠬᠦᠢ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ︔ ᠪᠦᠬᠦ ᠬᠤᠳᠠ ᠶᠢᠨ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠭᠤᠣᠯᠳᠠᠯᠭ᠎ᠠ ᠲᠠᠢ ᠰᠠᠭᠤᠷᠢ | ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ᠂ ᠠᠮᠢ ᠠᠬᠤᠶ ᠣᠷᠴᠢᠨ ᠳᠤᠭᠤᠷᠢᠨ ᠤ ᠪᠦᠳᠦᠭᠡᠨ ᠪᠠᠶᠢᠭᠤᠯᠤᠯᠲᠠ᠂ ᠴᠢᠬᠤᠯᠠ ᠶᠡᠭᠡ ᠵᠦᠢᠯᠡᠰ ᠤᠨ | ᠪᠠᠶᠢᠷᠢᠯᠠᠭᠤᠯᠤᠯᠲᠠ ᠶᠢ ᠠᠬᠢᠭᠤᠯᠬᠤ ᠰᠠᠨᠠᠭᠤᠯᠭ᠎ᠠ ᠶᠢ ᠳᠤᠷᠠᠳᠤᠨ ᠭᠠᠷᠭᠠᠬᠤ ᠶᠢᠨ ᠬᠠᠮᠲᠤ ᠵᠣᠬᠢᠴᠠᠭᠤᠯᠤᠨ ᠬᠡᠷᠡᠭᠵᠢᠬᠦᠯᠤᠨ᠎ᠡ᠃ | ︵ᠬᠤᠷᠢ︶ ᠴᠢᠬᠤᠯᠠ ᠶᠡᠭᠡ ᠲᠦᠷᠦᠯ ᠵᠦᠢᠯ ᠤᠨ ᠳᠤᠰᠬᠠᠢ ᠳᠤᠮᠢᠯᠠᠭᠰᠠᠨ ᠪᠠᠶᠢᠴᠠᠭᠠᠭᠴᠢ ᠶᠢᠨ ᠠᠯᠪᠡᠠ ᠭᠡᠷ᠄ ᠪᠥᠬᠦ ᠬᠤᠲᠠ ᠶᠢᠨ ᠴᠢᠬᠤᠯᠠ ᠶᠡᠭᠡ | ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ︔ ᠬᠠᠮᠢᠶ᠎ᠠ ᠪᠥᠬᠦᠶ ᠠᠵᠢᠯ ᠲᠥᠷᠥᠯ ᠪᠠ ᠣᠷᠣᠨ | ᠨᠤᠲᠤᠭ ᠤᠨ ᠤᠯᠤᠰ᠂ ᠥᠪᠡᠷᠲᠡᠭᠡᠨ ᠵᠠᠰᠠᠬᠤ ᠣᠷᠣᠨ ᠪᠠ ᠣᠷᠳᠣᠰ ᠬᠤᠲᠠ ᠶᠢᠨ ᠪᠠᠯᠠ ᠣᠷᠣᠭᠤᠯᠤᠯᠲᠠ ᠶᠢᠨ ᠲᠥᠷᠥ ᠶᠢᠨ ᠪᠣᠳᠣᠯᠭ᠎ᠠ ᠪᠠ ᠲᠣᠭᠲᠠᠭᠠᠯ ᠢ | ᠳᠤᠤᠱᠯᠠᠭᠤᠯᠤᠨ ᠬᠡᠷᠡᠭᠵᠢᠭᠦᠯᠵᠦ ᠪᠠᠶᠢᠭ᠎ᠠ ᠪᠠᠶᠢᠳᠠᠯ ᠢ ᠮᠥᠷᠳᠡᠨ ᠪᠠᠶᠢᠴᠠᠭᠠᠨ᠎ᠠ︔ ᠲᠥᠪ ᠪᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠴᠢᠨᠠᠷᠲᠠᠶ | ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢᠨ ᠲᠣᠬᠢᠷᠠᠭᠤᠯᠤᠯᠲᠠ ᠶᠢ ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠵᠣᠬᠢᠶᠠᠨ | ᠪᠠᠶᠢᠭᠤᠯᠤᠨ ᠥᠷᠨᠢᠭᠦᠯᠦᠨ᠎ᠡ︔ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠳᠤ᠂ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠬᠤᠲᠠ ᠶᠢᠨ ᠬᠤᠯᠪᠣᠭᠳᠠᠯ | ᠪᠥᠬᠦᠶ ᠲᠣᠭᠲᠠᠭᠠᠯ ᠶᠣᠰᠣᠭᠠᠷ ᠰᠢᠢᠳᠪᠦᠷᠢᠯᠡᠬᠦ ᠰᠠᠨᠠᠯ ᠳᠤᠷᠠᠳᠤᠨ᠎ᠠ᠃ | ︵ᠬᠤᠷᠢᠨ ᠨᠢᠭᠡ︶ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠤᠨ ᠠᠯᠪᠡᠠ ᠭᠡᠷ᠄ ᠪᠥᠬᠦ ᠬᠤᠲᠠ ᠶᠢ ᠵᠢᠯᠣᠭᠤᠳᠬᠤ ᠶᠢᠨ ᠬᠠᠮᠲᠤ ᠬᠤᠲᠠ ᠶᠢᠨ | ᠲᠣᠰ ᠱᠠᠲᠤᠨ ᠤ ᠲᠣᠭᠲᠠᠮᠠᠯ ᠬᠥᠷᠦᠩᠭᠡ ᠶᠢᠨ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠵᠦ ᠬᠢᠨᠠᠨ ᠬᠠᠮᠢᠶᠠᠷᠬᠤ | ᠲᠠᠪᠴᠠᠩ ᠢ ᠵᠣᠬᠢᠴᠠᠭᠤᠯᠤᠨ ᠬᠠᠮᠢᠶᠠᠷᠬᠤ ᠪᠠ ᠬᠡᠷᠡᠭᠯᠡᠬᠦ ᠶᠢ ᠬᠠᠷᠢᠭᠤᠴᠠᠨ᠎ᠠ︔ ᠬᠤᠲᠠ ᠶᠢᠨ ᠲᠣᠰ ᠱᠠᠲᠤᠨ ᠤ ᠬᠦᠷᠢᠶᠡᠯᠡᠩ ᠲᠣᠭᠤᠷᠢᠭ ᠵᠢᠴᠢ ᠬᠤᠰᠢᠭᠤ ᠲᠣᠭᠤᠷᠢᠭ | ᠠᠯᠤᠰᠯᠠᠭᠰᠠᠨ ᠠᠵᠤ ᠠᠬᠤᠶᠢᠯᠠᠯ ᠤᠨ ᠪᠠᠯᠠ ᠣᠷᠣᠭᠤᠯᠤᠯᠲᠠ ᠶᠢᠨ ᠲᠥᠷᠥᠯ ᠵᠦᠢᠯ ᠢ ᠳᠠᠩᠰᠠᠯᠠᠬᠤ ᠶᠢ ᠬᠠᠷᠢᠭᠤᠴᠠᠨ᠎ᠠ︔ ᠬᠤᠲᠠ ᠶᠢᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠥᠪ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠴᠤᠩᠬᠤᠪᠴᠢ ᠶᠢᠨ ᠡᠳᠦᠷ ᠳᠤᠳᠤᠮ ᠤᠨ ᠠᠵᠢᠯ ᠢ ᠬᠠᠷᠢᠭᠤᠴᠠᠨ᠎ᠠ᠃ | ︵ᠬᠤᠷᠢᠨ ᠬᠤᠶᠠᠷ︶ ᠦᠨ᠎ᠡ ᠬᠠᠩᠰᠢ ᠶᠢ ᠬᠢᠨᠠᠨ ᠬᠡᠮᠵᠢᠬᠦ ᠲᠥᠪ ︵12358 ᠢᠯᠡᠴᠢᠯᠡᠨ ᠮᠡᠳᠡᠭᠦᠯᠬᠦ ᠲᠥᠪ︶᠄ | 12358 ᠠᠵᠢᠯ ᠤᠨ ᠳᠤᠰᠢᠶᠠᠯ ᠬᠠᠷᠢᠭᠤᠴᠠᠯᠭ᠎ᠠ᠄ ᠨᠢᠭᠡ ᠳᠤ ᠪᠥᠬᠦ ᠬᠤᠳᠠ ᠶᠢᠨ ᠬᠡᠪᠴᠢᠶᠡᠨ ᠳᠠᠬᠢ ᠠᠷᠠᠳ ᠢᠷᠭᠡᠨ᠂ ᠬᠠᠤᠯᠢ ᠶᠢᠨ ᠡᠷᠬᠡᠲᠡᠨ ᠪᠣᠯᠤᠨ | ᠪᠤᠰᠤᠳ ᠵᠣᠬᠢᠶᠠᠨ ᠪᠠᠶᠢᠭᠤᠯᠤᠯᠲᠠ ᠶᠢᠨ ᠦᠨ᠎ᠡ ᠬᠠᠩᠰᠢ ᠶᠢᠨ ᠬᠠᠤᠯᠢ ᠵᠦᠷᠢᠴᠡᠭᠰᠡᠨ ᠦᠢᠯᠡ ᠠᠵᠢᠯᠯᠠᠭ᠎ᠠ ᠶᠢᠨ ᠵᠠᠭᠠᠯᠳᠤᠯᠭ᠎ᠠ᠂ ᠦᠨ᠎ᠡ ᠬᠠᠩᠰᠢ ᠶᠢᠨ ᠢᠯᠡᠴᠢᠯᠡᠨ | ᠮᠡᠳᠡᠭᠦᠯᠦᠯᠲᠡ ᠶᠢ ᠰᠠᠯᠭᠠᠨ ᠭᠦᠢᠴᠡᠳᠬᠡᠬᠦ᠂ ᠱᠠᠭᠠᠷᠳᠠᠨ ᠭᠦᠢᠴᠡᠳᠬᠡᠬᠦ᠂ ᠬᠠᠮᠵᠢᠯᠴᠠᠨ ᠭᠦᠢᠴᠡᠳᠬᠡᠬᠦ ᠶᠢ ᠬᠠᠷᠢᠭᠤᠴᠠᠵᠤ᠂ ᠢᠯᠡᠴᠢᠯᠡᠨ ᠮᠡᠳᠡᠭᠦᠯᠦᠭᠰᠡᠨ ᠬᠡᠷᠡᠭ ᠢ | ᠪᠠᠶᠢᠴᠠᠭᠠᠨ ᠰᠢᠢᠳᠪᠦᠷᠢᠯᠡᠬᠦ ᠳᠤ ᠣᠷᠣᠯᠴᠠᠨ᠎ᠠ᠃ ᠬᠤᠶᠠᠷ ᠲᠤ ᠲᠤᠰ ᠱᠠᠲᠤᠨ ᠤ ᠦᠨ᠎ᠡ ᠬᠠᠩᠰᠢ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠰᠢᠭᠤᠳ | ᠬᠦᠯᠢᠶᠡᠨ ᠠᠪᠴᠤ ᠰᠢᠢᠳᠪᠦᠷᠢᠯᠡᠭᠰᠡᠨ᠂ ᠳᠡᠭᠡᠳᠦ ᠱᠠᠲᠤᠨ ᠤ ᠪᠠᠶᠢᠭᠤᠯᠭ᠎ᠠ ᠠᠴᠠ ᠲᠤᠰᠢᠶᠠᠨ ᠰᠢᠢᠳᠪᠦᠷᠢᠯᠡᠭᠦᠯᠦᠭᠰᠡᠨ ᠪᠤᠶᠤ ᠪᠤᠰᠤᠳ ᠰᠠᠯᠠᠭ᠎ᠠ ᠮᠥᠴᠢᠷ ᠠᠴᠠ | ᠰᠢᠯᠵᠢᠭᠦᠯᠦᠨ ᠰᠢᠢᠳᠪᠦᠷᠢᠯᠡᠭᠦᠯᠦᠭᠰᠡᠨ ᠦᠨ᠎ᠡ ᠬᠠᠩᠰᠢ ᠶᠢᠨ ᠢᠯᠡᠴᠢᠯᠡᠨ ᠮᠡᠳᠡᠭᠦᠯᠦᠯᠲᠡ ᠶᠢᠨ ᠬᠡᠷᠡᠭ ᠢ ᠰᠢᠢᠳᠪᠦᠷᠢᠯᠡᠨ᠎ᠡ᠃ ᠭᠤᠷᠪᠠ ᠳᠤ ᠢᠯᠡᠴᠢᠯᠡᠨ ᠮᠡᠳᠡᠭᠦᠯᠦᠭᠰᠡᠨ | ᠠᠭᠤᠯᠭ᠎ᠠ ᠶᠢ ᠬᠢᠨᠠᠨ ᠪᠠᠶᠢᠴᠠᠭᠠᠵᠤ᠂ ᠲᠦᠷᠦᠯ ᠬᠤᠪᠢᠶᠠᠨ ᠰᠢᠢᠳᠪᠦᠷᠢᠯᠡᠬᠦ ᠰᠠᠨᠠᠯ ᠳᠤᠷᠠᠳᠤᠨ᠎ᠠ᠃ ᠳᠥᠷᠪᠡ ᠳᠤ ᠪᠥᠬᠦ ᠬᠤᠲᠠ ᠵᠢᠴᠢ ᠡᠯ᠎ᠡ ᠬᠤᠰᠢᠭᠤ ᠰᠢᠶᠠᠨ ᠤ | ᠦᠨ᠎ᠡ ᠬᠠᠩᠰᠢ ᠶᠢᠨ ᠢᠯᠡᠴᠢᠯᠡᠨ ᠮᠡᠳᠡᠭᠦᠯᠬᠦ ᠠᠵᠢᠯ ᠢ ᠵᠢᠯᠣᠭᠤᠳᠤᠨ ᠵᠢᠷᠤᠮᠵᠢᠭᠤᠯᠵᠤ ᠵᠣᠬᠢᠴᠠᠭᠤᠯᠬᠤ ᠶᠢ ᠬᠠᠷᠢᠭᠤᠴᠠᠵᠤ᠂ ᠪᠥᠬᠦ ᠬᠤᠲᠠ ᠶᠢᠨ ᠦᠨ᠎ᠡ ᠬᠠᠩᠰᠢ ᠶᠢᠨ | ᠵᠠᠭᠠᠯᠳᠤᠯᠭ᠎ᠠ ᠶᠢᠨ ᠢᠯᠡᠴᠢᠯᠡᠨ ᠮᠡᠳᠡᠭᠦᠯᠦᠯᠲᠡ ᠶᠢ ᠭᠥᠯᠢᠶᠡᠨ ᠠᠪᠴᠤ ᠰᠢᠢᠳᠪᠦᠷᠢᠯᠡᠬᠦ ᠳᠤᠤᠷ ᠰᠦᠯᠵᠢᠶ᠎ᠡ ᠶᠢ ᠪᠠᠶᠢᠭᠤᠯᠤᠨ ᠪᠦᠷᠢᠨᠰᠢᠭᠦᠯᠦᠨ᠎ᠡ᠃ ᠲᠠᠪᠤ ᠳᠤ | 12358 ᠡᠯᠧᠺᠲᠷᠣᠨ ᠲᠠᠪᠴᠠᠩ ᠤᠨ ᠲᠥᠬᠦᠭᠡᠷᠦᠮᠵᠢ ᠶᠢᠨ ᠬᠠᠮᠢᠶᠠᠷᠤᠯᠲᠠ ᠶᠢ ᠬᠠᠷᠢᠭᠤᠴᠠᠵᠤ᠂ ᠦᠨ᠎ᠡ ᠬᠠᠩᠰᠢ ᠶᠢᠨ ᠢᠯᠡᠴᠢᠯᠡᠨ ᠮᠡᠳᠡᠭᠦᠯᠦᠯᠲᠡ ᠶᠢᠨ ᠬᠡᠷᠡᠭ ᠤᠨ | ᠮᠠᠲ᠋ᠧᠷᠢᠶᠠᠯ ᠴᠤᠭᠯᠠᠭᠤᠯᠬᠤ᠂ ᠡᠮᠬᠢᠳᠬᠡᠬᠦ᠂ ᠪᠦᠷᠢᠳᠬᠡᠬᠦ᠂ ᠵᠠᠳᠠᠯᠬᠤ᠂ ᠳᠠᠩᠰᠠᠨ ᠳᠤ ᠤᠷᠤᠯᠠᠭᠤᠯᠬᠤ ᠠᠵᠢᠯ ᠢ ᠬᠠᠷᠢᠭᠤᠴᠠᠨ᠎ᠠ᠃ ᠵᠢᠷᠭᠤᠭ᠎ᠠ ᠳᠤ ᠢᠯᠡᠴᠢᠯᠡᠨ | ᠮᠡᠳᠡᠭᠦᠯᠦᠭᠴᠢ ᠳᠤ ᠦᠨ᠎ᠡ ᠬᠠᠩᠰᠢ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠦᠷᠢᠮ ᠲᠣᠭᠲᠠᠭᠠᠯ ᠢ ᠤᠬᠠᠭᠤᠯᠤᠨ᠎ᠠ︔ ᠦᠨ᠎ᠡ ᠬᠠᠩᠰᠢ ᠶᠢᠨ | ᠵᠢᠭᠤᠷᠠᠯᠳᠤᠭᠠᠨ ᠢ ᠴᠠᠭ ᠲᠤᠬᠠᠶ ᠳᠤᠨᠢ ᠡᠶᠡᠳᠡᠭᠦᠯᠵᠦ᠂ ᠦᠨ᠎ᠡ ᠬᠠᠩᠰᠢ ᠶᠢᠨ ᠵᠥᠷᠢᠴᠡᠯ ᠢ ᠠᠷᠢᠯᠭᠠᠵᠤ᠂ ᠤᠯᠠᠨ ᠲᠦᠮᠡᠨ ᠤ ᠬᠠᠤᠯᠢ ᠶᠤᠰᠤᠨ ᠤ ᠡᠷᠭᠡ ᠠᠰᠢᠭ ᠢ | ᠬᠠᠮᠠᠭᠠᠯᠠᠨ᠎ᠠ᠃ | 12358 ᠦᠨ᠎ᠡ ᠬᠠᠩᠰᠢ ᠶᠢ ᠢᠯᠡᠴᠢᠯᠡᠨ ᠮᠡᠳᠡᠭᠦᠯᠬᠦ ᠲᠥᠪ ᠨᠢ ᠦᠨ᠎ᠡ ᠬᠠᠩᠰᠢ ᠶᠢ ᠬᠢᠨᠠᠨ ᠬᠡᠮᠵᠢᠬᠦ ᠴᠢᠳᠠᠪᠬᠢ ᠲᠠᠢ | ᠦᠨ᠎ᠡ ᠬᠠᠩᠰᠢ ᠶᠢ ᠬᠢᠨᠠᠨ ᠬᠡᠮᠵᠢᠬᠦ ᠲᠥᠪ ᠤᠨ ᠳᠤᠰᠢᠶᠠᠯ ᠬᠠᠷᠢᠭᠤᠴᠠᠯᠭ᠎ᠠ᠄ ᠡᠯ᠎ᠡ ᠬᠤᠰᠢᠭᠤ ᠳᠤᠭᠤᠷᠢᠭ ᠤᠨ ᠲᠣᠪᠴᠢᠶ᠎ᠠ ᠶᠢᠨ ᠮᠡᠳᠡᠭᠦᠯᠦᠨ ᠬᠦᠷᠭᠡᠭᠰᠡᠨ | ᠲᠤᠭ᠎ᠠ ᠪᠠᠷᠢᠮᠲᠠ ᠵᠢᠴᠢ ᠮᠠᠲ᠋ᠧᠷᠢᠶᠠᠯ ᠢ ᠬᠤᠷᠢᠶᠠᠩᠭᠤᠶᠢᠯᠠᠬᠤ ᠶᠢ ᠬᠠᠷᠢᠭᠤᠴᠠᠨ᠎ᠠ︔ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ ᠤᠨ ᠦᠨ᠎ᠡ ᠬᠠᠩᠰᠢ ᠶᠢ ᠬᠢᠨᠠᠨ | ᠬᠡᠮᠵᠢᠬᠦ ᠴᠢᠭ ᠤᠨ ᠮᠡᠳᠡᠭᠦᠯᠦᠨ ᠬᠦᠷᠭᠡᠭᠰᠡᠨ ᠲᠤᠭ᠎ᠠ ᠪᠠᠷᠢᠮᠲᠠ ᠶᠢ ᠬᠠᠷᠭᠤᠭᠤᠯᠤᠨ ᠪᠠᠶᠢᠴᠠᠭᠠᠬᠤ ᠠᠵᠢᠯ ᠢ ᠬᠠᠷᠢᠭᠤᠴᠠᠬᠤ ᠶᠢᠨ ᠬᠠᠮᠲᠤ ᠴᠤᠭᠯᠠᠭᠤᠯᠤᠭᠰᠠᠨ ᠲᠤᠭ᠎ᠠ | ᠪᠠᠷᠢᠮᠲᠠ ᠶᠢ ᠬᠠᠷᠢᠴᠠᠭᠤᠯᠬᠤ᠂ ᠵᠠᠳᠠᠯᠬᠤ᠂ ᠬᠤᠷᠢᠶᠠᠩᠭᠤᠶᠢᠯᠠᠬᠤ ᠠᠵᠢᠯ ᠢ ᠬᠠᠷᠢᠭᠤᠴᠠᠨ᠎ᠠ︔ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠦᠨ᠎ᠡ ᠬᠠᠩᠰᠢ ᠶᠢ ᠬᠢᠨᠠᠨ ᠬᠡᠮᠵᠢᠬᠦ ᠲᠥᠪ ᠬᠢᠭᠡᠳ ᠬᠤᠳᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ ᠳᠤ ᠠᠷᠠᠳ ᠤᠨ ᠠᠮᠢᠳᠤᠷᠠᠯ ᠤᠨ ᠲᠠᠸᠠᠷ ᠤᠨ ᠦᠨ᠎ᠡ ᠬᠠᠩᠰᠢ ᠶᠢᠨ ᠮᠡᠳᠡᠭᠡ ᠵᠠᠩᠭᠢ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠮᠡᠳᠡᠭᠦᠯᠬᠦ ᠶᠢ | ᠬᠠᠷᠢᠭᠤᠴᠠᠨ᠎ᠠ᠃ | ︵ᠬᠤᠷᠢᠨ ᠭᠤᠷᠪᠠ︶ ᠬᠢᠩᠭᠠᠨ ᠠᠶᠢᠮᠠᠭ ᠢ ᠳᠤᠰᠠᠯᠠᠬᠤ ᠠᠯᠪᠡᠨ ᠭᠡᠷ ᠤᠨ ᠲᠥᠷᠥᠯ ᠵᠦᠢᠯ ᠢ ᠠᠬᠢᠭᠤᠯᠬᠤ ᠰᠠᠯᠠᠭ᠎ᠠ᠄ ᠠᠵᠢᠯ ᠳᠤᠷᠤᠯ ᠢᠶᠠᠷ ᠲᠤᠰᠠᠯᠠᠨ | ᠪᠠᠶᠢᠭᠤᠯᠬᠤ ᠲᠥᠷᠥᠯ ᠵᠦᠢᠯ ︵ᠵᠠᠰᠠᠭ ᠤᠨ ᠣᠷᠳᠣᠨ ᠤ ᠲᠤᠰᠠᠯᠠᠨ ᠪᠠᠶᠢᠭᠤᠯᠬᠤ ᠪᠠ ᠠᠵᠤ ᠠᠬᠤᠶᠢᠯᠠᠯ ᠤᠨ ᠪᠠᠯᠠ ᠣᠷᠣᠭᠤᠯᠤᠯᠲᠠ ᠶᠢᠨ ᠲᠥᠷᠥᠯ ᠵᠦᠢᠯ ᠪᠠᠭᠲᠠᠨ᠎ᠠ︶ | ᠤᠨ ᠡᠳᠦᠷ ᠲᠤᠲᠤᠮ ᠤᠨ ᠪᠦᠷᠢᠳᠬᠡᠬᠦ᠂ ᠬᠠᠮᠢᠶᠠᠷᠬᠤ ᠪᠠ ᠨᠠᠶᠢᠳᠠᠪᠤᠷᠢᠵᠢᠭᠤᠯᠬᠤ ᠶᠢ ᠠᠬᠢᠭᠤᠯᠬᠤ ᠠᠵᠢᠯ ᠢ ᠶᠡᠷᠦᠩᠬᠡᠶ ᠳᠤᠨᠢ ᠬᠠᠷᠢᠭᠤᠴᠠᠨ᠎ᠠ᠃ ᠠᠵᠢᠯ ᠳᠤᠷᠤᠯ ᠢᠶᠠᠷ | ᠳᠤᠰᠠᠯᠠᠬᠤ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠲᠥᠰᠦᠪᠯᠡᠬᠦ᠂ ᠪᠣᠭᠤᠳᠠᠯᠯᠠᠬᠤ᠂ ᠲᠠᠨᠢᠯᠴᠠᠭᠤᠯᠬᠤ᠂ ᠨᠡᠶᠢᠲᠡᠯᠡᠬᠦ ᠪᠠ ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ ᠠᠵᠢᠯ ᠢ ᠬᠠᠷᠢᠭᠤᠴᠠᠨ᠎ᠠ︔ ᠠᠵᠢᠯ ᠳᠤᠷᠤᠯ ᠢᠶᠠᠷ ᠳᠤᠰᠠᠯᠠᠬᠤ ᠲᠥᠷᠥᠯ ᠵᠦᠢᠯ ᠢ ᠬᠢᠨᠠᠨ ᠵᠥᠪᠰᠢᠶᠡᠷᠡᠬᠦ ᠠᠵᠢᠯ ᠤᠨ ᠮᠥᠷᠳᠡᠨ ᠦᠢᠯᠡᠴᠢᠯᠡᠬᠦ ᠠᠵᠢᠯ ᠢ | ᠬᠠᠷᠢᠭᠤᠴᠠᠨ᠎ᠠ᠃ ᠠᠵᠤ ᠠᠬᠤᠶᠢᠯᠠᠯ ᠢ ᠬᠠᠮᠵᠢᠨ ᠪᠤᠯᠤᠮᠵᠢᠳᠤ ᠰᠤᠳᠤᠯᠤᠯ ᠤᠨ ᠮᠡᠳᠡᠬᠦᠯᠤᠯᠳᠡ᠂ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢᠨ ᠦᠨᠡᠯᠡᠯᠲᠡ ᠶᠢ | ᠨᠠᠶᠢᠷᠠᠭᠤᠯᠤᠨ ᠵᠣᠬᠢᠶᠠᠬᠤ ᠪᠠ ᠴᠤᠬᠤᠯᠠᠪᠤᠷᠢᠯᠠᠬᠤ ᠠᠵᠢᠯ ᠢ ᠥᠷᠨᠢᠭᠦᠯᠦᠨ᠎ᠡ︔ ᠨᠤᠳᠤᠭᠰᠢᠯᠠᠭᠤᠯᠤᠭᠰᠠᠨ ᠲᠥᠷᠥᠯ ᠵᠦᠢᠯ ᠤᠨ ᠠᠵᠢᠯ ᠡᠬᠢᠯᠡᠭᠦᠯᠬᠦ ᠨᠥᠬᠦᠴᠡᠯ ᠢ | ᠨᠠᠶᠢᠳᠠᠪᠤᠷᠢᠵᠢᠭᠤᠯᠬᠤ ᠠᠵᠢᠯ ᠢ ᠬᠠᠷᠢᠭᠤᠴᠠᠵᠤ᠂ ᠠᠵᠤ ᠠᠬᠤᠶᠢᠯᠠᠯ ᠢ ᠬᠠᠪᠰᠤᠷᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠶᠠᠪᠤᠴᠠ ᠳᠠᠬᠢ ᠤᠰᠤ᠂ | ᠴᠠᠬᠢᠯᠭᠠᠨ᠂ ᠭᠠᠵᠠᠷ᠂ ᠰᠢᠲᠠᠮᠠᠬᠠᠶ ᠬᠡᠶ ᠬᠡᠷᠡᠭᠯᠡᠬᠦ᠂ ᠲᠡᠮᠦᠷ ᠵᠠᠮ ᠵᠢᠴᠢ ᠡᠬᠢ ᠪᠠᠶᠠᠯᠢᠭ ᠤᠨ ᠲᠣᠬᠢᠷᠠᠭᠤᠯᠤᠯᠲᠠ ᠵᠡᠷᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ | ᠂ ᠲᠥᠷᠥᠯ ᠵᠦᠢᠯ ᠤᠨ ᠪᠠᠷᠢᠯᠭ᠎ᠠ ᠶᠢᠨ ᠠᠵᠢᠯ ᠢ ᠴᠠᠭ ᠲᠤᠬᠠᠶ ᠳᠤᠨᠢ ᠡᠬᠢᠯᠡᠬᠦᠯᠵᠤ᠂ ᠤᠷᠤᠭᠰᠢᠲᠠᠶ ᠪᠠᠷ ᠪᠥᠲᠥᠭᠡᠨ ᠪᠠᠶᠢᠭᠤᠯᠬᠤ ᠶᠢ ᠪᠠᠲᠤᠯᠠᠨ᠎ᠠ᠃ | ︵ᠬᠤᠷᠢᠨ ᠲᠥᠷᠪᠡ︶ ᠬᠢᠩᠭᠠᠨ ᠠᠶᠢᠮᠠᠭ ᠢ ᠳᠤᠰᠠᠯᠠᠬᠤ ᠠᠯᠪᠡᠨ ᠭᠡᠷ ᠤᠨ ᠶᠡᠷᠦᠩᠬᠡᠶᠢᠯᠡᠨ ᠵᠣᠬᠢᠴᠠᠭᠤᠯᠬᠤ ᠰᠠᠯᠠᠭ᠎ᠠ᠄ ᠠᠵᠢᠯ ᠳᠤᠷᠤᠯ ᠢᠶᠠᠷ ᠳᠤᠰᠠᠯᠠᠬᠤ | ᠠᠯᠪᠡᠨ ᠭᠡᠷ ᠤᠨ ᠡᠳᠦᠷ ᠲᠤᠳᠤᠮ ᠤᠨ ᠠᠵᠢᠯ ᠢ ᠶᠡᠷᠦᠩᠬᠡᠶ ᠳᠤᠨᠢ ᠬᠠᠷᠢᠭᠤᠴᠠᠨ᠎ᠠ᠃ ᠠᠵᠢᠯ ᠳᠤᠷᠤᠯ ᠢᠶᠠᠷ ᠳᠤᠰᠠᠯᠠᠬᠤ ᠠᠵᠢᠯ ᠤᠨ ᠲᠥᠷᠢᠮ ᠤᠨ | ᠪᠠᠶᠢᠭᠤᠯᠤᠯᠲᠠ ᠶᠢᠨ ᠠᠵᠢᠯ ᠢ ᠬᠠᠷᠢᠭᠤᠴᠠᠵᠤ᠂ ᠠᠵᠢᠯ ᠳᠤᠷᠤᠯ ᠢᠶᠠᠷ ᠳᠤᠰᠠᠯᠠᠬᠤ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠤᠷᠳᠤ | ᠬᠤᠭᠤᠴᠠᠭᠠᠨ ᠤ ᠪᠦᠲᠦᠮᠵᠢᠲᠡᠶ ᠠᠵᠢᠯ ᠤᠨ ᠲᠣᠭᠲᠠᠴᠠ ᠶᠢ ᠪᠤᠢ ᠪᠣᠯᠭᠠᠨ᠎ᠠ︔ ᠤᠷᠳᠤᠰ ᠬᠤᠳᠠ᠂ ᠬᠢᠩᠭᠠᠨ ᠠᠶᠢᠮᠠᠭ ᠤᠨ ᠠᠵᠢᠯ ᠳᠤᠷᠤᠯ ᠢᠶᠠᠷ ᠳᠤᠰᠠᠯᠠᠬᠤ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠡᠳᠦᠷ ᠲᠤᠳᠤᠮ ᠤᠨ ᠬᠠᠷᠢᠯᠴᠠᠬᠤ ᠠᠵᠢᠯ ᠢ ᠬᠠᠷᠢᠭᠤᠴᠠᠨ᠎ᠠ︔ ᠠᠵᠢᠯ ᠳᠤᠷᠤᠯ ᠢᠶᠠᠷ ᠳᠤᠰᠠᠯᠠᠬᠤ ᠠᠵᠢᠯ ᠤᠨ | ᠭᠠᠳᠠᠭᠠᠳᠤ ᠤᠬᠠᠭᠤᠯᠭ᠎ᠠ᠂ ᠮᠡᠳᠡᠭᠡ ᠵᠠᠩᠭᠢ ᠨᠡᠶᠢᠲᠡᠯᠡᠬᠦ ᠵᠢᠴᠢ ᠵᠠᠷᠯᠠᠬᠤ ᠠᠵᠢᠯ ᠢ ᠬᠠᠷᠢᠭᠤᠴᠠᠨ᠎ᠠ︔ ᠠᠵᠢᠯ ᠳᠤᠷᠤᠯ ᠢᠶᠠᠷ ᠳᠤᠰᠠᠯᠠᠬᠤ ᠲᠥᠯᠥᠪᠵᠢᠭᠦᠯᠭᠡ᠂ | ᠲᠥᠰᠦᠯ ᠢ ᠨᠠᠶᠢᠷᠠᠭᠤᠯᠤᠨ ᠵᠣᠬᠢᠶᠠᠬᠤ ᠪᠠ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠠᠵᠢᠯ ᠢ ᠬᠠᠷᠢᠭᠤᠴᠠᠵᠤ᠂ ᠪᠠᠶᠢᠴᠠᠭᠠᠨ ᠰᠤᠳᠤᠯᠤᠯᠳᠠ ᠬᠢᠬᠦ ᠶᠢ ᠥᠷᠨᠢᠭᠦᠯᠬᠦ ᠶᠢᠨ | ᠬᠠᠮᠲᠤ᠂ ᠬᠤᠲᠠ ᠶᠢᠨ ᠠᠵᠢᠯ ᠳᠤᠷᠤᠯ ᠢᠶᠠᠷ ᠳᠤᠰᠠᠯᠠᠬᠤ ᠠᠵᠢᠯ ᠤᠨ ᠤᠳᠤᠷᠢᠳᠬᠤ ᠳᠤᠭᠤᠶᠢᠯᠠᠩ ᠳᠤ ᠲᠥᠷᠥ ᠶᠢᠨ ᠪᠣᠳᠣᠯᠭ᠎ᠠ᠂ ᠠᠷᠭ᠎ᠠ ᠬᠡᠮᠵᠢᠶ᠎ᠡ ᠳᠤ | ᠲᠣᠬᠢᠷᠠᠭᠤᠯᠤᠯᠲᠠ ᠬᠢᠬᠦ ᠪᠣᠯᠤᠮᠵᠢᠲᠤ ᠰᠠᠨᠠᠯ ᠰᠠᠨᠠᠭᠤᠯᠭ᠎ᠠ ᠶᠢ ᠴᠠᠭ ᠳᠤᠬᠠᠢ ᠳᠤᠨᠢ ᠳᠤᠷᠠᠳᠤᠨ᠎ᠠ︔ ᠠᠵᠢᠯ ᠳᠤᠷᠤᠯ ᠢᠶᠠᠷ ᠳᠤᠰᠠᠯᠠᠬᠤ ᠶᠢᠨ ᠲᠤᠰᠠᠯᠠᠨ ᠪᠠᠶᠢᠭᠤᠯᠬᠤ | ᠪᠡᠯᠡ ᠮᠥᠩᠭᠦ ᠶᠢ ᠨᠢᠭᠡᠳᠦᠯᠲᠡᠶ ᠲᠦᠯᠦᠪᠯᠡᠨ ᠲᠣᠬᠢᠷᠠᠭᠤᠯᠬᠤ ᠶᠢ ᠬᠠᠷᠢᠭᠤᠴᠠᠵᠤ᠂ ᠲᠤᠰᠠᠯᠠᠨ ᠪᠠᠶᠢᠭᠤᠯᠬᠤ ᠲᠥᠷᠥᠯ ᠵᠦᠢᠯ ᠤᠨ ᠪᠡᠯᠡ ᠮᠥᠩᠭᠦ ᠶᠢ ᠴᠠᠭ ᠲᠤᠬᠠᠶ | ᠳᠤᠨᠢ᠂ ᠭᠦᠢᠴᠡᠳ ᠲᠤᠭ᠎ᠠ ᠪᠠᠷ ᠰᠠᠯᠭᠠᠨ ᠥᠭᠴᠦ ᠤᠷᠤᠨᠵᠢᠭᠤᠯᠬᠤ ᠶᠢ ᠦᠨᠡᠨᠬᠦ ᠪᠠᠲᠤᠯᠠᠨ᠎ᠠ᠃ | ︵ᠬᠤᠷᠢᠨ ᠲᠠᠪᠤ︶ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠰᠠᠯᠠᠭ᠎ᠠ᠄ ᠪᠦᠬᠦ ᠬᠤᠳᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ᠂ | ᠥᠭᠡᠷᠡᠴᠢᠯᠡᠯᠲᠡ ᠨᠡᠭᠡᠭᠡᠯᠳᠠ ᠪᠠ ᠤᠯᠤᠰ ᠠᠷᠠᠳ ᠤᠨ ᠠᠵᠤ ᠠᠬᠤᠶ ᠶᠢᠨ ᠴᠢᠬᠤᠯᠠ ᠠᠰᠠᠭᠤᠳᠠᠯ ᠢ ᠵᠣᠬᠢᠶᠠᠨ ᠪᠠᠶᠢᠭᠤᠯᠤᠨ ᠰᠤᠳᠤᠯᠤᠨ᠎ᠠ︔ ᠬᠠᠮᠢᠶ᠎ᠠ ᠪᠦᠬᠦᠢ ᠬᠠᠤᠯᠢ | ᠲᠣᠭᠲᠠᠭᠠᠯ᠂ ᠲᠣᠭᠲᠠᠭᠠᠯ ᠳᠦᠷᠢᠮ ᠤᠨ ᠲᠥᠰᠦᠯ ᠢ ᠵᠣᠬᠢᠶᠠᠨ ᠪᠠᠶᠢᠭᠤᠯᠤᠨ ᠲᠤᠭᠤᠷᠪᠢᠨ᠎ᠠ︔ ᠪᠠᠶᠢᠭᠤᠯᠭ᠎ᠠ ᠶᠢᠨ ᠬᠠᠮᠢᠶ᠎ᠠ ᠪᠦᠬᠦᠢ ᠵᠢᠷᠤᠮᠵᠢᠯ ᠤᠨ ᠴᠢᠨᠠᠷ ᠲᠠᠢ | ᠪᠢᠴᠢᠭ ᠮᠠᠲ᠋ᠧᠷᠢᠶᠠᠯ ᠤᠨ ᠬᠠᠤᠯᠢ ᠶᠤᠰᠤᠴᠢ ᠴᠢᠨᠠᠷ ᠢ ᠬᠢᠨᠠᠨ ᠬᠠᠷᠭᠤᠭᠤᠯᠬᠤ ᠠᠵᠢᠯ ᠢ ᠡᠭᠦᠷᠭᠡᠯᠡᠨ᠎ᠡ︔ ᠵᠠᠰᠠᠭ ᠵᠠᠬᠢᠷᠭᠠᠨ ᠤ ᠬᠠᠮᠢᠶ᠎ᠠ ᠪᠥᠬᠦᠶ ᠳᠠᠬᠢᠨ ᠵᠥᠪᠯᠡᠬᠦ᠂ | ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠡᠭᠦᠷᠭᠡᠯᠡᠨ᠎ᠡ︔᠂ ᠪᠥᠬᠦ ᠬᠤᠲᠠ ᠶᠢᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠵᠢᠯ ᠢ | ᠳᠤᠭᠳᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠵᠢᠯᠣᠭᠤᠳᠤᠨ ᠵᠣᠬᠢᠴᠠᠭᠤᠯᠤᠨ᠎ᠠ᠃ | ︵ᠬᠤᠷᠢᠨ ᠵᠢᠷᠭᠤᠭ᠎ᠠ︶ ᠬᠥᠭᠵᠢᠭᠦᠯᠦᠯᠲᠡ ᠶᠢᠨ ᠰᠤᠳᠤᠯᠤᠯ ᠤᠨ ᠲᠥᠪ᠄ ᠪᠦᠬᠦ ᠬᠤᠲᠠ ᠶᠢᠨ ᠨᠡᠶᠢᠭᠡᠮ ᠤᠨ ᠪᠠᠶᠢᠯᠳᠤᠬᠤ ᠪᠣᠳᠣᠯᠭ᠎ᠠ᠂ ᠬᠤᠷᠸ᠎ᠠ ᠠᠵᠤ | ᠠᠬᠤᠢ ᠶᠢᠨ ᠰᠤᠳᠤᠯᠤᠯ ᠪᠠ ᠯᠠᠪᠯᠠᠯᠭ᠎ᠠ ᠶᠢ ᠬᠠᠷᠢᠭᠤᠴᠠᠨ᠎ᠠ᠃ ᠪᠦᠬᠦ ᠬᠤᠳᠠ ᠶᠢᠨ ᠨᠡᠶᠢᠭᠡᠮ᠂ ᠠᠵᠤ ᠠᠬᠤᠢ ᠶᠢᠨ ᠬᠥᠭᠵᠢᠯᠲᠡ ᠲᠠᠢ ᠨᠢᠭᠲᠠ ᠬᠤᠯᠪᠤᠭᠳᠠᠯ ᠲᠠᠢ | ᠬᠠᠯᠠᠮᠰᠢᠯ᠂ ᠭᠤᠤᠯᠳᠠᠯᠭ᠎ᠠ ᠲᠠᠢ᠂ ᠬᠦᠴᠢᠷ ᠲᠠᠢ ᠠᠰᠠᠭᠤᠳᠠᠯ ᠢ ᠰᠤᠳᠤᠯᠤᠨ᠎ᠠ︔ ᠲᠤᠰᠬᠠᠶ ᠰᠡᠳᠦᠪ᠂ ᠲᠥᠯᠥᠪᠵᠢᠭᠦᠯᠭᠡ ᠶᠢᠨ ᠯᠠᠪᠯᠠᠯᠭ᠎ᠠ︔ ᠵᠠᠰᠠᠭ ᠤᠨ ᠣᠷᠳᠣᠨ ᠢ | ᠬᠠᠮᠵᠢᠨ ᠴᠢᠬᠤᠯᠠ ᠶᠡᠭᠡ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠲᠥᠯᠥᠪᠵᠢᠭᠦᠯᠭᠡ᠂ ᠯᠠᠪᠯᠠᠨ ᠨᠤᠲᠠᠯᠠᠬᠤ᠂ ᠰᠡᠭᠦᠯᠴᠢ ᠶᠢᠨ ᠬᠤᠭᠤᠴᠠᠭᠠᠨ ᠤ ᠨᠤᠲᠠᠯᠠᠯᠲᠠ | ᠬᠢᠵᠦ ᠦᠨᠡᠯᠡᠨ ᠵᠢᠱᠢᠬᠦ ᠠᠵᠢᠯ ᠢ ᠬᠢᠨ᠎ᠡ︔ ᠬᠤᠷᠸ᠎ᠠ ᠠᠵᠤ ᠠᠬᠤᠢ᠂ ᠲᠤᠰᠬᠠᠶ ᠰᠡᠳᠦᠪ᠂ ᠲᠥᠯᠥᠪᠵᠢᠭᠦᠯᠭᠡ ᠵᠡᠷᠭᠡ ᠮᠡᠳᠡᠭᠡ ᠵᠠᠩᠭᠢ ᠶᠢᠨ ᠯᠠᠪᠯᠠᠯᠭ᠎ᠠ ᠶᠢᠨ | ᠦᠢᠯᠡᠴᠢᠯᠡᠭᠡ ᠬᠠᠩᠭᠠᠨ᠎ᠠ᠃ | ︵ᠬᠤᠷᠢᠨ ᠲᠤᠯᠤᠭ᠎ᠠ︶ ᠮᠡᠳᠡᠭᠡ ᠵᠠᠩᠭᠢ ᠶᠢᠨ ᠲᠥᠪ᠄ ᠪᠥᠬᠦ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠰᠢᠰᠲ᠋ᠧᠮ ᠤᠨ ᠮᠡᠳᠡᠭᠡ ᠵᠠᠩᠬᠢᠴᠢᠯᠠᠯᠳᠠ | ᠶᠢᠨ ᠪᠠᠶᠢᠭᠤᠯᠤᠯᠳᠠ᠂ ᠮᠡᠳᠡᠭᠡ ᠵᠠᠩᠬᠢᠴᠢᠯᠠᠯᠳᠠ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ᠂ ᠮᠡᠳᠡᠭᠡ ᠵᠠᠩᠭᠢᠴᠢᠯᠠᠭᠰᠠᠨ ᠦᠢᠯᠡᠳᠬᠦᠨ ᠢ ᠰᠤᠳᠤᠯᠤᠨ | ᠦᠢᠯᠡᠳᠴᠦ ᠨᠡᠭᠡᠭᠡᠯᠳᠡ ᠬᠢᠬᠦ ᠶᠢ ᠬᠠᠷᠢᠭᠤᠴᠠᠨ᠎ᠠ︔ ᠬᠥᠭᠵᠢᠭᠦᠯᠦᠯᠲᠡ ᠥᠭᠡᠷᠡᠴᠢᠯᠡᠯᠲᠡ ᠶᠢᠨ ᠠᠵᠢᠯ ᠢ ᠤᠬᠠᠭᠤᠯᠤᠨ᠎ᠠ᠃ | ︵ᠬᠤᠷᠢᠨ ᠨᠠᠢᠮᠠ︶ ᠣᠷᠳᠣᠰ ᠬᠤᠲᠠ ᠶᠢᠨ ᠨᠡᠶᠢᠭᠡᠮ ᠤᠨ ᠢᠲᠡᠭᠡᠮᠵᠢ ᠶᠢᠨ ᠬᠠᠮᠢᠶᠠᠷᠤᠯᠲᠠ ᠶᠢᠨ ᠲᠥᠪ᠄ ᠨᠡᠶᠢᠭᠡᠮ ᠤᠨ ᠢᠲᠡᠭᠡᠮᠵᠢ ᠶᠢᠨ ᠳᠤᠭᠳᠠᠯᠴᠠᠭ᠎ᠠ ᠶᠢᠨ | ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠬᠠᠮᠢᠶ᠎ᠠ ᠪᠥᠬᠦᠶ ᠠᠵᠢᠯ ᠢ ᠡᠭᠦᠷᠭᠡᠯᠡᠨ᠎ᠡ︔ ᠨᠡᠶᠢᠭᠡᠮ ᠤᠨ ᠢᠲᠡᠭᠡᠮᠵᠢ ᠶᠢᠨ ᠳᠤᠭᠳᠠᠯᠴᠠᠭ᠎ᠠ ᠶᠢᠨ | ᠪᠠᠶᠢᠭᠤᠯᠤᠯᠲᠠ ᠶᠢᠨ ᠳᠤᠮᠳᠠ ᠣᠷᠳᠣ ᠬᠤᠭᠤᠴᠠᠭᠠᠨ ᠤ ᠲᠥᠯᠥᠪᠵᠢᠭᠦᠯᠭᠡ ᠶᠢᠨ ᠠᠵᠢᠯ ᠢ ᠲᠤᠭᠤᠷᠪᠢᠨ ᠪᠢᠴᠢᠬᠦ ᠳᠤ ᠣᠷᠣᠯᠴᠠᠵᠤ᠂ ᠬᠠᠮᠢᠶ᠎ᠠ ᠪᠥᠬᠦᠶ ᠲᠥᠷᠥ ᠶᠢᠨ | ᠪᠣᠳᠣᠯᠭ᠎ᠠ ᠠᠷᠭ᠎ᠠ ᠬᠡᠮᠵᠢᠶ᠎ᠡ ᠶᠢᠨ ᠰᠠᠨᠠᠭᠤᠯᠭ᠎ᠠ ᠳᠤᠷᠠᠳᠤᠨ᠎ᠠ︔ ᠬᠤᠰᠢᠭᠤ ᠳᠤᠭᠤᠷᠢᠭ᠂ ᠠᠵᠢᠯ ᠲᠥᠷᠥᠯ ᠢ ᠵᠢᠯᠤᠭᠤᠳᠤᠨ ᠨᠡᠶᠢᠭᠡᠮ ᠤᠨ ᠢᠲᠡᠭᠡᠮᠵᠢ ᠶᠢᠨ | ᠳᠤᠭᠳᠠᠯᠴᠠᠭ᠎ᠠ ᠶᠢᠨ ᠪᠠᠶᠢᠭᠤᠯᠤᠯᠲᠠ ᠶᠢᠨ ᠠᠵᠢᠯ ᠢ ᠦᠷᠨᠢᠬᠦᠯᠦᠨ᠎ᠡ︔ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠵᠢᠴᠢ ᠳ᠋ᠠᠶᠢᠲ᠋ᠠ ᠶᠢᠨ | ᠬᠥᠮᠥᠷᠭᠡ ᠶᠢᠨ ᠪᠠᠶᠢᠭᠤᠯᠤᠯᠲᠠ ᠬᠠᠮᠠᠭᠠᠯᠠᠯᠲᠠ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ︔ ᠬᠤᠯᠪᠣᠭᠳᠠᠯ ᠪᠥᠬᠦᠢ ᠰᠠᠯᠠᠭ᠎ᠠ ᠮᠥᠴᠢᠷ ᠬᠢᠭᠡᠳ ᠨᠡᠶᠢᠭᠡᠮ ᠳᠤ | ᠢᠲᠡᠭᠡᠮᠵᠢ ᠶᠢᠨ ᠮᠡᠳᠡᠭᠡ ᠵᠠᠩᠭᠢ ᠶᠢᠨ ᠦᠢᠯᠡᠴᠢᠯᠡᠭᠡ ᠬᠢᠭᠡᠳ ᠯᠠᠪᠯᠠᠯᠭ᠎ᠠ ᠶᠢᠨ ᠦᠢᠯᠡᠴᠢᠯᠡᠭᠡ ᠬᠠᠩᠭᠠᠨ᠎ᠠ᠃ | ︵ᠬᠤᠷᠢ ᠶᠢᠰᠦ︶ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠲᠣᠭᠲᠠᠭᠠᠬᠤ ᠲᠥᠪ᠄ ᠲᠤᠰᠬᠠᠶ ᠮᠡᠷᠭᠡᠵᠢᠯᠳᠡᠨ ᠢ ᠵᠣᠬᠢᠶᠠᠨ ᠪᠠᠶᠢᠭᠤᠯᠤᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠬᠢᠨᠠᠨ ᠵᠥᠪᠰᠢᠶᠡᠷᠡᠬᠦ ᠪᠤᠶᠤ ᠰᠢᠯᠵᠢᠭᠦᠯᠦᠨ ᠵᠥᠪᠰᠢᠶᠡᠷᠡᠭᠦᠯᠬᠦ ᠲᠦᠷᠦᠯ ᠵᠦᠢᠯ ᠤᠨ ᠪᠣᠯᠤᠮᠵᠢᠲᠤ ᠰᠤᠳᠤᠯᠭᠠᠨ ᠤ | ᠮᠡᠳᠡᠭᠦᠯᠦᠯᠲᠡ ᠪᠠ ᠠᠩᠬ᠎ᠠ ᠠᠯᠬᠤᠮ ᠤᠨ ᠵᠢᠷᠤᠭ ᠲᠥᠯᠥᠪᠯᠡᠭᠡ ᠶᠢ ᠬᠢᠨᠠᠨ ᠬᠠᠷᠭᠤᠭᠤᠯᠵᠤ᠂ ᠴᠤᠬᠤᠯᠠᠪᠤᠷᠢᠯᠠᠨ ᠬᠠᠷᠢᠭᠤᠯᠬᠤ ᠵᠢᠴᠢ ᠰᠢᠯᠵᠢᠭᠦᠯᠦᠨ ᠮᠡᠳᠡᠭᠦᠯᠬᠦ | ᠲᠦᠷᠦᠯ ᠵᠦᠢᠯ ᠤᠨ ᠪᠣᠯᠤᠮᠵᠢᠲᠤ ᠴᠢᠨᠠᠷ᠂ ᠪᠠᠯᠠ ᠣᠷᠣᠭᠤᠯᠤᠯᠲᠠ ᠶᠢᠨ ᠲᠦᠢᠮᠣ ᠲᠥᠰᠦᠪ ᠲᠤ ᠠᠩᠬ᠎ᠠ ᠠᠯᠬᠤᠮ ᠬᠢᠨᠠᠨ ᠲᠣᠭᠲᠠᠭᠠᠬᠤ ᠰᠠᠨᠠᠯ ᠳᠤᠷᠠᠳᠴᠤ ᠯᠠᠪᠯᠠᠯᠲᠠ | ᠪᠣᠯᠭᠠᠨ᠎ᠠ︔ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠦᠷᠦᠯ ᠵᠦᠢᠯ ᠤᠨ ᠰᠡᠭᠦᠯᠴᠢ ᠶᠢᠨ ᠦᠨᠡᠯᠡᠯᠳᠡ ᠶᠢᠨ ᠠᠵᠢᠯ ᠢ ᠡᠬᠦᠷᠭᠡᠯᠡᠨ᠎ᠡ᠃ | ︵ᠭᠤᠴᠢ︶ ᠦᠨ᠎ᠡ ᠬᠠᠩᠰᠢ ᠳᠤ ᠬᠢᠨᠠᠯᠲᠠ ᠲᠠᠯᠪᠢᠵᠤ ᠪᠠᠶᠢᠴᠠᠭᠠᠬᠤ ᠲᠣᠪᠴᠢᠶ᠎ᠠ᠄ ᠤᠯᠤᠰ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠦᠨ᠎ᠡ | ᠬᠠᠩᠰᠢ ᠶᠢᠨ ᠬᠢᠨᠠᠯᠲᠠ ᠪᠠᠶᠢᠴᠠᠭᠠᠯᠲᠠ ᠶᠢᠨ ᠳᠤᠬᠠᠢ ᠬᠠᠮᠢᠶ᠎ᠠ ᠪᠥᠬᠦᠶ ᠬᠠᠤᠯᠢ ᠴᠠᠭᠠᠵᠠ᠂ ᠬᠠᠤᠯᠢ ᠲᠣᠭᠲᠠᠭᠠᠯ ᠵᠢᠴᠢ ᠡᠯ᠎ᠡ ᠵᠦᠢᠯ ᠤᠨ ᠴᠢᠭᠯᠡᠯᠲᠡ᠂ ᠲᠥᠷᠥ ᠶᠢᠨ | ᠪᠣᠳᠣᠯᠭ᠎ᠠ ᠶᠢ ᠳᠤᠤᠱᠯᠠᠭᠤᠯᠤᠨ᠎ᠠ︔ ᠬᠤᠷᠸ᠎ᠠ ᠲᠣᠬᠢᠷᠠᠭᠤᠯᠤᠯᠲᠠ ᠶᠢ ᠴᠢᠩᠭᠠᠳᠬᠠᠨ ᠰᠠᠶᠢᠵᠢᠷᠠᠭᠤᠯᠤᠨ᠎ᠠ︔ ᠦᠨ᠎ᠡ ᠬᠠᠩᠰᠢ ᠳᠤ ᠬᠢᠨᠠᠯᠲᠠ ᠳᠠᠯᠪᠢᠬᠤ ᠶᠢ | ᠬᠡᠷᠡᠭᠵᠢᠭᠦᠯᠦᠨ᠎ᠡ︔ ᠵᠤᠭᠤᠰᠤᠨ ᠤ ᠬᠠᠩᠰᠢ ᠮᠠᠭᠤᠳᠠᠬᠤ ᠶᠢ ᠬᠤᠷᠢᠭᠯᠠᠵᠤ᠂ ᠦᠨ᠎ᠡ ᠬᠠᠩᠰᠢ ᠶᠢᠨ ᠭᠠᠭᠴᠠᠭᠠᠷ ᠡᠵᠡᠮᠰᠢᠯ ᠤᠨ ᠠᠵᠢᠯᠯᠠᠭ᠎ᠠ ᠶᠢ ᠬᠠᠤᠯᠢ ᠶᠣᠰᠣᠭᠠᠷ | ᠪᠠᠶᠢᠴᠠᠭᠠᠨ ᠰᠢᠢᠳᠪᠦᠷᠢᠯᠡᠵᠦ᠂ ᠦᠨ᠎ᠡ ᠬᠠᠩᠰᠢ ᠶᠢᠨ ᠡᠮᠬᠢ ᠵᠢᠷᠤᠮ ᠢ ᠵᠢᠷᠤᠮᠵᠢᠭᠤᠯᠤᠨ᠂ ᠵᠠᠬ᠎ᠠ ᠳᠡᠯᠭᠡᠭᠦᠷ ᠤᠨ ᠲᠣᠭᠲᠠᠭᠤᠨ ᠢ ᠪᠠᠲᠤᠯᠠᠵᠤ᠂ ᠤᠯᠤᠰ ᠠᠷᠠᠳ ᠤᠨ | ᠠᠵᠤ ᠠᠬᠤᠶ ᠶᠢᠨ ᠦᠷᠬᠦᠯᠵᠢᠬᠦᠶᠢᠴᠡ᠂ ᠲᠦᠷᠭᠡᠨ᠂ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ︔ ᠪᠥᠬᠦ ᠬᠤᠲᠠ ᠶᠢᠨ ᠦᠨ᠎ᠡ ᠬᠠᠩᠰᠢ ᠶᠢᠨ ᠬᠢᠨᠠᠯᠳᠠ | ᠪᠠᠶᠢᠴᠠᠭᠠᠯᠲᠠ ᠶᠢᠨ ᠲᠥᠷᠥ ᠶᠢᠨ ᠪᠣᠳᠣᠯᠭ᠎ᠠ᠂ ᠳᠦᠷᠢᠮ ᠲᠣᠭᠲᠠᠭᠠᠯ ᠢ ᠰᠤᠳᠤᠯᠤᠨ ᠲᠣᠭᠲᠠᠭᠠᠨ᠎ᠠ︔ ᠦᠨᠳᠦᠰᠦᠨ ᠱᠠᠲᠤᠨ ᠤ ᠦᠨ᠎ᠡ ᠬᠠᠩᠰᠢ ᠶᠢ ᠬᠢᠨᠠᠯᠳᠠ | ᠳᠠᠯᠪᠢᠵᠤ ᠪᠠᠶᠢᠴᠠᠭᠠᠬᠤ ᠪᠠᠶᠢᠭᠤᠯᠤᠮᠵᠢ ᠶᠢᠨ ᠪᠠᠶᠢᠴᠠᠭᠠᠬᠤ ᠠᠵᠢᠯ ᠥᠷᠨᠢᠭᠦᠯᠬᠦ ᠶᠢ ᠵᠢᠯᠣᠭᠤᠳᠬᠤ ᠶᠢᠨ ᠬᠠᠮᠲᠤ ᠦᠨ᠎ᠡ ᠬᠠᠩᠰᠢ ᠳᠤ ᠬᠢᠨᠠᠯᠲᠠ ᠲᠠᠯᠪᠢᠵᠤ ᠪᠠᠶᠢᠴᠠᠭᠠᠬᠤ | ᠪᠠ ᠦᠨ᠎ᠡ ᠬᠠᠩᠰᠢ ᠶᠢᠨ ᠬᠠᠤᠯᠢ ᠵᠦᠷᠢᠴᠡᠭᠰᠡᠨ ᠦᠢᠯᠡ ᠠᠵᠢᠯᠯᠠᠭ᠎ᠠ ᠶᠢ ᠰᠢᠢᠳᠪᠦᠷᠢᠯᠡᠬᠦ ᠡᠷᠬᠡ ᠲᠤᠰᠢᠶᠠᠯ ᠢᠶᠠᠨ ᠬᠠᠤᠯᠢ ᠶᠣᠰᠣᠭᠠᠷ ᠬᠡᠷᠡᠭᠵᠢᠭᠦᠯᠵᠦ᠂ ᠤᠯᠤᠰ | ᠣᠷᠣᠨ᠂ ᠬᠠᠮᠲᠤ ᠨᠡᠶᠢᠳᠡ ᠬᠢᠭᠡᠳ ᠬᠡᠷᠡᠭᠯᠡᠭᠴᠢᠳ ᠤᠨ ᠬᠠᠤᠯᠢ ᠶᠤᠰᠤᠨ ᠤ ᠡᠷᠭᠡ ᠠᠰᠢᠭ ᠢ ᠬᠠᠮᠠᠭᠠᠯᠠᠨ᠎ᠠ᠃ | ︵ᠭᠤᠴᠢᠨ ᠨᠢᠭᠡ︶ ᠦᠨ᠎ᠡ ᠬᠠᠩᠰᠢ ᠶᠢᠨ ᠥᠪᠡᠷ ᠤᠨ ᠥᠷᠲᠡᠭ ᠢ ᠪᠠᠶᠢᠴᠠᠭᠠᠬᠤ ᠬᠢᠨᠠᠨ ᠪᠠᠶᠢᠴᠠᠭᠠᠬᠤ ᠲᠣᠪᠴᠢᠶ᠎ᠠ᠄ ᠪᠥᠬᠦ ᠬᠤᠲᠠ ᠶᠢᠨ ᠦᠨ᠎ᠡ | ᠬᠠᠩᠰᠢ ᠶᠢᠨ ᠥᠪᠡᠷ ᠤᠨ ᠥᠷᠲᠡᠭ ᠤᠨ ᠪᠠᠶᠢᠴᠠᠭᠠᠯᠲᠠ ᠶᠢᠨ ᠠᠵᠢᠯ ᠤᠨ ᠲᠦᠷᠢᠮ᠂ ᠲᠥᠯᠥᠪᠯᠡᠭᠡ᠂ ᠲᠥᠰᠦᠯ ᠪᠠ ᠬᠠᠮᠢᠶ᠎ᠠ ᠪᠥᠬᠦᠶ ᠲᠣᠭᠲᠠᠭᠠᠯ ᠢ ᠬᠠᠷᠢᠭᠤᠴᠠᠨ | ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠪᠥᠬᠦ ᠬᠤᠲᠠ ᠶᠢᠨ ᠴᠢᠬᠤᠯᠠ ᠲᠠᠸᠠᠷ ᠪᠠ ᠦᠢᠯᠡᠴᠢᠯᠡᠭᠡᠨ ᠤ ᠦᠨ᠎ᠡ | ᠬᠠᠩᠰᠢ ᠶᠢᠨ ᠥᠪᠡᠷ ᠤᠨ ᠥᠷᠲᠡᠭ ᠤᠨ ᠬᠢᠨᠠᠨ ᠪᠠᠶᠢᠴᠠᠭᠠᠬᠤ ᠭᠠᠷᠴᠠᠭ ᠢ ᠲᠣᠭᠲᠠᠭᠠᠨ᠎ᠠ︔ ᠬᠤᠲᠠ ᠶᠢᠨ ᠥᠪᠡᠷ ᠤᠨ ᠥᠷᠲᠡᠭ ᠢ ᠬᠢᠨᠠᠨ ᠪᠠᠶᠢᠴᠠᠭᠠᠬᠤ ᠭᠠᠷᠴᠠᠭ ᠲᠤ | ᠵᠢᠭᠰᠠᠭᠠᠨ ᠣᠷᠣᠭᠤᠯᠤᠭᠰᠠᠨ ᠪᠠ ᠤᠯᠤᠰ᠂ ᠥᠪᠡᠷᠲᠡᠭᠡᠨ ᠵᠠᠰᠠᠬᠤ ᠣᠷᠣᠨ ᠠᠴᠠ ᠡᠷᠬᠡ ᠣᠯᠭᠤᠵᠤ ᠥᠪᠡᠷ ᠤᠨ ᠥᠷᠲᠡᠭ ᠢ ᠬᠢᠨᠠᠨ ᠪᠠᠶᠢᠴᠠᠭᠠᠬᠤ ᠶᠢ ᠬᠡᠷᠡᠭᠵᠢᠬᠦᠯᠬᠦ | ᠲᠠᠸᠠᠷ ᠪᠠ ᠦᠢᠯᠡᠴᠢᠯᠡᠭᠡᠨ ᠤ ᠦᠨ᠎ᠡ ᠬᠠᠩᠰᠢ ᠳᠤ᠂ ᠦᠨ᠎ᠡ ᠬᠠᠩᠰᠢ ᠶᠢ ᠲᠣᠭᠲᠠᠭᠠᠨ ᠳᠣᠭᠢᠷᠠᠭᠤᠯᠬᠤ ᠠᠴᠠ ᠡᠮᠦᠨᠡᠬᠢ ᠬᠤᠭᠤᠴᠠᠭᠠᠨ ᠤ ᠬᠢᠨᠠᠨ ᠪᠠᠶᠢᠴᠠᠭᠠᠬᠤ | ᠠᠵᠢᠯ ᠢ ᠦᠷᠨᠢᠬᠦᠯᠦᠨ᠎ᠡ︔ ᠪᠥᠬᠦ ᠬᠤᠲᠠ ᠶᠢᠨ ᠲᠠᠷᠢᠶᠠᠯᠠᠩ ᠤᠨ ᠪᠦᠲᠦᠭᠡᠭᠳᠡᠬᠦᠨ ᠤ ᠥᠪᠡᠷ ᠤᠨ ᠥᠷᠲᠡᠭ ᠤᠨ ᠪᠠᠶᠢᠴᠠᠭᠠᠯᠲᠠ ᠶᠢᠨ ᠠᠵᠢᠯ ᠢ ᠥᠷᠨᠢᠭᠦᠯᠵᠦ᠂ ᠪᠥᠬᠦ | ᠬᠤᠲᠠ ᠶᠢᠨ ᠲᠠᠷᠢᠶᠠᠯᠠᠩ ᠤᠨ ᠪᠦᠲᠦᠭᠡᠭᠳᠡᠬᠦᠨ ᠤ ᠥᠪᠡᠷ ᠤᠨ ᠥᠷᠲᠡᠭ ᠤᠨ ᠪᠠᠶᠢᠩᠭᠤ ᠶᠢᠨ ᠪᠠᠶᠢᠴᠠᠭᠠᠯᠲᠠ᠂ ᠲᠤᠰᠬᠠᠶ ᠪᠠᠶᠢᠴᠠᠭᠠᠯᠲᠠ ᠪᠠ ᠰᠢᠭᠤᠳ ᠮᠡᠳᠡᠭᠦᠯᠬᠦ | ᠪᠠᠶᠢᠴᠠᠭᠠᠯᠲᠠ ᠶᠢᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠬᠦᠯᠤᠨ᠎ᠡ︔ ᠭᠤᠣᠯ ᠪᠣᠯᠬᠤ ᠲᠠᠷᠢᠶᠠᠯᠠᠩ ᠤᠨ ᠪᠦᠲᠦᠭᠡᠭᠳᠡᠬᠦᠨ᠂ ᠴᠢᠬᠤᠯᠠ ᠲᠠᠸᠠᠷ᠂ ᠦᠢᠯᠡᠴᠢᠯᠡᠭᠡ ᠪᠠ | ᠰᠦᠢᠳᠬᠡᠯ ᠬᠤᠷᠢᠶᠠᠬᠤ ᠦᠨ᠎ᠡ ᠬᠠᠩᠰᠢ ᠶᠢᠨ ᠥᠪᠡᠷ ᠤᠨ ᠦᠷᠳᠡᠭ ᠤᠨ ᠳ᠋ᠠᠶᠢᠲ᠋ᠠ ᠬᠥᠮᠥᠷᠭᠡ ᠶᠢ ᠪᠠᠶᠢᠭᠤᠯᠵᠤ᠂ ᠥᠪᠡᠷ ᠤᠨ ᠦᠷᠳᠡᠭ ᠤᠨ ᠵᠠᠷᠤᠳᠠᠯ ᠤᠨ | ᠪᠦᠷᠢᠯᠳᠦᠯ ᠢ ᠰᠤᠳᠤᠯᠵᠤ᠂ ᠥᠪᠡᠷ ᠤᠨ ᠦᠷᠳᠡᠭ ᠤᠨ ᠵᠠᠷᠤᠳᠠᠯ ᠤᠨ ᠬᠤᠪᠢᠷᠠᠯᠲᠠ ᠶᠢᠨ ᠬᠠᠨᠳᠤᠰᠢ ᠶᠢ ᠵᠠᠳᠠᠯᠵᠤ᠂ ᠵᠠᠰᠠᠭ ᠤᠨ ᠣᠷᠳᠣᠨ ᠤ ᠦᠨ᠎ᠡ ᠬᠠᠩᠰᠢ ᠶᠢᠨ | ᠲᠥᠷᠦ ᠶᠢᠨ ᠪᠣᠳᠤᠯᠭ᠎ᠠ ᠲᠣᠭᠲᠠᠭᠠᠬᠤ ᠪᠠ ᠲᠤᠬᠢᠷᠠᠭᠤᠯᠤᠯᠳᠠ ᠬᠢᠬᠦ ᠳᠤ ᠰᠢᠢᠳᠪᠦᠷᠢᠲᠦ ᠪᠤᠳᠤᠯᠭ᠎ᠠ ᠲᠣᠭᠲᠠᠭᠠᠬᠤ ᠦᠨᠳᠦᠰᠦᠯᠡᠯ ᠬᠠᠩᠭᠠᠨ᠎ᠠ᠃ | ︵ᠭᠤᠴᠢᠨ ᠬᠤᠶᠠᠷ︶ ᠦᠨ᠎ᠡ ᠬᠠᠩᠰᠢ ᠶᠢ ᠮᠠᠭᠠᠳᠯᠠᠨ ᠲᠣᠭᠲᠠᠭᠠᠬᠤ ᠲᠣᠪᠴᠢᠶ᠎ᠠ᠄ ᠨᠠᠶᠢᠳᠠᠭᠰᠠᠨ ᠲᠠᠯ᠎ᠠ ᠳᠤ ᠰᠢᠨᠵᠢᠯᠡᠬᠦ ᠤᠬᠠᠭᠠᠨᠴᠢ᠂ ᠵᠦᠢ ᠵᠣᠬᠢᠰᠲᠠᠶ᠂ | ᠡᠷᠭᠡ ᠳᠡᠭᠰᠢ᠂ ᠲᠥᠪ ᠭᠤᠣᠯᠴᠢ ᠦᠨ᠎ᠡ ᠬᠠᠩᠰᠢ ᠶᠢᠨ ᠰᠢᠯᠭᠠᠨ ᠭᠡᠷᠡᠴᠢᠯᠡᠯᠲᠡ ᠬᠠᠩᠭᠠᠨ᠎ᠠ᠃ ᠬᠠᠤᠯᠢ ᠴᠠᠭᠠᠵᠠ ᠶᠢᠨ ᠪᠠᠶᠢᠭᠤᠯᠭ᠎ᠠ᠂ ᠵᠠᠰᠠᠭ ᠵᠠᠬᠢᠷᠭᠠᠨ ᠤ | ᠪᠠᠶᠢᠭᠤᠯᠭ᠎ᠠ᠂ ᠬᠥᠨᠳᠡᠯᠡᠨ ᠠᠴᠠ ᠲᠠᠰᠤᠯᠬᠤ ᠪᠠᠶᠢᠭᠤᠯᠤᠮᠵᠢ ᠶᠢᠨ ᠨᠠᠶᠢᠳᠠᠯᠭ᠎ᠠ ᠶᠢ ᠬᠦᠯᠢᠶᠡᠵᠦ᠂ ᠡᠷᠡᠭᠦᠦ ᠶᠢᠨ ᠬᠡᠷᠡᠭ᠂ ᠢᠷᠭᠡᠨ ᠤ ᠬᠡᠷᠡᠭ᠂ ᠠᠵᠤ ᠠᠬᠤᠶ᠂ ᠵᠠᠰᠠᠭ | ᠵᠠᠬᠢᠷᠭᠠᠨ ᠵᠢᠴᠢ ᠬᠥᠨᠳᠡᠯᠡᠨ ᠠᠴᠠ ᠲᠠᠰᠤᠯᠬᠤ ᠬᠡᠷᠡᠭ ᠲᠤ ᠬᠤᠯᠪᠣᠭᠳᠠᠭᠰᠠᠨ ᠡᠯ᠎ᠡ ᠲᠥᠷᠥᠯ ᠤᠨ ᠬᠡᠯᠪᠡᠷᠢᠳᠤ ᠡᠳ᠋ ᠬᠥᠷᠦᠩᠭᠡ᠂ ᠳᠠᠯᠳᠠ ᠬᠥᠷᠦᠩᠭᠡ ᠳᠤ ᠦᠨ᠎ᠡ | ᠬᠠᠩᠰᠢ ᠶᠢᠨ ᠬᠢᠨᠠᠨ ᠲᠣᠭᠲᠠᠭᠠᠯᠲᠠ ᠬᠢᠨ᠎ᠡ︔ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠪᠣᠯᠤᠨ ᠠᠷᠠᠳ ᠢᠷᠭᠡᠳ ᠤᠨ ᠨᠠᠶᠢᠳᠠᠯᠭ᠎ᠠ ᠶᠢ ᠭᠥᠯᠢᠶᠡᠨ᠂ | ᠬᠡᠯᠪᠡᠷᠢᠳᠤ ᠡᠳ᠋ ᠬᠥᠷᠦᠩᠭᠡ᠂ ᠳᠠᠯᠳᠠ ᠬᠥᠷᠦᠩᠭᠡ ᠪᠤᠶᠤ ᠦᠢᠯᠡᠴᠢᠯᠡᠭᠡᠨ ᠤ ᠲᠥᠷᠥᠯ ᠵᠦᠢᠯ ᠤᠨ ᠦᠨ᠎ᠡ ᠬᠠᠩᠰᠢ ᠳᠤ ᠭᠡᠷᠡᠴᠢᠯᠡᠭᠡ ᠬᠢᠬᠦ ᠪᠠ ᠦᠨ᠎ᠡ ᠬᠠᠩᠰᠢ ᠶᠢ | ᠳᠣᠭᠢᠷᠠᠭᠤᠯᠤᠨ ᠲᠣᠭᠲᠠᠭᠠᠬᠤ ᠠᠴᠠ ᠡᠮᠦᠨᠡᠬᠢ ᠪᠣᠯᠤᠮᠵᠢᠲᠤ ᠴᠢᠨᠠᠷ ᠤᠨ ᠨᠤᠲᠠᠯᠠᠯᠲᠠ ᠬᠢᠵᠦ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠠᠵᠢᠯ ᠢ ᠬᠡᠷᠡᠭᠵᠢᠭᠦᠯᠦᠨ᠎ᠡ᠃ | ︵ᠭᠤᠴᠢᠨ ᠭᠤᠷᠪᠠ︶ ᠭᠤᠣᠯᠳᠠᠯᠭ᠎ᠠ ᠲᠠᠢ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠤᠨ ᠠᠯᠪᠡᠠ ᠭᠡᠷ᠄ ᠪᠥᠬᠦ ᠬᠤᠲᠠ ᠶᠢᠨ ᠪᠥᠲᠥᠭᠡᠨ | ᠪᠠᠶᠢᠭᠤᠯᠤᠯᠲᠠ ᠶᠢᠨ ᠬᠡᠷᠡᠭᠴᠡᠭᠡ ᠱᠠᠭᠠᠷᠳᠠᠯᠭ᠎ᠠ ᠶᠢ ᠰᠤᠳᠤᠯᠤᠨ ᠵᠠᠳᠠᠯᠬᠤ ᠶᠢᠨ ᠬᠠᠮᠲᠤ ᠣᠷᠣᠭᠤᠯᠤᠨ ᠠᠪᠴᠢᠷᠠᠬᠤ ᠭᠤᠤᠯᠳᠠᠯᠭ᠎ᠠ ᠲᠠᠢ ᠲᠥᠷᠥᠯ ᠵᠦᠢᠯ ᠤᠨ ᠲᠥᠷᠥᠯ | ᠬᠡᠯᠪᠡᠷᠢ ᠵᠢᠴᠢ ᠲᠥᠰᠦᠯ ᠢ ᠳᠤᠷᠠᠳᠤᠨ ᠭᠠᠷᠭᠠᠵᠤ᠂ ᠰᠣᠩᠭᠤᠬᠤ ᠪᠠᠷ ᠪᠡᠯᠡᠳᠬᠡᠭᠰᠡᠨ ᠲᠥᠷᠥᠯ ᠵᠦᠢᠯ ᠢ ᠬᠠᠷᠢᠴᠠᠭᠤᠯᠤᠨ ᠰᠢᠯᠢᠨ ᠰᠣᠩᠭᠤᠵᠤ᠂ ᠭᠤᠤᠯᠳᠠᠯᠭ᠎ᠠ ᠲᠠᠢ | ᠲᠡᠳᠬᠦᠬᠦ ᠲᠥᠷᠥᠯ ᠵᠦᠢᠯ ᠢ ᠲᠣᠭᠲᠠᠭᠠᠨ᠂ ᠡᠯ᠎ᠡ ᠰᠠᠯᠠᠭ᠎ᠠ ᠮᠥᠴᠢᠷ ᠢ ᠵᠤᠬᠢᠴᠠᠭᠤᠯᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠬᠠᠷᠠᠭᠠᠯᠵᠠᠯ ᠤᠨ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠲᠥᠷᠥᠯ ᠵᠦᠢᠯ ᠤᠨ ᠥᠮᠴᠢᠲᠡᠨ ᠢ ᠱᠠᠭᠠᠷᠳᠠᠨ ᠲᠥᠷᠥᠯ ᠵᠦᠢᠯ ᠢ ᠭᠤᠶᠤᠴᠢᠯᠠᠨ ᠮᠡᠳᠡᠭᠦᠯᠵᠦ ᠬᠢᠨᠠᠨ | ᠵᠥᠪᠰᠢᠶᠡᠷᠡᠭᠦᠯᠬᠦ ᠨᠥᠬᠦᠴᠡᠯ ᠲᠠᠢ ᠪᠣᠯᠭᠠᠵᠤ᠂ ᠭᠤᠤᠯᠳᠠᠯᠭ᠎ᠠ ᠲᠠᠢ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ | ︵ᠭᠤᠴᠢᠨ ᠳᠥᠷᠪᠡ︶ ᠬᠥᠬᠡᠬᠤᠲᠠ ᠪᠤᠭᠤᠲᠤ ᠣᠷᠳᠣᠰ ᠤᠨ ᠬᠠᠮᠵᠢᠯᠴᠠᠨ ᠬᠦᠭᠵᠢᠬᠦ ᠶᠢ ᠠᠬᠢᠭᠤᠯᠬᠤ ᠰᠠᠯᠠᠭ᠎ᠠ᠄ ᠬᠥᠬᠡᠬᠤᠲᠠ ᠪᠤᠭᠤᠲᠤ ᠤᠷᠳᠤᠰ ᠤᠨ | ᠬᠠᠮᠵᠢᠯᠴᠠᠨ ᠬᠥᠭᠵᠢᠬᠦ ᠶᠢ ᠠᠬᠢᠭᠤᠯᠬᠤ ᠪᠠᠶᠢᠯᠳᠤᠬᠤ ᠪᠤᠳᠤᠯᠭ᠎ᠠ᠂ ᠲᠥᠯᠥᠪᠵᠢᠭᠦᠯᠭᠡ ᠬᠢᠭᠡᠳ ᠲᠦᠷᠦ ᠶᠢᠨ ᠪᠤᠳᠤᠯᠭ᠎ᠠ ᠶᠢ ᠵᠣᠬᠢᠶᠠᠨ ᠪᠠᠶᠢᠭᠤᠯᠤᠨ ᠲᠣᠭᠲᠠᠭᠠᠨ᠎ᠠ︔ | ᠤᠯᠤᠰ ᠵᠢᠴᠢ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ᠂ ᠪᠠᠯᠠ ᠮᠥᠩᠭᠦ ᠪᠠ ᠲᠥᠷᠥᠯ ᠵᠦᠢᠯ ᠤᠨ ᠳᠡᠮᠵᠢᠯᠭᠡ ᠶᠢ ᠲᠡᠮᠡᠴᠡᠨ ᠤᠯᠬᠤ | ᠠᠵᠢᠯ ᠢ ᠵᠣᠬᠢᠶᠠᠨ ᠪᠠᠶᠢᠭᠤᠯᠤᠨ᠎ᠠ︔ ᠬᠠᠮᠵᠢᠯᠴᠠᠨ ᠬᠥᠭᠵᠢᠬᠦ ᠪᠠᠶᠢᠭᠤᠯᠤᠮᠵᠢ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠤᠨ᠎ᠠ︔ ᠤᠳᠤᠷᠢᠳᠬᠤ ᠳᠤᠭᠤᠶᠢᠯᠠᠩ ᠤᠨ | ᠵᠥᠪᠯᠡᠨ ᠲᠣᠭᠲᠠᠭᠠᠭᠰᠠᠨ ᠵᠦᠢᠯᠡᠰ ᠢ ᠱᠠᠭᠠᠷᠳᠠᠨ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ︔ ᠬᠠᠮᠵᠢᠯᠴᠠᠨ ᠬᠥᠭᠵᠢᠬᠦ ᠶᠠᠪᠤᠴᠠ ᠳᠠᠬᠢ ᠪᠣᠳᠠᠲᠠᠢ ᠠᠰᠠᠭᠤᠳᠠᠯ ᠢ | ᠵᠣᠬᠢᠴᠠᠭᠤᠯᠤᠨ ᠰᠢᠢᠳᠪᠦᠷᠢᠯᠡᠨ᠎ᠠ︔ ᠲᠤᠰᠬᠠᠶ ᠰᠢᠯᠭᠠᠨ ᠬᠢᠨᠠᠬᠤ ᠠᠵᠢᠯ ᠢ ᠲᠦᠷᠦᠭᠦᠯᠡᠨ ᠵᠣᠬᠢᠶᠠᠨ ᠪᠠᠶᠢᠭᠤᠯᠤᠨ᠎ᠠ︔ ᠤᠳᠤᠷᠢᠳᠬᠤ ᠳᠤᠭᠤᠶᠢᠯᠠᠩ ᠤᠨ | ᠲᠤᠰᠢᠶᠠᠭᠰᠠᠨ ᠪᠤᠰᠤᠳ ᠠᠵᠢᠯ ᠤᠨ ᠡᠭᠦᠷᠭᠡ ᠶᠢ ᠳᠠᠭᠠᠭᠠᠨ ᠭᠦᠢᠴᠡᠳᠬᠡᠨ᠎ᠡ᠃ | ︵ᠭᠤᠴᠢᠨ ᠲᠠᠪᠤ︶ ᠡᠨᠧᠷᠭᠢ ᠶᠢᠨ ᠲᠥᠯᠥᠪᠵᠢᠭᠦᠯᠭᠡ ᠶᠢ ᠵᠣᠬᠢᠴᠠᠭᠤᠯᠬᠤ ᠰᠠᠯᠠᠭ᠎ᠠ ︵ᠴᠢᠯᠠᠭᠤᠨ ᠲᠤᠰᠤ ᠪᠠᠶᠢᠭᠠᠯᠢ ᠶᠢᠨ ᠰᠢᠲᠠᠮᠠᠬᠠᠶ ᠬᠡᠢ ᠶᠢᠨ ᠭᠠᠳᠠᠭᠠᠳᠤ | ᠶᠠᠪᠤᠳᠠᠯ ᠤᠨ ᠶᠡᠷᠦᠩᠬᠡᠶᠢᠯᠡᠨ ᠵᠣᠬᠢᠴᠠᠭᠤᠯᠬᠤ ᠰᠠᠯᠠᠭ᠎ᠠ︶᠄ ᠪᠦᠬᠦ ᠬᠤᠳᠠ ᠶᠢᠨ ᠡᠨᠧᠷᠭᠢ ᠶᠢᠨ ᠬᠥᠭᠵᠢᠯᠲᠡ ᠶᠢᠨ ᠶᠡᠷᠦᠩᠬᠡᠶ ᠲᠥᠯᠥᠪᠵᠢᠭᠦᠯᠭᠡ᠂ ᠣᠷᠣᠨ ᠪᠦᠰᠡ ᠶᠢᠨ | ᠲᠥᠯᠥᠪᠵᠢᠭᠦᠯᠭᠡ ᠪᠠ ᠣᠨ ᠤ ᠲᠥᠯᠦᠪᠯᠡᠯᠭᠡ ᠶᠢ ᠰᠤᠳᠤᠯᠤᠨ ᠳᠤᠭᠤᠷᠪᠢᠨ ᠲᠣᠭᠲᠠᠭᠠᠨ᠎ᠠ︔ ᠡᠯ᠎ᠡ ᠲᠥᠷᠥᠯ ᠤᠨ ᠡᠨᠧᠷᠭᠢ ᠶᠢᠨ ᠲᠥᠯᠥᠪᠵᠢᠭᠦᠯᠭᠡ ᠶᠢ ᠬᠠᠮᠢᠶ᠎ᠠ | ᠪᠥᠬᠦᠶ ᠲᠥᠯᠥᠪᠵᠢᠭᠦᠯᠭᠡ ᠲᠠᠢ ᠠᠪᠴᠠᠯᠳᠤᠭᠤᠯᠤᠨ ᠲᠡᠩᠴᠡᠭᠦᠷᠢᠲᠡᠶ ᠪᠠᠶᠢᠯᠭᠠᠬᠤ ᠶᠢ ᠬᠠᠷᠢᠭᠤᠴᠠᠨ᠎ᠠ︔ ᠪᠥᠬᠦ ᠬᠤᠲᠠ ᠶᠢᠨ ᠡᠨᠧᠷᠭᠢ ᠶᠢᠨ ᠨᠡᠭᠡᠭᠡᠯᠳᠡ ᠶᠢ ᠪᠦᠷᠢᠳᠭᠡᠬᠦ | ᠂ ᠤᠷᠢᠳᠴᠢᠯᠠᠨ ᠲᠥᠰᠦᠭᠡᠯᠡᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠡᠭᠦᠷᠭᠡᠯᠡᠨ᠎ᠡ︔ ᠡᠨᠧᠷᠭᠢ ᠶᠢᠨ ᠳᠦᠰᠦᠭᠡᠯᠡᠬᠦ ᠴᠢᠨᠠᠷᠲᠠᠶ᠂ ᠪᠠᠶᠢᠯᠳᠤᠬᠤ ᠪᠤᠳᠤᠯᠭ᠎ᠠ ᠶᠢᠨ | ᠴᠢᠨᠠᠷᠲᠠᠶ᠂ ᠶᠡᠷᠦᠩᠬᠡᠶᠢᠯᠡᠭᠰᠡᠨ ᠴᠢᠨᠠᠷᠲᠠᠶ ᠴᠢᠬᠤᠯᠠ ᠠᠰᠠᠭᠤᠳᠠᠯ ᠤᠨ ᠲᠤᠬᠠᠶ ᠰᠤᠳᠤᠯᠭᠠᠨ ᠢ ᠵᠣᠬᠢᠶᠠᠨ ᠪᠠᠶᠢᠭᠤᠯᠤᠨ ᠥᠷᠨᠢᠭᠦᠯᠵᠦ᠂ ᠪᠦᠬᠦ ᠬᠤᠳᠠ ᠶᠢᠨ ᠡᠨᠧᠷᠭᠢ | ᠶᠢᠨ ᠨᠡᠭᠡᠭᠡᠯᠳᠡ ᠶᠢᠨ ᠪᠠᠶᠢᠯᠳᠤᠬᠤ ᠪᠤᠳᠤᠯᠭ᠎ᠠ ᠪᠠ ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ ᠳᠤᠷᠠᠳᠤᠨ᠎ᠠ︔ ᠡᠨᠧᠷᠭᠢ ᠶᠢᠨ ᠬᠠᠤᠯᠢ ᠲᠦᠷᠢᠮ ᠤᠨ ᠠᠵᠢᠯ ᠢ | ᠵᠢᠯᠣᠭᠤᠳᠴᠤ᠂ ᠡᠨᠧᠷᠬᠢ ᠶᠢᠨ ᠶᠡᠷᠦᠩᠬᠡᠶᠢᠯᠡᠭᠰᠡᠨ ᠴᠢᠨᠠᠷᠲᠠᠶ ᠬᠠᠤᠯᠢ ᠴᠠᠭᠠᠵᠠ ᠬᠠᠤᠯᠢ ᠲᠣᠭᠲᠠᠭᠠᠯ ᠪᠠ ᠲᠣᠭᠲᠠᠭᠠᠯ ᠲᠦᠷᠢᠮ ᠢ ᠵᠤᠬᠢᠶᠠᠨ ᠪᠠᠶᠢᠭᠤᠯᠤᠨ | ᠳᠤᠭᠤᠷᠪᠢᠵᠤ᠂ ᠡᠨᠧᠷᠭᠢ ᠶᠢᠨ ᠶᠡᠷᠦᠩᠬᠡᠶᠢᠯᠡᠭᠰᠡᠨ ᠴᠢᠨᠠᠷᠲᠠᠶ ᠠᠵᠤ ᠦᠢᠯᠡᠰ ᠤᠨ ᠬᠠᠤᠯᠢ ᠲᠣᠭᠲᠠᠭᠠᠯ ᠢ ᠲᠤᠭᠤᠷᠪᠢᠨ ᠲᠣᠭᠲᠠᠭᠠᠨ᠎ᠠ︔ ᠡᠨᠧᠷᠭᠢ ᠶᠢᠨ ᠪᠠᠶᠢᠭᠤᠯᠤᠯ | ᠤᠨ ᠶᠡᠷᠦᠩᠬᠡᠶᠢᠯᠡᠭᠰᠡᠨ ᠴᠢᠨᠠᠷᠲᠠᠶ ᠥᠭᠡᠷᠡᠴᠢᠯᠡᠯᠲᠡ ᠶᠢᠨ ᠲᠥᠰᠦᠯ ᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠵᠤ᠂ ᠨᠡᠭᠦᠷᠡᠰᠦ᠂ ᠴᠠᠬᠢᠯᠭᠠᠨ ᠬᠦᠴᠦ᠂ ᠰᠢᠨ᠎ᠡ | ᠡᠨᠧᠷᠭᠢ᠂ ᠴᠢᠯᠠᠭᠤᠨ ᠲᠤᠰᠤ ᠰᠢᠲᠠᠮᠠᠬᠠᠶ ᠬᠡᠢ ᠵᠡᠷᠭᠡ ᠶᠢᠨ ᠥᠭᠡᠷᠡᠴᠢᠯᠡᠯᠲᠡ ᠶᠢᠨ ᠡᠭᠦᠷᠭᠡ ᠶᠢ ᠨᠢᠭᠡᠳᠦᠯᠲᠡᠶ ᠲᠦᠯᠦᠪᠯᠡᠨ ᠠᠬᠢᠭᠤᠯᠤᠨ᠎ᠠ︔ ᠡᠨᠧᠷᠭᠢ ᠶᠢᠨ | ᠦᠢᠯᠡᠳᠬᠦᠨ ᠤ ᠦᠨ᠎ᠡ ᠬᠠᠩᠰᠢ ᠶᠢᠨ ᠬᠠᠮᠢᠶᠠᠷᠤᠯᠳᠠ ᠶᠢᠨ ᠠᠵᠢᠯ ᠳᠤ ᠤᠷᠤᠯᠴᠠᠨ᠎ᠠ︔ ᠡᠨᠧᠷᠭᠢ ᠶᠢᠨ ᠭᠠᠳᠠᠭᠰᠢ ᠨᠡᠭᠡᠭᠡᠬᠦ ᠲᠥᠯᠥᠪᠵᠢᠭᠦᠯᠭᠡ ᠶᠢ ᠲᠤᠭᠤᠷᠪᠢᠨ | ᠲᠣᠭᠲᠠᠭᠠᠵᠤ᠂ ᠬᠢᠯᠢ ᠶᠢᠨ ᠭᠠᠳᠠᠨᠠᠬᠢ ᠡᠨᠧᠷᠭᠢ ᠶᠢ ᠨᠡᠭᠡᠭᠡᠨ ᠠᠰᠢᠭᠯᠠᠬᠤ ᠪᠠ ᠬᠠᠮᠲᠤᠷᠠᠨ ᠠᠵᠢᠯᠯᠠᠬᠤ ᠶᠢ ᠵᠤᠬᠢᠶᠠᠨ ᠪᠠᠶᠢᠭᠤᠯᠤᠨ ᠵᠤᠬᠢᠴᠠᠭᠤᠯᠤᠨ᠎ᠠ᠃ | ︵ᠭᠤᠴᠢᠨ ᠵᠢᠷᠭᠤᠭ᠎ᠠ︶ ᠴᠢᠯᠠᠭᠤᠨ ᠲᠤᠰᠤ ᠪᠠᠶᠢᠭᠠᠯᠢ ᠶᠢᠨ ᠰᠢᠲᠠᠮᠠᠬᠠᠶ ᠬᠡᠢ ᠶᠢ ᠨᠡᠭᠡᠭᠡᠨ ᠠᠰᠢᠭᠯᠠᠬᠤ ᠰᠠᠯᠠᠭ᠎ᠠ᠄ ᠴᠢᠯᠠᠭᠤᠨ ᠲᠣᠰᠣ ᠪᠠᠶᠢᠭᠠᠯᠢ ᠶᠢᠨ | ᠰᠢᠲᠠᠮᠠᠬᠠᠶ ᠬᠡᠶ ᠶᠢᠨ ᠠᠵᠤ ᠦᠢᠯᠡᠰ ᠤᠨ ᠬᠥᠭᠵᠢᠯᠲᠡ ᠶᠢᠨ ᠳᠦᠯᠦᠪᠵᠢᠬᠦᠯᠭᠡ ᠶᠢ ᠨᠠᠶᠢᠷᠠᠭᠤᠯᠤᠨ ᠵᠤᠬᠢᠶᠠᠨ᠎ᠠ︔ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ | ᠬᠡᠶ ᠶᠢ ᠨᠡᠭᠡᠭᠡᠨ ᠠᠰᠢᠭᠯᠠᠬᠤ ᠬᠠᠮᠢᠶᠠᠷᠤᠯᠲᠠ ᠶᠢᠨ ᠬᠠᠮᠢᠶ᠎ᠠ ᠪᠥᠬᠦᠶ ᠲᠥᠷᠥ ᠶᠢᠨ ᠪᠤᠳᠤᠯᠭ᠎ᠠ ᠳᠦᠷᠢᠮ ᠳᠤᠭᠳᠠᠭᠠᠯ ᠢ ᠳᠤᠭᠤᠷᠪᠢᠨ᠎ᠠ︔ ᠴᠢᠯᠠᠭᠤᠨ ᠲᠣᠰᠣ | ᠪᠠᠶᠢᠭᠠᠯᠢ ᠶᠢᠨ ᠰᠢᠲᠠᠮᠠᠬᠠᠶ ᠬᠡᠶ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ︵ᠰᠢᠲᠠᠮᠠᠬᠠᠶ ᠬᠡᠶ ᠶᠢᠨ ᠬᠤᠭᠤᠯᠠᠶ ᠪᠠᠭᠲᠠᠨ᠎ᠠ︶ ᠢ ᠬᠢᠨᠠᠨ ᠬᠠᠷᠭᠤᠭᠤᠯᠵᠤ | ᠭᠤᠶᠤᠴᠢᠯᠠᠨ ᠮᠡᠳᠡᠭᠦᠯᠦᠨ᠎ᠡ︔ ᠪᠠᠶᠢᠭᠠᠯᠢ ᠶᠢᠨ ᠰᠢᠲᠠᠮᠠᠬᠠᠶ ᠬᠡᠶ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠡᠶ ᠶᠢᠨ ᠢᠷᠡᠯᠲᠡ ᠶᠢᠨ ᠭᠦᠢᠴᠡᠳᠭᠡᠯ | ᠲᠤᠭ᠎ᠠ ᠶᠢ ᠳᠣᠭᠢᠷᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ ᠬᠠᠷᠭᠤᠭᠤᠯᠤᠨ᠎ᠠ︔ ᠪᠥᠬᠦ ᠬᠤᠲᠠ ᠶᠢᠨ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ | ᠬᠡᠶ ᠶᠢᠨ ᠡᠬᠢ ᠪᠠᠶᠠᠯᠢᠭ ᠤᠨ ᠨᠡᠭᠡᠭᠡᠯᠳᠡ ᠶᠢ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠡᠭᠦᠷᠭᠡᠯᠡᠨ᠎ᠡ︔ ᠴᠢᠯᠠᠭᠤᠨ ᠲᠤᠰᠤ ᠪᠠᠶᠢᠭᠠᠯᠢ ᠶᠢᠨ ᠰᠢᠲᠠᠮᠠᠬᠠᠢ ᠬᠡᠢ ᠶᠢᠨ | ᠪᠠᠶᠢᠭᠤᠯᠤᠯ ᠤᠨ ᠥᠭᠡᠷᠡᠴᠢᠯᠡᠯᠲᠡ ᠶᠢ ᠠᠬᠢᠭᠤᠯᠬᠤ ᠬᠠᠮᠢᠶ᠎ᠠ ᠪᠦᠬᠦᠢ ᠠᠵᠢᠯ ᠢ ᠰᠤᠳᠤᠯᠤᠨ᠎ᠠ︔ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠵᠢᠯᠴᠠᠨ ᠪᠥᠬᠦ | ᠬᠤᠲᠠ ᠶᠢᠨ ᠴᠢᠯᠠᠭᠤᠨ ᠲᠣᠰᠣ ᠨᠥᠭᠡᠴᠡᠯᠡᠬᠦ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠨ᠎ᠠ︔ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠵᠢᠯᠴᠠᠨ | ᠣᠷᠳᠣᠰ ᠤᠨ ᠭᠡᠶᠢᠵᠢᠬᠦᠯᠦᠯᠳᠡ ᠶᠢᠨ ᠬᠠᠮᠢᠶ᠎ᠠ ᠪᠥᠬᠦᠶ ᠠᠵᠢᠯ ᠢ ᠰᠠᠶᠢᠲᠤᠷ ᠬᠢᠨ᠎ᠠ︔ ᠪᠥᠬᠦ ᠬᠤᠲᠠ ᠶᠢᠨ ᠭᠡᠪ ᠤᠨ ᠪᠤᠰᠤ ᠴᠢᠯᠠᠭᠤᠨ ᠲᠣᠰᠣ ᠪᠠᠶᠢᠭᠠᠯᠢ ᠶᠢᠨ | ᠰᠢᠲᠠᠮᠠᠬᠠᠶ ᠬᠡᠶ ᠶᠢᠨ ᠡᠬᠢ ᠪᠠᠶᠠᠯᠢᠭ ᠤᠨ ᠨᠡᠭᠡᠭᠡᠯᠳᠡ ᠶᠢᠨ ᠡᠮᠦᠨᠡᠬᠢ ᠬᠤᠭᠤᠴᠠᠭᠠᠨ ᠤ ᠠᠵᠢᠯ ᠢ ᠬᠠᠷᠢᠭᠤᠴᠠᠨ᠎ᠠ︔ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ | ᠬᠡᠶ ᠶᠢᠨ ᠬᠠᠩᠭᠠᠯᠭ᠎ᠠ ᠶᠢ ᠪᠠᠲᠤᠯᠠᠬᠤ ᠵᠢᠴᠢ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠶᠠᠰᠤ ᠴᠢᠨᠠᠷ ᠢ ᠲᠠᠰ ᠳᠡᠪᠰᠢᠭᠦᠯᠬᠦ ᠬᠠᠮᠢᠶ᠎ᠠ ᠪᠥᠬᠦᠶ ᠠᠵᠢᠯ ᠢ | ᠬᠠᠷᠢᠭᠤᠴᠠᠨ᠎ᠠ᠃ | ︵ᠭᠤᠴᠢᠨ ᠲᠤᠯᠤᠭ᠎ᠠ︶ ᠴᠢᠯᠠᠭᠤᠨ ᠲᠤᠰᠤ ᠪᠠᠶᠢᠭᠠᠯᠢ ᠶᠢᠨ ᠰᠢᠲᠠᠮᠠᠬᠠᠶ ᠬᠡᠢ ᠶᠢᠨ ᠬᠤᠭᠤᠯᠠᠶ ᠶᠢᠨ ᠠᠮᠤᠷ ᠲᠦᠪᠰᠢᠨ ᠢ ᠬᠢᠨᠠᠨ ᠬᠠᠮᠢᠶᠠᠷᠬᠤ ᠰᠠᠯᠠᠭ᠎ᠠ᠄ ᠪᠥᠬᠦ | ᠬᠤᠲᠠ ᠶᠢᠨ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠶ ᠶᠢᠨ ᠳᠠᠮᠵᠢᠭᠤᠯᠬᠤ ᠬᠤᠭᠤᠯᠠᠶ ᠶᠢᠨ ᠬᠠᠮᠠᠭᠠᠯᠠᠯᠲᠠ ᠶᠢᠨ ᠠᠵᠢᠯ ︵ᠬᠤᠲᠠ ᠪᠠᠯᠭᠠᠰᠤ ᠶᠢᠨ ᠰᠢᠲᠠᠮᠠᠬᠠᠶ | ᠬᠡᠶ ᠶᠢᠨ ᠬᠤᠭᠤᠯᠠᠶ ᠪᠠ ᠲᠣᠰᠣ ᠬᠡᠶ ᠶᠢᠨ ᠠᠭᠤᠷᠬᠠᠶ ᠶᠢᠨ ᠲᠥᠪᠯᠡᠷᠡᠭᠦᠯᠦᠨ ᠳᠠᠮᠵᠢᠭᠤᠯᠬᠤ ᠬᠤᠭᠤᠯᠠᠶ ᠶᠢᠨ ᠳᠤᠤᠷ᠂ ᠲᠣᠰᠣ ᠪᠣᠯᠪᠠᠰᠤᠷᠠᠭᠤᠯᠬᠤ᠂ ᠬᠢᠮᠢ ᠶᠢᠨ ᠠᠵᠤ | ᠦᠢᠯᠡᠳᠪᠦᠷᠢ ᠵᠡᠷᠭᠡ ᠠᠵᠤ ᠠᠬᠤᠶᠢᠯᠠᠯ ᠤᠨ ᠦᠢᠯᠡᠳᠪᠦᠷᠢ ᠶᠢᠨ ᠲᠣᠭᠤᠷᠢᠭ ᠲᠠᠬᠢ ᠬᠤᠭᠤᠯᠠᠶ ᠶᠢᠨ ᠬᠠᠮᠠᠭᠠᠯᠠᠯᠲᠠ ᠪᠠᠭᠲᠠᠬᠤ ᠥᠬᠡᠶ︶ ᠢ ᠭᠤᠤᠯᠴᠢᠯᠠᠨ ᠬᠠᠮᠢᠶᠠᠷᠤᠨ᠎ᠠ | ︔ ᠴᠢᠯᠠᠭᠤᠨ ᠲᠤᠰᠤ ᠪᠠᠶᠢᠭᠠᠯᠢ ᠶᠢᠨ ᠰᠢᠲᠠᠮᠠᠬᠠᠶ ᠬᠡᠢ ᠶᠢᠨ ᠳᠠᠮᠵᠢᠭᠤᠯᠬᠤ ᠬᠤᠭᠤᠯᠠᠶ ᠶᠢᠨ ᠬᠠᠮᠠᠭᠠᠯᠠᠯᠲᠠ ᠶᠢᠨ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ | ᠰᠢᠢᠳᠪᠦᠷᠢᠯᠡᠵᠦ᠂ ᠬᠤᠯᠪᠣᠭᠳᠠᠯ ᠪᠦᠬᠦᠢ ᠨᠢᠭᠡᠴᠡ ᠶᠢᠨ ᠳᠠᠮᠵᠢᠭᠤᠯᠬᠤ ᠬᠤᠭᠤᠯᠠᠶ ᠶᠢᠨ ᠬᠠᠮᠠᠭᠠᠯᠠᠯᠲᠠ ᠶᠢᠨ ᠡᠭᠦᠷᠭᠡ ᠪᠠᠨ ᠭᠦᠢᠴᠡᠳᠬᠡᠬᠦ ᠶᠢ ᠵᠢᠯᠣᠭᠤᠳᠬᠤ ᠪᠠ | ᠬᠢᠨᠠᠯᠲᠠ ᠲᠠᠯᠪᠢᠨ᠎ᠠ︔ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠶ ᠶᠢᠨ ᠳᠠᠮᠵᠢᠭᠤᠯᠬᠤ ᠬᠤᠭᠤᠯᠠᠶ ᠶᠢᠨ ᠠᠮᠤᠷ ᠲᠦᠪᠰᠢᠨ ᠤ ᠪᠠᠶᠢᠴᠠᠭᠠᠯᠳᠠ ᠶᠢ ᠵᠤᠬᠢᠶᠠᠨ | ᠪᠠᠶᠢᠭᠤᠯᠤᠨ ᠦᠷᠨᠢᠬᠦᠯᠦᠨ᠎ᠡ︔ ᠳᠠᠮᠵᠢᠭᠤᠯᠬᠤ ᠬᠤᠭᠤᠯᠠᠶ ᠶᠢᠨ ᠠᠮᠤᠷ ᠲᠦᠪᠰᠢᠨ ᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ | ᠰᠢᠢᠳᠭᠡᠨ᠎ᠡ︔ ᠴᠢᠯᠠᠭᠤᠨ ᠲᠤᠰᠤ ᠪᠠᠶᠢᠭᠠᠯᠢ ᠶᠢᠨ ᠰᠢᠲᠠᠮᠠᠬᠠᠶ ᠬᠡᠢ ᠶᠢᠨ ᠳᠠᠮᠵᠢᠭᠤᠯᠬᠤ ᠬᠤᠭᠤᠯᠠᠶ ᠶᠢᠨ ᠡ᠊ᠨᠳᠡᠯ ᠢ ᠪᠠᠶᠢᠴᠠᠭᠠᠬᠤ ᠠᠵᠢᠯ ᠳᠤ ᠤᠷᠤᠯᠴᠠᠨ᠎ᠠ︔ | ᠤᠯᠤᠰ ᠤᠨ ᠠᠵᠤ ᠦᠢᠯᠡᠰ ᠤᠨ ᠬᠠᠮᠢᠶ᠎ᠠ ᠪᠦᠬᠦᠢ ᠲᠥᠷᠦ ᠶᠢᠨ ᠪᠣᠳᠤᠯᠭ᠎ᠠ ᠪᠠ ᠠᠵᠢᠯ ᠲᠦᠷᠦᠯ ᠤᠨ ᠪᠠᠷᠢᠮᠵᠢᠶ᠎ᠠ ᠶᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ | ᠠᠵᠢᠯᠯᠠᠬᠤ ᠬᠠᠶ᠋ᠢᠭ᠄ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠬᠤᠲᠠ ᠶᠢᠨ ᠨᠠᠮ ᠵᠠᠰᠠᠭ ᠤᠨ ᠲᠣᠮᠣ ᠠᠰᠠᠷ ᠤᠨ B ᠰᠠᠭᠤᠳᠠᠯ ᠤᠨ 10 | ᠳ᠋ᠤᠭᠠᠷ ᠳᠠᠪᠬᠤᠷᠭ᠎ᠠ | ᠠᠵᠢᠯᠯᠠᠬᠤ ᠤᠲᠠᠰᠤ᠄ 0477 ︱ 8588066 | ᠠᠵᠢᠯᠯᠠᠬᠤ ᠴᠠᠭ᠄ 9᠄ 00 ︱ 12᠄ 00 14᠄ 00 ︱ 17᠄ 30 | ᠰᠢᠦᠳᠠᠨ ᠳ᠋ᠤᠭᠠᠷ᠄ 017010 | ᠰᠦᠯᠵᠢᠶᠡᠨ ᠬᠠᠶ᠋ᠢᠭ᠄ http://fgw.or dos |