ᠣᠷᠳᠣᠰ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶᠠᠨ ᠤ ᠲᠠᠷᠢᠶᠠᠯᠠᠩ ᠤᠨ ᠪᠠᠶᠢᠳᠠᠯ ᠤᠨ ᠪᠦᠷᠢᠳᠬᠡᠯ ᠢ ᠦᠨᠳᠦᠰᠦᠯᠡᠪᠡᠯ᠂ ᠣᠳᠣᠬᠠᠨ | ᠳᠤ ᠪᠦᠬᠦ ᠬᠤᠲᠠ ᠶᠢᠨ ᠠᠮᠤ ᠪᠤᠳᠠᠭᠠᠨ ᠤ ᠲᠠᠷᠢᠮᠠᠯ ᠤᠨ ᠬᠤᠷᠢᠶᠠᠯᠲᠠ ᠨᠢᠭᠡᠨᠲᠡ 285.27 ᠲᠦᠮᠡᠨ ᠮᠦ ᠳᠤ ᠬᠦᠷᠴᠦ᠂ ᠪᠦᠬᠦ ᠬᠤᠲᠠ ᠶᠢᠨ ᠠᠮᠤ ᠪᠤᠳᠠᠭᠠᠨ ᠤ | ᠲᠠᠷᠢᠮᠠᠯ ᠤᠨ ᠲᠠᠯᠠᠪᠠᠢ ᠶᠢᠨ 54.5% ᠶᠢ ᠡᠵᠡᠯᠡᠪᠡ᠃ ᠡᠭᠦᠨ ᠳᠤ ᠪᠤᠭᠤᠳᠠᠢ ᠶᠢᠨ ᠬᠤᠷᠢᠶᠠᠯᠲᠠ 6.8 ᠲᠦᠮᠡᠨ ᠮᠦ᠂ ᠡᠷᠳᠡᠨᠢ ᠰᠢᠰᠢ ᠶᠢᠨ ᠬᠤᠷᠢᠶᠠᠯᠲᠠ 229. | 3 ᠲᠦᠮᠡᠨ ᠮᠦ᠂ ᠤᠰᠤᠨ ᠲᠤᠲᠤᠷᠭ᠎ᠠ ᠶᠢᠨ ᠬᠤᠷᠢᠶᠠᠯᠲᠠ 2. 8 ᠲᠦᠮᠡᠨ ᠮᠦ᠂ ᠰᠢᠷ᠎ᠠ ᠪᠤᠷᠴᠠᠭ ᠤᠨ ᠬᠤᠷᠢᠶᠠᠯᠲᠠ 25.27 ᠲᠦᠮᠡᠨ ᠮᠦ᠂ ᠲᠥᠮᠥᠰᠥ ᠶᠢᠨ | ᠬᠤᠷᠢᠶᠠᠯᠲᠠ 16.1 ᠲᠦᠮᠡᠨ ᠮᠦ᠂ ᠪᠤᠰᠤᠳ ᠠᠮᠤ ᠪᠤᠳᠠᠭᠠᠨ ᠤ ᠲᠠᠷᠢᠮᠠᠯ ᠤᠨ ᠬᠤᠷᠢᠶᠠᠯᠲᠠ 5 ᠲᠦᠮᠡᠨ ᠮᠦ ᠳᠤ ᠬᠦᠷᠴᠦ᠂ ᠳᠡᠭᠡᠷ᠎ᠡ ᠵᠢᠯ ᠤᠨ ᠠᠳᠠᠯᠢ | ᠬᠤᠭᠤᠴᠠᠭᠠᠨ ᠤ ᠬᠢ ᠠᠴᠠ 20 ᠵᠠᠭᠤᠨ ᠤ ᠨᠢᠭᠡᠴᠢ ᠨᠡᠮᠡᠭᠳᠡᠵᠡᠢ᠃ bt365备用网址_365国际体育官网_365bet体育在线投注官网 | ᠣᠳᠣᠬᠠᠨ ᠤ ᠬᠢᠵᠢᠭ ᠤᠨ ᠪᠠᠶᠢᠳᠠᠯ ᠠᠴᠠ ᠪᠣᠯᠤᠭᠰᠠᠨ ᠠᠰᠢᠭ ᠦᠭᠡᠢ ᠨᠥᠯᠥᠭᠡ ᠶᠢ ᠪᠦᠲᠦᠮᠵᠢᠲᠡᠢ ᠨᠠᠮᠳᠠᠭᠤᠯᠵᠤ᠂ ᠠᠮᠤ ᠪᠤᠳᠠᠭ᠎ᠠ ᠶᠢ ᠰᠠᠶᠢᠲᠤᠷ | ᠬᠥᠮᠥᠷᠭᠡᠯᠡᠬᠦ ᠶᠢ ᠪᠠᠲᠤᠯᠠᠬᠤ ᠶᠢᠨ ᠲᠥᠯᠥᠭᠡ᠂ ᠣᠷᠳᠣᠰ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠬᠤᠲᠠ ᠶᠢᠨ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ ᠲᠠᠢ ᠬᠠᠮᠲᠤᠷᠠᠨ ︽ᠰᠢᠨ᠎ᠡ ᠲᠢᠲᠡᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠲᠠᠷᠢᠶᠠᠯᠠᠩ ᠤᠨ | ᠦᠢᠯᠡᠳᠪᠦᠷᠢᠯᠡᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠵᠢᠯᠤᠭᠤᠳᠬᠤ ᠳᠦᠷᠢᠮ︾ ᠢ ᠲᠠᠷᠬᠠᠭᠠᠵᠤ᠂ ᠠᠵᠢᠯ ᠤᠨ ᠱᠠᠭᠠᠷᠳᠠᠯᠭ᠎ᠠ ᠶᠢ ᠲᠣᠳᠣᠷᠬᠠᠢ | ᠳᠤᠷᠠᠳᠵᠠᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠶ᠎ᠡ ᠳᠤ ᠱᠠᠲᠤ ᠱᠠᠲᠤ ᠪᠠᠷ ᠱᠠᠭᠠᠷᠳᠠᠯᠭ᠎ᠠ ᠨᠡᠮᠡᠵᠦ ᠪᠤᠯᠬᠤ ᠦᠭᠡᠢ᠂ ᠮᠠᠯᠴᠢᠨ ᠲᠠᠷᠢᠶᠠᠴᠢᠨ ᠤ | ᠲᠠᠷᠢᠶᠠᠨ ᠭᠠᠵᠠᠷ ᠲᠤ ᠭᠠᠷᠬᠤ ᠶᠢ ᠬᠤᠷᠢᠭᠯᠠᠵᠤ ᠪᠤᠯᠬᠤ ᠦᠭᠡᠢ᠂ ᠤᠷᠢᠳ ᠢᠶᠠᠷ ᠴᠢᠩᠭ᠎ᠠ ᠠᠳᠬᠤᠵᠤ ᠳᠠᠷᠠᠭ᠎ᠠ ᠪᠠᠷ ᠨᠢ ᠰᠤᠯᠠᠳᠬᠠᠵᠤ ᠪᠤᠯᠬᠤ ᠦᠭᠡᠢ᠂ ᠠᠰᠠᠭᠤᠳᠠᠯ | ᠢ ᠰᠢᠢᠳᠪᠦᠷᠢᠯᠡᠬᠦ ᠶᠢ ᠬᠤᠶᠢᠰᠢᠯᠠᠭᠤᠯᠵᠤ ᠪᠤᠯᠬᠤ ᠦᠭᠡᠢ᠂ ᠨᠠᠮᠤᠷ ᠤᠨ ᠬᠤᠷᠢᠶᠠᠯᠲᠠ ᠶᠢᠨ ᠠᠬᠢᠴᠠ ᠶᠢ ᠨᠥᠯᠥᠭᠡᠯᠡᠵᠦ ᠪᠤᠯᠬᠤ ᠦᠭᠡᠢ᠃ | ᠣᠷᠳᠣᠰ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠬᠢᠵᠢᠭ ᠤᠨ ᠪᠠᠶᠢᠳᠠᠯ ᠪᠠ ᠨᠠᠮᠤᠷ ᠤᠨ ᠬᠤᠷᠢᠶᠠᠯᠲᠠ ᠶᠢᠨ ᠠᠵᠢᠯ ᠢ | ᠨᠢᠭᠡᠳᠦᠯᠲᠡᠢ ᠲᠥᠯᠥᠪᠵᠢᠭᠦᠯᠬᠦ ᠬᠠᠯᠠᠮᠰᠢᠯ ᠤᠲᠠᠰᠤ᠄ 0477—8581897 | | |