bt365备用网址_365国际体育官网_365bet体育在线投注官网 | ᠲᠤᠶᠠᠭ᠎ᠠ ᠲᠦᠯᠦᠭᠡᠯᠡᠭᠴᠢ ᠦᠤᠰᠢᠨ ᠬᠤᠰᠢᠭᠤᠨ ᠤ ᠬᠤᠶᠠᠳᠤᠭᠠᠷ ᠲᠤᠷᠰᠢᠯᠳᠡ ᠶᠢᠨ ᠪᠠᠭ᠎ᠠ ᠰᠤᠷᠭᠠᠭᠤᠯᠢ ᠳᠤ ᠲᠡᠳ᠋ ᠵᠠᠬᠢᠷᠤᠯ ᠤᠨ ᠠᠵᠢᠯ ᠠᠯᠪᠡ ᠲᠠᠢ᠃ | ᠤᠳᠠᠭᠠᠨ ᠵᠢᠯ ᠤᠨ ᠲᠤᠷᠰᠢ ᠰᠤᠷᠭᠠᠨ ᠬᠦᠮᠤᠵᠢᠯ ᠤᠨ ᠹᠠᠷᠤᠨᠲ ᠲᠤ ᠭᠠᠪᠰᠢᠭᠠᠶᠢᠯᠡᠨ᠂ ᠲᠡᠳ᠋ ᠵᠠᠬᠢᠷᠤᠯ ᠤᠨ ᠲᠤᠰᠢᠶᠠᠯ ᠢ ᠡᠭᠦᠷᠭᠡᠯᠡᠭᠡᠳ 9 ᠵᠢᠯ ᠤᠨ ᠨᠢᠭᠤᠷ ᠢ | ᠦᠵᠡᠵᠤ᠂ ᠰᠤᠷᠤᠬᠴᠢᠳ ᠤᠨ ᠡᠷᠡᠭᠦᠯ ᠢᠶᠠᠷ ᠦᠰᠤᠨ ᠪᠤᠶᠢᠵᠢᠬᠤ ᠶᠢ ᠦᠷᠭᠦᠯᠵᠢ ᠬᠠᠯᠠᠮᠵᠢᠯᠠᠬᠰᠠᠭᠠᠷ ᠢᠷᠡᠵᠠᠢ᠃ ᠲᠤᠰ ᠤᠳᠠᠭᠠᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠳᠤ ᠲᠤᠶᠠᠭ᠎ᠠ ᠲᠦᠯᠦᠭᠡᠯᠡᠭᠴᠢ ᠰᠤᠷᠭᠠᠨ ᠬᠦᠮᠤᠵᠢᠯ ᠤᠨ ︿ᠬᠤᠶᠠᠷ ᠢ ᠬᠦᠡᠭᠭᠡᠷᠡᠭᠦᠯᠬᠦ﹀ ᠳᠤ ᠭᠡᠷ ᠪᠦᠯᠢ ᠶᠢᠨ ᠰᠤᠷᠭᠠᠨ | ᠬᠦᠮᠤᠵᠢᠯ ᠢ ᠴᠢᠬᠤᠯᠠᠴᠢᠯᠠᠬᠤ ᠲᠤᠬᠠᠢ ᠰᠠᠨᠠᠯ ᠵᠦᠪᠯᠡᠯᠭᠡ ᠲᠤᠷᠠᠳᠴᠠᠢ᠃ | ᠲᠡᠷᠨ᠄ ︿ᠤᠯᠤᠰ ᠠᠴᠠ ᠬᠤᠶᠠᠷ ᠢ ᠬᠦᠡᠭᠭᠡᠷᠡᠭᠦᠯᠬᠦ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠭᠡᠳ ᠨᠢᠭᠡ ᠰᠤᠷᠤᠯᠭ᠎ᠠ ᠶᠢᠨ ᠬᠤᠭᠤᠴᠠᠭ᠎ᠠ ᠪᠤᠯᠵᠤ ᠪᠠᠶᠢᠨ᠎ᠠ᠃ | ᠪᠢ ᠰᠤᠷᠭᠠᠨ ᠬᠦᠮᠤᠵᠢᠯ ᠤᠨ ᠠᠵᠢᠯᠳᠡᠨ ᠪᠤᠯᠤᠬᠰᠡᠨ ᠤ ᠬᠤᠪᠢ ᠳᠤ ᠡᠨᠡ ᠬᠤᠭᠤᠴᠠᠭᠠᠨ ᠳᠠᠬᠢ ᠠᠵᠢᠯ ᠤᠨ ᠲᠤᠬᠠᠢ ᠮᠠᠰᠢ ᠬᠦᠨ ᠰᠡᠳᠬᠢᠭᠳᠡᠯ ᠲᠠᠢ ᠪᠠᠶᠢᠨ᠎ᠠ᠃ | ᠬᠤᠶᠠᠷ ᠢ ᠬᠦᠡᠭᠭᠡᠷᠡᠭᠦᠯᠬᠦ ᠲᠦᠷᠦ ᠶᠢᠨ ᠪᠤᠳᠤᠯᠭ᠎ᠠ ᠪᠤᠯ ᠰᠢᠰᠲ᠋ᠧᠮ ᠲᠠᠢ ᠢᠨᠵᠧᠨᠧᠷᠢᠩ ᠶᠤᠮ᠂ ᠲᠡᠭᠦᠨ ᠳᠤ ᠰᠤᠷᠭᠠᠭᠤᠯᠢ᠂ ᠭᠡᠷ ᠤᠨ ᠠᠬᠠᠮᠡᠳ ᠪᠡ ᠪᠦᠬᠦ | ᠨᠡᠶᠢᠭᠡᠮ ᠤᠨ ᠬᠠᠮᠳᠤᠷᠠᠯᠴᠠᠭ᠎ᠠ ᠴᠢᠬᠤᠯᠠᠳᠠᠢ᠃ ᠢᠯᠠᠩᠭᠤᠶ᠎ᠠ ︿ᠭᠡᠷ ᠪᠦᠯᠢ ᠶᠢᠨ ᠰᠤᠷᠭᠠᠨ ᠬᠦᠮᠤᠵᠢᠯ ᠢ ᠠᠬᠢᠭᠤᠯᠬᠤ ᠬᠠᠤᠯᠢ﹀ ᠶᠢ ᠡᠨᠡ ᠵᠢᠯ ᠤᠨ 1 ᠰᠠᠷ᠎ᠠ ᠶᠢᠨ | 1 ᠤ ᠡᠳᠤᠷ ᠠᠴᠠ ᠬᠡᠷᠡᠭᠵᠢᠭᠦᠯᠦᠭᠳᠡᠭᠰᠡᠨ ᠲᠤᠯᠨ ᠭᠡᠷ ᠤᠨ ᠠᠬᠠᠮᠡᠳ ᠬᠡᠤᠭᠡᠳ ᠤᠨ ᠰᠤᠷᠭᠠᠨ ᠬᠦᠮᠤᠵᠢᠯ ᠤᠨ ᠲᠤᠬᠠᠢ ᠦᠵᠡᠯᠳᠡ ᠲᠠᠨᠢᠯᠳᠡ ᠪᠠᠨ ᠲᠠᠷᠤᠶᠢᠬᠠᠨ | ᠬᠤᠪᠢᠷᠠᠭᠤᠯᠵᠤ᠂ ᠬᠡᠤᠭᠡᠳ ᠤᠨ ᠰᠤᠷᠭᠠᠨ ᠬᠦᠮᠤᠵᠢᠯ ᠢ ᠪᠤᠯᠪᠠᠰᠤᠷᠠᠯ ᠤᠨ ᠠᠩᠬᠢ ᠳᠤ ᠲᠤᠰᠢᠶᠠᠬᠤ ᠪᠤᠶᠤ ᠰᠤᠷᠭᠠᠭᠤᠯᠢ ᠶᠢᠨ ᠰᠤᠷᠭᠠᠨ ᠬᠦᠮᠤᠵᠢᠯ ᠳᠤ ᠯᠨ | ᠲᠦᠰᠢᠭᠯᠡᠬᠦ ᠦᠵᠡᠯᠳᠡ ᠪᠠᠨ ᠲᠠᠶᠠᠬᠳᠠᠵᠤ᠂ ᠬᠠᠤᠯᠢ ᠶᠤᠰᠤᠭᠠᠷ ᠭᠡᠤᠭᠡᠳ ᠢᠶᠠᠨ ᠬᠠᠷᠠᠭᠠᠯᠵᠠᠬᠤ ᠴᠢᠬᠤᠯᠨ ᠲᠠᠢ ᠪᠤᠯᠪᠠ᠃ ᠡᠳᠡᠭᠡᠷ ᠠᠰᠠᠭᠤᠳᠠᠯ ᠳᠤ ᠴᠢᠭᠯᠡᠭᠦᠯᠤᠨ | ᠪᠢ ᠲᠤᠤᠷᠠᠬᠢ ᠬᠡᠳᠤᠨ ᠲᠠᠯ᠎ᠠ ᠶᠢᠨ ᠰᠠᠨᠠᠯ ᠵᠦᠪᠯᠡᠯᠭᠡ ᠲᠤᠷᠠᠳᠪᠡ᠃ ᠨᠢᠭᠡ ᠳᠤ᠂ ︿ᠭᠡᠷ ᠪᠦᠯᠢ ᠶᠢᠨ ᠰᠤᠷᠭᠠᠨ ᠬᠦᠮᠤᠵᠢᠯ ᠢ ᠠᠬᠢᠭᠤᠯᠬᠤ ᠬᠠᠤᠯᠢ﹀ ᠶᠢᠨ | ᠤᠬᠠᠭᠤᠯᠭ᠎ᠠ ᠰᠤᠷᠳᠠᠯᠴᠢᠯᠠᠭ᠎ᠠ ᠶᠢ ᠴᠢᠩᠭᠠᠳᠬᠠᠵᠤ᠂ ᠭᠡᠷ ᠤᠨ ᠠᠬᠠᠮᠡᠳ ᠲᠤ ᠬᠦᠨᠵᠡᠭᠡᠢ ᠦᠢᠯᠠᠭᠠᠭᠤᠯᠬᠤ ᠴᠢᠬᠤᠯᠠᠳᠠᠢ᠃ ᠬᠤᠶᠠᠷ ᠲᠤ᠂ ᠰᠤᠷᠭᠠᠭᠤᠯᠢ ᠶᠢᠨ | ᠰᠤᠷᠭᠠᠨ ᠬᠦᠮᠤᠵᠢᠯ ᠪᠠ ᠭᠡᠷ ᠪᠦᠯᠢ ᠶᠢᠨ ᠰᠤᠷᠭᠠᠨ ᠬᠦᠮᠤᠵᠢᠯ ᠢ ᠤᠶᠠᠯᠳᠤᠭᠤᠯᠬᠤ ᠶᠢ ᠴᠢᠩᠭᠠᠳᠬᠠᠬᠤ ᠴᠢᠬᠤᠯᠠᠳᠠᠢ᠃ ᠭᠤᠷᠪᠡ ᠳᠤ᠂ ᠭᠡᠷ ᠪᠦᠯᠢ᠂ | ᠰᠤᠷᠭᠠᠭᠤᠯᠢ᠂ ᠨᠡᠶᠢᠭᠡᠮ ᠤᠨ ᠡᠯ᠎ᠡ ᠡᠳᠡᠭᠡᠳ ᠤᠨ ᠬᠢᠨ ᠤ ᠬᠠᠮᠳᠤᠷᠠᠯᠴᠠᠬᠰᠡᠨ ᠲᠤᠬᠳᠠᠯᠴᠠᠭ᠎ᠠ ᠶᠢ ᠪᠦᠷᠢᠯᠳᠦᠭᠦᠯᠵᠤ᠂ ︿ᠬᠤᠶᠠᠷ ᠢ ᠬᠦᠡᠭᠭᠡᠷᠡᠭᠦᠯᠬᠦ﹀ ᠲᠦᠷᠦ ᠶᠢᠨ | ᠪᠤᠳᠤᠯᠭ᠎ᠠ ᠶᠢ ᠬᠡᠷᠡᠭᠵᠢᠭᠦᠯᠬᠦ ᠳᠤ ᠬᠠᠮᠳᠤ ᠪᠠᠷ ᠬᠦᠴᠦᠯᠡᠬᠦ ᠴᠢᠬᠤᠯᠠᠳᠠᠢ᠃ ᠤᠯᠤᠰ᠂ ᠭᠡᠷ ᠪᠦᠯᠢ᠂ ᠰᠤᠷᠭᠠᠭᠤᠯᠢ ᠬᠠᠮᠳᠤ ᠪᠠᠷ ᠴᠢᠷᠮᠠᠶᠢᠪᠠᠯ ᠬᠡᠤᠭᠡᠳ ᠨᠡᠩ | ᠡᠷᠡᠭᠦᠯ ᠢᠶᠠᠷ ᠦᠰᠦᠨ ᠪᠤᠶᠢᠵᠢᠨ᠎ᠠ ᠭᠡᠳᠡᠭ ᠲᠤ ᠪᠢ ᠢᠳᠡᠭᠡᠯ ᠲᠠᠢ ᠪᠠᠶᠢᠨ᠎ᠠ﹀ ᠭᠡᠯᠡ᠃ | | | | |