鄂尔多斯市人民政府蒙古文网站 bt365备用网址_365国际体育官网_365bet体育在线投注官网

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        bt365备用网址_365国际体育官网_365bet体育在线投注官网

        ᠣᠶᠢᠷ᠎ᠠ ᠶᠢᠨ ᠠᠷᠪᠠᠨ ᠵᠢᠯ ᠳᠤ ᠮᠠᠨ ᠤ ᠤᠯᠤᠰ ᠤᠨ GDP ᠵᠢᠯ ᠳᠤᠮᠳᠠᠴᠢ ᠪᠠᠷ 6.6%᠎ ᠪᠠᠷ  ᠨᠡᠮᠡᠭᠳᠡᠵᠡᠶ
        ᠨᠡᠶᠢᠲᠡᠯᠡᠭᠰᠡᠨ ᠴᠠᠭ᠄
        2022/10/18
                                   ᠰᠢᠨᠬᠤᠸᠠ ᠬᠤᠷᠢᠶᠠᠨ ᠤ ᠪᠡᠭᠡᠵᠢᠩ ᠤᠨ 9 ᠰᠠᠷ᠎ᠠ ᠶᠢᠨ 18᠎ ᠤ ᠴᠠᠬᠢᠯᠭᠠᠨ ᠮᠡᠳᠡᠭᠡ ︵ᠰᠤᠷᠪᠤᠯᠵᠢᠯᠠᠭᠴᠢ ᠸᠧᠢ ᠢᠦᠢ ᠺᠦᠨ︶ ᠤᠯᠤᠰ ᠤᠨ ᠲᠤᠭ᠎ᠠ ᠪᠦᠷᠢᠳᠭᠡᠯ ᠤᠨ ᠲᠤᠪᠴᠢᠶ᠎ᠡ ᠶᠢᠨ ᠲᠦᠷᠦᠭᠦᠬᠡᠨ ᠨᠡᠶᠢᠲᠡᠯᠡᠭᠰᠡᠨ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠮᠵᠢᠯᠲᠠ ᠪᠦᠲᠦᠮᠵᠢ ᠶᠢᠨ ᠰᠢᠷᠢᠰ ᠮᠡᠳᠡᠭᠦᠯᠦᠯᠳᠡ ᠳᠤ ᠬᠠᠷᠠᠭᠤᠯᠤᠭᠰᠠᠨ ᠢᠶᠠᠷ᠂ 2013 ᠣᠨ ᠠᠴᠠ 2021 ᠣᠨ ᠪᠣᠯᠲᠠᠯ᠎ᠠ᠂ ᠮᠠᠨ ᠤ ᠤᠯᠤᠰ ᠤᠨ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠦᠷᠳᠡᠭ ︵GDP︶ ᠵᠢᠯ ᠳᠤᠮᠳᠠᠴᠢ ᠪᠠᠷ 6.6%᠎ ᠪᠠᠷ ᠨᠡᠮᠡᠭᠳᠡᠵᠦ᠂ ᠠᠳᠠᠯᠢ ᠬᠤᠭᠤᠴᠠᠭᠠᠨ ᠤ ᠳᠡᠯᠡᠬᠡᠢ ᠶᠢᠨ 2.6% ᠪᠠ ᠬᠥᠭᠵᠢᠵᠦ ᠪᠠᠶᠢᠭ᠎ᠠ ᠠᠵᠤ ᠠᠬᠤᠢ ᠶᠢᠨ ᠴᠣᠭᠴᠠ ᠶᠢᠨ 3.7%᠎ ᠶᠢᠨ ᠳᠤᠮᠳᠠᠴᠢ ᠨᠡᠮᠡᠭᠳᠡᠯ ᠤᠨ ᠲᠦᠪᠰᠢᠨ ᠠᠴᠠ ᠥᠨᠳᠥᠷ ᠪᠣᠯᠵᠠᠢ︔ ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠳᠤ ᠦᠵᠡᠭᠦᠯᠦᠭᠰᠡᠨ ᠳᠤᠮᠳᠠᠴᠢ ᠬᠤᠪᠢ ᠨᠡᠮᠡᠷᠢ ᠶᠢᠨ ᠨᠤᠷᠮ᠎ᠠ 30%᠎ ᠠᠴᠠ ᠳᠠᠪᠠᠵᠤ᠂ ᠳᠡᠯᠡᠬᠡᠢ ᠳᠤ ᠲᠦᠷᠦᠬᠦᠯᠡᠪᠡ᠃     ᠮᠡᠳᠡᠭᠦᠯᠦᠯᠳᠡ ᠶᠢ ᠦᠨᠳᠦᠰᠦᠯᠡᠪᠡᠯ᠂ ᠵᠢᠯ ᠤᠨ ᠳᠤᠮᠳᠠᠴᠢ ᠭᠤᠪᠢᠭᠤᠯᠭ᠎ᠠ ᠶᠢᠨ ᠨᠣᠷᠮ᠎ᠠ ᠪᠠᠷ ᠨᠤᠭᠤᠯᠤᠨ ᠪᠤᠳᠤᠪᠠᠯ᠂ 2021 ᠣᠨ ᠳᠤ ᠮᠠᠨ ᠤ ᠤᠯᠤᠰ ᠤᠨ ᠠᠵᠤ ᠠᠬᠤᠶ ᠶᠢᠨ ᠶᠡᠷᠦᠩᠬᠡᠶ ᠬᠡᠮᠵᠢᠶ᠎ᠡ ᠶᠢᠨ ᠳᠡᠯᠡᠬᠡᠶ ᠶᠢᠨ ᠠᠵᠤ ᠠᠬᠤᠶ ᠳᠤ ᠡᠵᠡᠯᠡᠬᠦ ᠬᠤᠪᠢ ᠶᠢᠨ ᠵᠢᠩ ᠨᠢ 18.5%᠎ ᠳᠤ ᠬᠦᠷᠴᠦ᠂ 2012 ᠣᠨ ᠤ ᠬᠢ ᠠᠴᠠ ᠵᠠᠭᠤᠨ ᠤ ᠬᠠᠷᠢᠴᠠᠯ ᠢᠶᠠᠷ 7.2 ᠬᠤᠪᠢ ᠳᠡᠭᠡᠭᠰᠢᠯᠡᠵᠦ᠂ ᠳᠡᠯᠡᠬᠡᠶ ᠶᠢᠨ ᠬᠤᠶᠠᠳᠤᠭᠠᠷ ᠪᠠᠶᠢᠷᠢ ᠪᠠᠨ ᠲᠤᠭᠳᠠᠭᠤᠨ ᠢᠶᠠᠷ ᠪᠠᠳᠤᠯᠠᠪᠠ᠃ 2021 ᠣᠨ ᠳᠤ᠂ ᠮᠠᠨ ᠤ ᠤᠯᠤᠰ ᠤᠨ ᠬᠥᠮᠦᠨ ᠳᠤᠮᠳᠠᠴᠢ ᠶᠢᠨ GDP 80976 ᠲᠥᠭᠦᠷᠢᠭ ᠲᠤ ᠬᠦᠷᠴᠦ᠂ ᠦᠨ᠎ᠡ ᠬᠠᠩᠰᠢ ᠶᠢᠨ ᠬᠦᠴᠦᠨ ᠵᠦᠢᠯ ᠢ ᠭᠠᠷᠭᠠᠪᠠᠯ᠂ 2012 ᠣᠨ ᠤ ᠬᠢ ᠠᠴᠠ 69.7%᠎ ᠪᠠᠷ ᠨᠡᠮᠡᠭᠳᠡᠵᠦ᠂ ᠵᠢᠯ ᠳᠤᠮᠳᠠᠴᠢ ᠪᠠᠷ 6.1%᠎ ᠪᠠᠷ ᠨᠡᠮᠡᠭᠳᠡᠪᠡ᠃     ᠰᠢᠨ᠎ᠡ ᠶᠢ ᠡᠭᠦᠳᠬᠦ ᠬᠥᠭᠵᠢᠯᠲᠡ ᠶᠢᠨ ᠬᠥᠳᠡᠯᠭᠡᠭᠴᠢ ᠬᠦᠴᠦᠨ ᠴᠢᠩᠭᠠᠷᠠᠵᠤ᠂ ᠰᠢᠨ᠎ᠡ ᠶᠢ ᠡᠭᠦᠳᠬᠦ ᠬᠡᠯᠪᠡᠷᠢ ᠶᠢᠨ ᠤᠯᠤᠰ ᠤᠨ ᠪᠦᠲᠦᠭᠡᠨ ᠪᠠᠶᠢᠭᠤᠯᠤᠯᠲᠠ ᠰᠢᠨ᠎ᠡ ᠠᠬᠢᠯᠲᠠ ᠲᠠᠢ ᠪᠣᠯᠪᠠ᠃ ᠮᠠᠨ ᠤ ᠤᠯᠤᠰ ᠤᠨ ᠰᠤᠳᠤᠯᠤᠨ ᠨᠡᠭᠡᠭᠡᠬᠦ ᠵᠠᠷᠤᠳᠠᠯ ᠤᠨ ᠶᠡᠷᠦᠩᠬᠡᠢ ᠬᠡᠮᠵᠢᠶ᠎ᠡ 2013 ᠣᠨ ᠳᠤ ᠶᠠᠫᠣᠨ ᠠᠴᠠ ᠳᠠᠪᠠᠵᠤ᠂ ᠳᠡᠯᠡᠬᠡᠢ ᠶᠢᠨ ᠬᠤᠶᠠᠳᠤᠭᠠᠷ ᠶᠡᠭᠡ ᠰᠤᠳᠤᠯᠤᠨ ᠨᠡᠭᠡᠭᠡᠬᠦ ᠵᠠᠷᠤᠳᠠᠯ ᠤᠨ ᠣᠷᠣᠭᠤᠯᠤᠯᠲᠠ ᠲᠠᠢ ᠤᠯᠤᠰ ᠪᠣᠯᠪᠠ᠃ ᠳᠡᠯᠡᠬᠡᠶ ᠶᠢᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠵᠣᠬᠢᠶᠠᠨ ᠪᠠᠶᠢᠭᠤᠯᠤᠯᠲᠠ ᠶᠢᠨ  ᠮᠡᠳᠡᠭᠦᠯᠦᠯᠳᠡ ᠳᠤ ᠬᠠᠷᠠᠭᠤᠯᠤᠭᠰᠠᠨ ᠢᠶᠠᠷ᠂ ᠮᠠᠨ ᠤ ᠤᠯᠤᠰ ᠤᠨ ᠪᠥᠬᠦ ᠪᠥᠮᠪᠥᠷᠴᠡᠭ ᠤᠨ ᠰᠢᠨ᠎ᠡ ᠶᠢ ᠡᠭᠦᠳᠬᠦ ᠵᠢᠭᠠᠯᠲᠠ ᠲᠤᠭ᠎ᠠ ᠳᠠᠬᠢ ᠨᠡᠷᠡᠰ ᠤᠨ ᠵᠢᠭᠰᠠᠭᠠᠯᠲᠠ ᠨᠢ 2012 ᠣᠨ ᠳᠤ 34 ᠳ᠋ᠤᠭᠡᠷ ᠪᠠᠶᠢᠷᠢᠨ ᠳᠤ ᠪᠠᠶᠢᠭᠰᠠᠨ ᠠᠴᠠ ᠪᠠᠨ 2021 ᠣᠨ ᠳᠤ 12 ᠳ᠋ᠤᠭᠠᠷ ᠪᠠᠶᠢᠷᠢᠨ ᠳᠤ ᠲᠡᠪᠰᠢᠨ ᠣᠷᠣᠪᠠ᠃     ᠵᠣᠬᠢᠴᠠᠩᠭᠤᠢ ᠬᠥᠭᠵᠢᠯᠲᠡ ᠶᠢᠨ ᠶᠠᠪᠤᠴᠠ ᠯᠠᠪᠳᠠᠭᠤᠨ ᠪᠠᠶᠢᠵᠤ᠂ ᠠᠵᠤ ᠠᠬᠤᠢ ᠶᠢᠨ ᠪᠦᠲᠦᠴᠡ ᠲᠠᠰᠤᠷᠠᠯᠲᠠ ᠦᠭᠡᠢ ᠰᠢᠯᠢᠳᠡᠭᠵᠢᠪᠡ᠃ 2021 ᠣᠨ ᠳᠤ᠂ ᠦᠢᠯᠡᠳᠬᠦ ᠦᠢᠯᠡᠰ ᠤᠨ ᠨᠡᠮᠡᠭᠳᠡᠯ ᠥᠷᠲᠡᠭ 31.4 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ 2012 ᠣᠨ ᠤ ᠬᠢ ᠠᠴᠠ 74.3%᠎ ᠪᠠᠷ ᠪᠣᠳᠠᠲᠠᠶ

        bt365备用网址_365国际体育官网_365bet体育在线投注官网

        ᠨᠡᠮᠡᠭᠳᠡᠪᠡ᠃ 2021 ᠣᠨ ᠳᠤ᠂ ᠡᠴᠦᠰ ᠤᠨ ᠬᠡᠷᠡᠭᠯᠡᠭᠡᠨ ᠤ ᠵᠠᠷᠤᠯᠭ᠎ᠠ ᠶᠢᠨ ᠠᠵᠤ ᠠᠬᠤᠢ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠤᠷᠮ᠎ᠠ ᠨᠢ 65.4 % ᠪᠠᠶᠢᠵᠤ᠂ 2012 ᠣᠨ ᠤ ᠬᠢ ᠠᠴᠠ ᠵᠠᠭᠤᠨ ᠤ ᠬᠠᠷᠢᠴᠠᠯ ᠢᠶᠠᠷ 10 ᠬᠤᠪᠢ ᠳᠡᠭᠡᠭᠰᠢᠯᠡᠵᠦ᠂ ᠠᠵᠤ ᠠᠬᠤᠢ ᠶᠢᠨ ᠨᠡᠮᠡᠭᠳᠡᠯ ᠢ ᠲᠠᠶᠢᠴᠢᠯᠠᠭᠰᠠᠨ ᠨᠢᠭᠡᠳᠦᠭᠡᠷ ᠬᠥᠳᠡᠯᠭᠡᠬᠦ ᠬᠦᠴᠦᠨ ᠪᠣᠯᠪᠠ᠃    ᠪᠣᠬᠢᠷᠲᠤᠯ ᠦᠭᠡᠢ ᠬᠥᠭᠵᠢᠯᠲᠡ ᠶᠢᠨ ᠬᠠᠨᠳᠤᠰᠢ ᠰᠠᠶᠢᠵᠢᠷᠠᠵᠤ᠂ ᠬᠥᠮᠦᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠪᠠᠶᠢᠳᠠᠯ ᠲᠦᠷᠭᠡᠨ ᠪᠦᠷᠢᠯᠳᠦᠪᠡ᠃ 2021 ᠣᠨ ᠳᠤ᠂ ᠪᠦᠬᠦ ᠤᠯᠤᠰ ᠤᠨ ᠲᠤᠰᠬᠠᠢ ᠣᠷᠣᠨ ᠤ ᠲᠡᠰ ᠵᠢᠴᠢ ᠲᠡᠭᠦᠨ ᠠᠴᠠ ᠳᠡᠭᠡᠭᠰᠢᠬᠢ ᠬᠤᠳᠠ ᠶᠢᠨ ᠠᠭᠠᠷ ᠤᠨ ᠶᠠᠰᠤ ᠴᠢᠨᠠᠷ ᠰᠢᠯᠢᠳᠡᠭ ᠰᠠᠢᠨ ᠪᠠᠶᠢᠬᠤ ᠳᠤᠮᠳᠠᠴᠢ ᠡᠳᠦᠷ ᠤᠨ ᠲᠤᠭ᠎ᠠ ᠶᠢᠨ ᠬᠠᠷᠢᠴᠠᠯ 87.5%᠎ ᠳᠤ ᠬᠦᠷᠴᠦ᠂ 2015 ᠣᠨ ᠤ ᠬᠢ ᠠᠴᠠ ᠵᠠᠭᠤᠨ ᠤ ᠬᠠᠷᠢᠴᠠᠯ ᠢᠶᠠᠷ 6.3 ᠬᠤᠪᠢ ᠳᠡᠭᠡᠭᠰᠢᠯᠡᠪᠡ᠃ 2013 ᠣᠨ ᠠᠴᠠ 2021 ᠣᠨ ᠪᠣᠯᠲᠠᠯ᠎ᠠ᠂ ᠪᠦᠬᠦ ᠤᠯᠤᠰ ᠤᠨ ᠣᠶᠢᠵᠢᠭᠤᠯᠤᠯᠲᠠ ᠶᠢᠨ ᠶᠡᠷᠦᠩᠬᠡᠢ ᠲᠠᠯᠠᠪᠠᠢ ᠪᠠᠷᠤᠭ 5944 ᠲᠦᠮᠡᠨ ᠾᠧᠺᠲ᠋ᠠᠷ ᠲᠤ ᠬᠦᠷᠴᠡᠢ᠃    ᠨᠡᠭᠡᠭᠡᠯᠲᠡᠲᠦ ᠬᠥᠭᠵᠢᠯᠲᠡ ᠨᠡᠩ ᠥᠨᠳᠥᠷ ᠳᠡᠰ ᠳᠠᠪᠬᠤᠷᠭ᠎ᠠ ᠲᠡᠶᠢᠰᠢ ᠠᠬᠢᠵᠤ᠂ ᠪᠦᠬᠦ ᠲᠠᠯ᠎ᠠ ᠪᠠᠷ ᠨᠡᠬᠡᠬᠡᠯᠳᠡ ᠬᠢᠬᠦ ᠰᠢᠨ᠎ᠡ ᠪᠠᠶᠢᠷᠢᠰᠢᠯ ᠲᠦᠷᠭᠡᠨ ᠪᠦᠷᠢᠯᠳᠦᠪᠡ ᠃ 2020 ᠣᠨ ᠳᠤ᠂ ᠮᠠᠨ ᠤ ᠤᠯᠤᠰ ᠤᠨ ᠡᠳ᠋ ᠪᠠᠷᠠᠭ᠎ᠠ ᠪᠣᠯᠤᠨ ᠦᠢᠯᠡᠴᠢᠯᠡᠭᠡᠨ ᠤ ᠠᠷᠠᠯᠵᠢᠶᠠᠨ ᠤ ᠶᠡᠷᠦᠩᠬᠡᠢ ᠬᠡᠮᠵᠢᠶ᠎ᠡ 5.3 ᠲᠦᠮᠡᠨ ᠳ᠋ᠦᠩᠰᠢᠭᠤᠷ ᠳ᠋ᠣᠯᠯᠠᠷ ᠲᠤ ᠬᠦᠷᠴᠦ᠂ ᠠᠩᠬ᠎ᠠ ᠤᠳᠠᠭ᠎ᠠ ᠠᠮᠧᠷᠢᠺᠠ ᠶᠢ ᠳᠠᠪᠠᠵᠤ ᠪᠦᠬᠦ ᠪᠥᠮᠪᠥᠷᠴᠡᠭ ᠤᠨ ᠨᠢᠭᠡᠳᠦᠭᠡᠷ ᠲᠤᠮᠤ ᠠᠷᠠᠯᠵᠢᠶᠠᠨ ᠤ ᠤᠯᠤᠰ ᠪᠣᠯᠪᠠ᠃ 2021 ᠣᠨ ᠳᠤ ᠂ ᠡᠳ᠋ ᠪᠠᠷᠠᠭ᠎ᠠ ᠪᠣᠯᠤᠨ ᠦᠢᠯᠡᠴᠢᠯᠡᠭᠡᠨ ᠤ ᠠᠷᠠᠯᠵᠢᠶᠠᠨ ᠤ ᠶᠡᠷᠦᠩᠬᠡᠢ ᠬᠡᠮᠵᠶ᠊ ᠡᠶ᠎ᠡ 6.9 ᠲᠦᠮᠡᠨ ᠳ᠋ᠦᠩᠰᠢᠭᠤᠷ ᠳ᠋ᠣᠯᠯᠠᠷ ᠲᠤ ᠬᠦᠷᠴᠦ᠂ ᠳᠡᠯᠡᠬᠡᠢ ᠶᠢᠨ ᠲᠡᠷᠢᠭᠦᠨ ᠪᠠᠶᠢᠷᠢ ᠪᠠᠨ ᠦᠷᠭᠦᠯᠵᠢᠯᠡᠨ ᠪᠠᠲᠤᠯᠠᠪᠠ᠃   ᠬᠠᠮᠲᠤ ᠪᠠᠷ ᠡᠳ᠋ᠯᠡᠬᠦ ᠬᠥᠭᠵᠢᠯᠲᠡ ᠦᠷᠭᠦᠯᠵᠢᠯᠡᠨ ᠴᠢᠩᠭᠠᠷᠠᠵᠤ᠂ ᠬᠥᠭᠵᠢᠯᠲᠡ ᠶᠢᠨ ᠦᠷ᠎ᠡ ᠪᠦᠲᠦᠭᠡᠯ ᠢ ᠪᠦᠬᠦ ᠠᠷᠠᠳ ᠲᠦᠮᠡᠨ ᠳᠤ ᠨᠡᠩ ᠤᠯᠠᠨ ᠨᠡᠩ ᠭᠤᠣᠯᠴᠢ ᠪᠠᠷ ᠬᠦᠷᠲᠡᠭᠡᠪᠡ᠃ ᠣᠲᠣ ᠶᠢᠨ ᠬᠡᠷᠡᠭᠵᠢᠭᠦᠯᠵᠦ ᠪᠠᠶᠢᠭ᠎ᠠ ᠶᠠᠳᠠᠭᠤ ᠬᠦᠴᠢᠷᠳᠡᠯ ᠤᠨ ᠪᠠᠷᠢᠮᠵᠢᠶ᠎ᠠ ᠳᠤᠤᠷ᠎ᠠ᠂ 2013 ᠣᠨ ᠠᠴᠠ 2020 ᠣᠨ ᠪᠣᠯᠲᠠᠯ᠎ᠠ ᠂ ᠪᠥᠬᠦ ᠤᠯᠤᠰ ᠤᠨ ᠬᠥᠳᠡᠭᠡ ᠲᠣᠰᠬᠤᠨ ᠤ ᠶᠠᠳᠠᠭᠤ ᠬᠦᠴᠢᠷᠳᠡᠯᠲᠡᠶ ᠬᠥᠮᠦᠨ ᠠᠮᠠ ᠨᠡᠶᠢᠲᠡ 9899 ᠲᠦᠮᠡ ᠪᠠᠭᠠᠰᠴᠤ᠂ ᠶᠠᠳᠠᠭᠤᠷᠠᠯ ᠤᠨ ᠨᠣᠷᠮ᠎ᠠ ᠵᠢᠯ ᠳᠤᠮᠳᠠᠴᠢ ᠪᠠᠷ ᠵᠠᠭᠤᠨ ᠤ ᠬᠠᠷᠢᠴᠠᠯ ᠢᠶᠠᠷ 1.3 ᠬᠤᠪᠢ ᠪᠠᠭᠤᠷᠠᠪᠠ᠃ 2013 ᠣᠨ ᠠᠴᠠ 2021 ᠣᠨ ᠪᠣᠯᠲᠠᠯ᠎ᠠ᠂ ᠪᠥᠬᠦ ᠤᠯᠤᠰ ᠤᠨ ᠠᠵᠢᠯ ᠣᠯᠤᠭᠰᠠᠳ ᠤᠨ ᠲᠤᠭ᠎ᠠ ᠶᠢ 7.4 ᠳ᠋ᠦᠩᠰᠢᠭᠤᠷ ᠬᠦᠮᠦᠨ ᠠᠴᠠ ᠳᠡᠭᠡᠭᠰᠢ ᠳᠤ ᠲᠣᠭᠲᠠᠭᠤᠨ ᠪᠠᠶᠢᠯᠭᠠᠪᠠ᠃ 
        ᠢᠷᠡᠯᠲᠡ᠄ ᠤᠷᠳᠤᠰ ᠮᠤᠩᠭᠤᠯ ᠰᠦᠯᠵᠢᠶ᠎ᠡ