ᠲᠦᠷᠦ ᠶᠢᠨ ᠪᠣᠳᠣᠯᠭ᠎ᠠ Q&A | ᠣᠶᠢᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶ᠎ᠠ ᠪᠠᠶᠢᠩᠭᠤ ᠶᠢᠨ ᠬᠤᠷᠠᠯ ᠬᠤᠷᠠᠯᠳᠤᠭᠤᠯᠵᠤ᠂ ᠬᠦᠴᠢᠷᠳᠡᠯᠲᠡᠢ ᠣᠯᠠᠨ ᠲᠦᠮᠡᠨ ᠤ ᠦᠨᠳᠦᠰᠦᠨ bt365备用网址_365国际体育官网_365bet体育在线投注官网 | ᠠᠮᠢᠳᠤᠷᠠᠯ ᠤᠨ ᠪᠠᠲᠤᠯᠠᠭ᠎ᠠ ᠶᠢ ᠴᠢᠩᠭᠠᠳᠬᠠᠬᠤ ᠬᠤᠯᠪᠣᠭᠳᠠᠯ ᠪᠦᠬᠦᠢ ᠠᠵᠢᠯ ᠢ ᠰᠤᠳᠤᠯᠵᠠᠢ᠃ ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ | ᠭᠡᠷ 8 ᠳ᠋ᠤᠭᠠᠷ ᠰᠠᠷ᠎ᠠ ᠶᠢᠨ 26 ᠤ ᠡᠳᠦᠷ ᠤᠨ ᠦᠳᠡ ᠶᠢᠨ ᠬᠤᠶᠢᠨ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠲᠥᠷᠥ ᠶᠢᠨ ᠪᠣᠳᠣᠯᠭ᠎ᠠ ᠶᠢᠨ ᠪᠠᠶᠢᠳᠠᠯ ᠢ ᠮᠡᠳᠡᠭᠳᠡᠬᠦ | ᠵᠤᠷᠰᠢᠯᠲᠤ ᠬᠤᠷᠠᠯ ᠬᠢᠵᠦ᠂ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠵᠦᠢᠯ ᠢ ᠪᠠᠲᠤᠯᠠᠬᠤ ᠲᠤᠬᠠᠢ ᠪᠠᠶᠢᠳᠠᠯ ᠢ ᠲᠠᠨᠢᠯᠴᠠᠭᠤᠯᠪᠠ᠃ ᠬᠦᠴᠢᠷᠳᠡᠯᠲᠡᠢ ᠣᠯᠠᠨ | ᠲᠦᠮᠡᠨ ᠢ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠡᠷᠴᠢᠮ ᠢ ᠴᠢᠩᠭᠠᠷᠠᠭᠤᠯᠬᠤ ᠲᠠᠯ᠎ᠠ ᠪᠠᠷ ᠪᠣᠳᠠᠲᠠᠢ ᠶᠠᠮᠠᠷ ᠶᠠᠮᠠᠷ ᠲᠥᠷᠥ ᠶᠢᠨ ᠪᠣᠳᠣᠯᠭ᠎ᠠ ᠶᠢᠨ ᠳᠡᠮᠵᠢᠯᠭᠡ | ᠪᠠᠶᠢᠬᠤ ᠪᠣᠶ︖ ᠬᠠᠮᠲᠤ ᠪᠠᠷ ᠠᠩᠬᠠᠷᠤᠶ᠎ᠠ︕ | Q1 | Q᠄ ᠣᠶᠢᠷ᠎ᠠ ᠶᠢᠨ ᠬᠤᠭᠤᠴᠠᠭᠠᠨ ᠳᠤ ᠬᠦᠴᠢᠷᠳᠡᠯᠲᠡᠢ ᠣᠯᠠᠨ ᠲᠦᠮᠡᠨ ᠢ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠡᠷᠴᠢᠮ ᠢ ᠴᠢᠩᠭᠠᠷᠠᠭᠤᠯᠬᠤ | ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠶ︖ | A᠄ ᠨᠢᠭᠡ ᠳᠤ᠂ ᠡᠯ᠎ᠡ ᠭᠠᠵᠠᠷ ᠤᠨ ᠬᠢᠨ ᠢ ᠵᠢᠯᠤᠭᠤᠳᠴᠤ ᠪᠠᠶᠢᠭᠠᠳ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠦᠷᠲᠡᠵᠦ ᠪᠠᠶᠢᠭ᠎ᠠ ᠬᠦᠮᠦᠰ᠂ | ᠣᠨᠴᠠ ᠬᠦᠴᠢᠷᠳᠡᠯᠲᠡᠢ ᠬᠥᠮᠥᠰ ᠵᠡᠷᠭᠡ ᠬᠦᠴᠢᠷᠳᠡᠯᠲᠡᠢ ᠣᠯᠠᠨ ᠲᠦᠮᠡᠨ ᠳᠤ ᠨᠢᠭᠡ ᠤᠳᠠᠭ᠎ᠠ ᠶᠢᠨ ᠴᠢᠨᠠᠷᠲᠠᠢ ᠠᠮᠢᠳᠤᠷᠠᠯ ᠤᠨ ᠨᠥᠬᠦᠪᠦᠷᠢ ᠨᠡᠮᠡᠵᠦ ᠣᠯᠭᠤᠨ᠎ᠠ᠃ | ᠬᠤᠶᠠᠷ ᠲᠤ᠂ ᠬᠦᠴᠢᠷᠳᠡᠯ ᠳᠤ ᠲᠤᠯᠭᠠᠷᠠᠭᠰᠠᠨ ᠣᠯᠠᠨ ᠲᠦᠮᠡᠨ ᠢ ᠲᠦᠷ ᠴᠠᠭ ᠠᠪᠤᠷᠠᠨ ᠲᠤᠰᠠᠯᠠᠬᠤ ᠡᠷᠴᠢᠮ ᠢ ᠴᠢᠩᠭᠠᠷᠠᠭᠤᠯᠵᠤ᠂ ᠡᠯ᠎ᠡ ᠭᠠᠵᠠᠷ ᠢ ᠵᠢᠭᠠᠨ | ᠵᠢᠯᠤᠭᠤᠳᠴᠤ ᠪᠠᠶᠢᠭᠠᠳ ᠨᠥᠬᠦᠴᠡᠯ ᠳᠤ ᠨᠡᠶᠢᠴᠡᠬᠦ ᠳᠠᠭᠠᠳᠬᠠᠯ ᠳᠤ ᠣᠷᠣᠯᠴᠠᠭᠠᠳᠤᠢ ᠠᠵᠢᠯ ᠠᠯᠳᠠᠭᠰᠠᠳ ᠵᠡᠷᠭᠡ ᠬᠦᠴᠢᠷᠳᠡᠯ ᠲᠠᠢ ᠣᠯᠠᠨ ᠲᠦᠮᠡᠨ ᠳᠤ ᠬᠦᠴᠦ | ᠶᠠᠪᠤᠵᠤ ᠪᠠᠶᠢᠭ᠎ᠠ ᠭᠠᠵᠠᠷ ᠪᠤᠶᠤ ᠪᠠᠶᠢᠩᠭᠤ ᠰᠠᠭᠤᠭ᠎ᠠ ᠭᠠᠵᠠᠷ ᠠᠴᠠ ᠨᠢ ᠲᠦᠷ ᠴᠠᠭ ᠤᠨ ᠠᠪᠤᠷᠠᠨ ᠲᠤᠰᠠᠯᠠᠬᠤ ᠮᠥᠩᠭᠦ ᠶᠢ ᠨᠢᠭᠡ ᠤᠳᠠᠭ᠎ᠠ ᠶᠢᠨ ᠴᠢᠨᠠᠷᠲᠠᠢ | ᠣᠯᠭᠤᠨ᠎ᠠ᠃ | ᠭᠤᠷᠪᠠ ᠳᠤ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯ ᠲᠠᠢ ᠬᠥᠮᠥᠰ ᠢ ᠠᠰᠠᠷᠠᠨ ᠲᠡᠵᠢᠭᠡᠬᠦ ᠵᠡᠷᠭᠡ ᠠᠪᠤᠷᠠᠨ ᠲᠤᠰᠠᠯᠠᠬᠤ | ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠶᠠᠳᠠᠭᠤ ᠠᠴᠠ ᠲᠣᠭᠲᠠᠭᠤᠨ ᠪᠤᠰᠤ ᠠᠩᠭᠢᠵᠢᠷᠠᠭᠰᠠᠨ ᠨᠥᠬᠦᠴᠡᠯ ᠳᠤ ᠨᠡᠶᠢᠴᠡᠬᠦ ᠬᠥᠮᠥᠨ ᠠᠮᠠ | ᠂ ᠬᠢᠯᠢ ᠬᠢᠵᠠᠭᠠᠷ ᠤᠨ ᠠᠮᠠᠷᠬᠠᠨ ᠶᠠᠳᠠᠭᠤᠷᠠᠬᠤ ᠬᠥᠮᠥᠨ ᠠᠮᠠ ᠪᠠ ᠭᠡᠨᠡᠳᠲᠡ ᠶᠢᠨ ᠬᠦᠨᠳᠦ ᠨᠣᠴᠢᠲᠠᠢ ᠬᠦᠴᠢᠷᠳᠡᠯ ᠳᠤ ᠲᠤᠯᠭᠠᠷᠠᠭᠰᠠᠨ ᠡᠷᠦᠬᠡ ᠶᠢ ᠴᠠᠭ ᠲᠤᠬᠠᠢ ᠳᠤ | ᠨᠢ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠪᠠ ᠣᠨᠴᠠ ᠬᠦᠴᠢᠷᠳᠡᠯ ᠲᠠᠢ ᠬᠥᠮᠥᠰ ᠢ ᠠᠰᠠᠷᠠᠨ ᠲᠡᠵᠢᠭᠡᠬᠦ ᠬᠡᠪᠴᠢᠶᠡᠨ ᠳᠤ ᠣᠷᠣᠭᠤᠯᠵᠤ᠂ ᠪᠠᠲᠤᠯᠠᠬᠤ | ᠶᠣᠰᠣᠲᠠᠢ ᠶᠢ ᠨᠢ ᠪᠦᠬᠦᠨ ᠢ ᠪᠠᠲᠤᠯᠠᠵᠤ᠂ ᠠᠪᠤᠷᠠᠬᠤ ᠶᠣᠰᠣᠲᠠᠢ ᠶᠢ ᠨᠢ ᠪᠦᠬᠦᠨ ᠢ ᠠᠪᠤᠷᠠᠬᠤ ᠶᠢ ᠪᠠᠲᠤᠯᠠᠨ᠎ᠠ᠃ | ᠳᠥᠷᠪᠡ ᠳᠤ᠂ ᠪᠦᠬᠦ ᠤᠯᠤᠰ ᠤᠨ ᠣᠷᠣᠯᠭ᠎ᠠ ᠪᠠᠭᠠᠲᠠᠢ ᠬᠥᠮᠥᠨ ᠠᠮᠠ ᠶᠢᠨ ᠬᠥᠳᠡᠯᠦᠩᠭᠦᠢ ᠬᠢᠨᠠᠨ ᠬᠡᠮᠵᠢᠯᠲᠡ ᠶᠢᠨ ᠮᠡᠳᠡᠭᠡ ᠵᠠᠩᠭᠢ ᠶᠢᠨ ᠲᠠᠪᠴᠠᠩ ᠤᠨ | ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠵᠤ᠂ ᠡᠯ᠎ᠡ ᠭᠠᠵᠠᠷ ᠤᠨ ᠬᠢᠨ ᠢ ᠵᠢᠯᠣᠭᠤᠳᠤᠨ ᠠᠪᠤᠷᠠᠨ ᠲᠤᠰᠠᠯᠠᠬᠤ ᠴᠤᠪᠤᠷᠠᠯ ᠢ ᠳᠥᠭᠦᠮᠴᠢᠯᠡᠨ ᠰᠢᠯᠢᠳᠡᠭᠵᠢᠭᠦᠯᠵᠦ᠂ | ᠨᠡᠶᠢᠭᠡᠮ ᠤᠨ ᠠᠪᠤᠷᠠᠨ ᠲᠤᠰᠠᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | ᠣᠶᠢᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠠᠴᠠ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠤᠨ | ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠬᠤ ᠠᠷᠭ᠎ᠠ ᠬᠡᠮᠵᠢᠶ᠎ᠡ ᠶᠢ ᠪᠠᠶᠢᠷᠢᠯᠠᠭᠤᠯᠵᠤ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠬᠦᠷᠢᠶ᠎ᠡ ᠬᠡᠪᠴᠢᠶ᠎ᠡ ᠶᠢ | ᠥᠷᠭᠡᠳᠬᠡᠬᠦ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠢᠭᠡ ᠯᠡ ᠤᠳᠠᠭ᠎ᠠ ᠶᠢᠨ ᠴᠢᠨᠠᠷᠲᠠᠢ ᠠᠮᠢᠳᠤᠷᠠᠯ ᠤᠨ ᠨᠥᠬᠦᠪᠦᠷᠢ ᠶᠢ | ᠬᠦᠴᠢᠷᠳᠡᠯᠲᠡᠢ ᠣᠯᠠᠨ ᠲᠦᠮᠡᠨ ᠳᠤ ᠲᠦᠷᠭᠡᠬᠡᠨ ᠣᠯᠭᠤᠵᠤ᠂ ᠬᠦᠴᠢᠷᠳᠡᠯ ᠳᠤ ᠲᠤᠯᠭᠠᠷᠠᠭᠰᠠᠨ ᠤᠯᠠᠨ ᠲᠦᠮᠡᠨ ᠢ ᠠᠪᠤᠷᠠᠨ ᠲᠤᠰᠠᠯᠠᠬᠤ ᠡᠷᠴᠢᠮ ᠢ ᠴᠢᠩᠭᠠᠷᠠᠭᠤᠯᠵᠤ᠂ | ᠨᠢᠭᠡ ᠤᠳᠠᠭ᠎ᠠ ᠶᠢᠨ ᠴᠢᠨᠠᠷᠲᠠᠢ ᠲᠦᠷ ᠴᠠᠭ ᠤᠨ ᠠᠪᠤᠷᠠᠨ ᠲᠤᠰᠠᠯᠠᠬᠤ ᠮᠥᠩᠭᠦ ᠣᠯᠭᠤᠬᠤ ᠲᠦᠷᠦ ᠶᠢᠨ ᠪᠣᠳᠣᠯᠭ᠎ᠠ ᠶᠢ ᠱᠠᠯᠠᠪᠬᠠᠨ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠱᠠᠭᠠᠷᠳᠠᠭᠰᠠᠨ ᠤ ᠬᠠᠮᠲᠤ᠂ ᠡᠨᠡ ᠵᠢᠯ ᠤᠨ 9 ᠳ᠋ᠦ᠋ᠭᠡᠷ ᠰᠠᠷ᠎ᠠ ᠠᠴᠠ ᠢᠷᠡᠬᠦ ᠵᠢᠯ ᠤᠨ 3 ᠳ᠋ᠤᠭᠠᠷ ᠰᠠᠷ᠎ᠠ ᠪᠣᠯᠲᠠᠯ᠎ᠠ᠂ ᠦᠨ᠎ᠡ ᠬᠠᠩᠰᠢ ᠶᠢᠨ | ᠨᠥᠬᠦᠪᠦᠷᠢ ᠶᠢᠨ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ ᠱᠠᠲᠤᠴᠢ ᠴᠢᠨᠠᠷᠲᠠᠢ ᠪᠠᠷ ᠲᠣᠬᠢᠷᠠᠭᠤᠯᠵᠤ᠂ ︽ᠪᠠᠲᠤᠯᠠᠭ᠎ᠠ ᠶᠢᠨ ᠬᠡᠪᠴᠢᠶ᠎ᠡ ᠶᠢ ᠥᠷᠭᠡᠳᠬᠡᠵᠦ᠂ | ᠡᠬᠢᠯᠡᠭᠦᠯᠬᠦ ᠨᠥᠬᠦᠴᠡᠯ ᠢ ᠪᠠᠭᠤᠷᠠᠭᠤᠯᠬᠤ︾ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠬᠦᠴᠢᠷᠳᠡᠯ ᠲᠠᠢ ᠤᠯᠠᠨ ᠲᠦᠮᠡᠨ ᠳᠤ ᠪᠠᠷᠠᠭᠠᠨ ᠤ ᠦᠨ᠎ᠡ ᠶᠢᠨ | ᠨᠥᠬᠦᠪᠦᠷᠢ ᠥᠭᠬᠦ ᠡᠷᠴᠢᠮ ᠢ ᠴᠢᠩᠭᠠᠷᠠᠭᠤᠯᠵᠤ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠦᠨᠡᠨ ᠬᠦ ᠪᠠᠲᠤ ᠰᠠᠬᠢᠬᠤ ᠪᠠᠷ ᠲᠣᠭᠲᠠᠭᠠᠪᠠ᠃ | Q2 | Q᠄ ᠦᠨ᠎ᠡ ᠬᠠᠩᠰᠢ ᠶᠢᠨ ᠨᠥᠬᠦᠪᠦᠷᠢ ᠶᠢᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠳᠤ ᠱᠠᠲᠤᠴᠢ ᠴᠢᠨᠠᠷᠲᠠᠢ ᠲᠣᠬᠢᠷᠠᠭᠤᠯᠤᠯᠲᠠ ᠬᠢᠬᠦ ᠲᠥᠷᠥ ᠶᠢᠨ | ᠪᠣᠳᠣᠯᠭ᠎ᠠ ᠶᠢᠨ ᠠᠭᠤᠯᠭ᠎ᠠ ᠨᠢ ᠶᠠᠭᠤ ᠶᠠᠭᠤ ᠪᠠᠶᠢᠳᠠᠭ ᠪᠣᠶ︖ | A᠄ ᠨᠢᠭᠡ ᠳᠤ᠂ ᠪᠠᠲᠤᠯᠠᠭ᠎ᠠ ᠶᠢᠨ ᠬᠦᠷᠢᠶ᠎ᠡ ᠬᠡᠪᠴᠢᠶ᠎ᠡ ᠶᠢ ᠱᠠᠲᠤᠴᠢ ᠴᠢᠨᠠᠷᠲᠠᠢ ᠪᠠᠷ ᠥᠷᠭᠡᠳᠬᠡᠨ᠎ᠡ᠃ ᠣᠲᠣ ᠶᠢᠨ ᠬᠡᠷᠡᠭᠵᠢᠭᠦᠯᠵᠦ ᠪᠠᠶᠢᠭ᠎ᠠ ᠦᠨ᠎ᠡ | ᠬᠠᠩᠰᠢ ᠶᠢᠨ ᠨᠥᠬᠦᠪᠦᠷᠢ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ 2021 ᠣᠨ ᠳᠤ ᠵᠠᠰᠠᠪᠤᠷᠢ ᠣᠷᠣᠭᠤᠯᠤᠨ ᠪᠦᠷᠢᠨᠰᠢᠭᠦᠯᠵᠦ᠂ 7 ᠲᠥᠷᠥᠯ ᠤᠨ | ᠬᠦᠮᠦᠰ ᠢ ᠬᠠᠮᠤᠷᠪᠠ᠃ ᠡᠨᠡ 7 ᠲᠥᠷᠥᠯ ᠤᠨ ᠬᠦᠮᠦᠰ ᠪᠣᠯ ᠬᠤᠲᠠ ᠬᠥᠳᠡᠭᠡ ᠶᠢᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠦᠷᠲᠡᠵᠦ ᠪᠠᠶᠢᠭ᠎ᠠ ᠬᠦᠮᠦᠰ᠂ | ᠣᠨᠴᠠ ᠬᠦᠴᠢᠷᠳᠡᠯᠲᠡᠢ ᠬᠥᠮᠥᠰ᠂ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠠᠪᠴᠤ ᠪᠠᠶᠢᠭ᠎ᠠ ᠬᠥᠮᠥᠰ᠂ ᠤᠯᠤᠰ ᠤᠨ ᠲᠣᠭᠲᠠᠮᠠᠯ ᠬᠤᠭᠤᠴᠠᠭᠠᠲᠤ | ᠠᠰᠠᠷᠠᠮᠵᠢ ᠶᠢᠨ ᠨᠥᠬᠦᠪᠦᠷᠢ ᠬᠦᠷᠲᠡᠵᠦ ᠪᠠᠶᠢᠭ᠎ᠠ ᠠᠰᠠᠷᠠᠨ ᠬᠠᠷᠠᠭᠠᠯᠵᠠᠯ ᠬᠦᠷᠲᠡᠵᠦ ᠪᠠᠶᠢᠭ᠎ᠠ ᠬᠥᠮᠥᠰ᠂ ᠥᠨᠥᠴᠢᠨ ᠬᠡᠦᠬᠡᠳ᠂ ᠪᠣᠳᠠᠲᠠᠢ ᠠᠰᠠᠷᠠᠨ ᠲᠡᠵᠢᠭᠡᠬᠦ ᠬᠥᠮᠥᠨ | ᠦᠭᠡᠢ ᠬᠡᠦᠬᠡᠳ᠂ ᠠᠶᠢᠽ ᠡᠪᠡᠳᠴᠢᠨ ᠤ ᠸᠢᠷᠦ᠋ᠰ ᠲᠤ ᠬᠠᠯᠳᠠᠪᠤᠷᠢᠯᠠᠭᠳᠠᠭᠰᠠᠨ ᠬᠡᠦᠬᠡᠳ ᠵᠡᠷᠭᠡ ᠨᠡᠶᠢᠲᠡ ᠪᠠᠷᠤᠭ 5800 ᠲᠦᠮᠡᠨ ᠬᠥᠮᠥᠨ ᠪᠠᠶᠢᠨ᠎ᠠ᠃ | ᠣᠶᠢᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠠᠴᠠ ᠡᠨᠡ ᠵᠢᠯ ᠤᠨ 9 ᠳ᠋ᠦ᠋ᠭᠡᠷ ᠰᠠᠷ᠎ᠠ ᠠᠴᠠ ᠢᠷᠡᠬᠦ ᠵᠢᠯ ᠤᠨ 3 ᠳ᠋ᠤᠭᠠᠷ ᠰᠠᠷ᠎ᠠ | ᠪᠣᠯᠲᠠᠯ᠎ᠠ᠂ ᠳᠡᠭᠡᠷ᠎ᠡ ᠳᠤᠷᠠᠳᠤᠭᠰᠠᠨ 7 ᠲᠥᠷᠥᠯ ᠤᠨ ᠬᠦᠮᠦᠰ ᠤᠨ ᠰᠠᠭᠤᠷᠢᠨ ᠳᠡᠭᠡᠷ᠎ᠡ᠂ ᠠᠵᠢᠯ ᠠᠯᠳᠠᠭᠰᠠᠳ ᠤᠨ ᠨᠥᠬᠦᠪᠦᠷᠢ ᠮᠥᠩᠭᠦ ᠠᠪᠴᠤ ᠪᠠᠶᠢᠭ᠎ᠠ ᠬᠥᠮᠥᠰ | ᠪᠠ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠳᠤ ᠬᠠᠪᠢᠳᠠᠭᠰᠠᠨ ᠬᠥᠮᠥᠨ ᠠᠮᠠ ᠵᠡᠷᠭᠡ 2 ᠲᠥᠷᠥᠯ ᠤᠨ ᠬᠦᠮᠦᠰ ᠢ ᠱᠠᠲᠤᠴᠢ ᠴᠢᠨᠠᠷᠲᠠᠢ ᠪᠠᠷ ᠰᠢᠨ᠎ᠡ ᠪᠠᠷ | ᠨᠡᠮᠡᠭᠳᠡᠬᠦ ᠦᠨ᠎ᠡ ᠬᠠᠩᠰᠢ ᠶᠢᠨ ᠨᠥᠬᠦᠪᠦᠷᠢ ᠶᠢᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠵᠤ᠂ ᠪᠠᠲᠤᠯᠠᠭ᠎ᠠ ᠶᠢᠨ | ᠬᠡᠪᠴᠢᠶ᠎ᠡ ᠶᠢ ᠥᠷᠭᠡᠳᠬᠡᠭᠰᠡᠨ ᠤ ᠳᠠᠷᠠᠭ᠎ᠠ᠂ ᠵᠢᠱᠢᠯᠲᠡ ᠪᠠᠷ 900 ᠲᠦᠮᠡ ᠰᠢᠬᠠᠮ ᠬᠥᠮᠥᠨ ᠳᠤ ᠠᠰᠢᠭ ᠬᠦᠷᠲᠡᠭᠡᠵᠦ᠂ ᠨᠡᠶᠢᠲᠡ 6700 ᠲᠦᠮᠡᠨ ᠬᠦᠴᠢᠷᠳᠡᠯᠲᠡᠢ | ᠣᠯᠠᠨ ᠲᠦᠮᠡᠨ ᠢ ᠬᠠᠮᠤᠷᠬᠤ ᠪᠣᠯᠣᠨ᠎ᠠ᠃ | ᠬᠤᠶᠠᠷ ᠲᠤ᠂ ᠡᠬᠢᠯᠡᠭᠦᠯᠬᠦ ᠨᠥᠬᠦᠴᠡᠯ ᠢ ᠱᠠᠲᠤᠴᠢ ᠴᠢᠨᠠᠷᠲᠠᠢ ᠪᠠᠷ ᠪᠠᠭᠤᠷᠠᠭᠤᠯᠤᠨ᠎ᠠ᠃ ᠣᠲᠣ ᠶᠢᠨ ᠬᠡᠷᠡᠭᠵᠢᠭᠦᠯᠵᠦ ᠪᠠᠶᠢᠭ᠎ᠠ ᠦᠨ᠎ᠡ ᠬᠠᠩᠰᠢ ᠶᠢᠨ | ᠨᠥᠬᠦᠪᠦᠷᠢ ᠶᠢᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠡᠬᠢᠯᠡᠭᠦᠯᠬᠦ ᠨᠥᠬᠦᠴᠡᠯ ᠤᠨ ᠳᠣᠲᠣᠷᠠᠬᠢ CPI ᠶᠢᠨ ᠭᠠᠭᠴᠠ ᠰᠠᠷ᠎ᠠ ᠶᠢᠨ ᠠᠳᠠᠯᠢ ᠬᠤᠭᠤᠴᠠᠭᠠᠨ ᠤ | ᠥᠰᠦᠯᠲᠡ ᠶᠢᠨ ᠬᠡᠮᠵᠢᠶ᠎ᠡ ᠶᠢ 3.5% ᠪᠠᠶᠢᠭᠰᠠᠨ ᠠᠴᠠ ᠨᠢ 3.0% ᠪᠣᠯᠭᠠᠨ ᠱᠠᠲᠤᠴᠢ ᠴᠢᠨᠠᠷᠲᠠᠢ ᠪᠠᠭᠤᠷᠠᠭᠤᠯᠬᠤ ᠶᠢᠨ ᠬᠠᠮᠲᠤ CPI ᠶᠢᠨ ᠳᠣᠲᠣᠷᠠᠬᠢ | ᠢᠳᠡᠭᠡᠨ ᠤ ᠵᠦᠢᠯ ᠤᠨ ᠦᠨ᠎ᠡ ᠬᠠᠩᠰᠢ ᠶᠢᠨ ᠠᠳᠠᠯᠢ ᠬᠤᠭᠤᠴᠠᠭᠠᠨ ᠤ ᠥᠰᠦᠯᠲᠡ ᠶᠢᠨ ᠬᠡᠮᠵᠢᠶ᠎ᠡ 6% ᠬᠦᠷᠬᠦ ᠦᠶ᠎ᠡ ᠳᠤ ᠦᠨ᠎ᠡ ᠬᠠᠩᠰᠢ ᠶᠢᠨ ᠨᠥᠬᠦᠪᠦᠷᠢ | ᠣᠯᠭᠤᠬᠤ ᠵᠡᠷᠭᠡ ᠪᠤᠰᠤᠳ ᠡᠬᠢᠯᠡᠭᠦᠯᠬᠦ ᠨᠥᠬᠦᠴᠡᠯ ᠢ ᠬᠤᠪᠢᠷᠠᠭᠤᠯᠬᠤ ᠦᠭᠡᠢ ᠪᠠᠶᠢᠬᠤ ᠶᠢ ᠪᠠᠲᠤᠯᠠᠵᠤ᠂ ᠶᠠᠮᠠᠷᠪᠠ ᠨᠢᠭᠡ ᠨᠥᠬᠦᠴᠡᠯ ᠢ ᠬᠠᠩᠭᠠᠪᠠᠯ ᠳᠠᠷᠤᠢ ᠦᠨ᠎ᠡ | ᠬᠠᠩᠰᠢ ᠶᠢᠨ ᠨᠥᠬᠦᠪᠦᠷᠢ ᠶᠢᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠡᠬᠢᠯᠡᠭᠦᠯᠦᠨ᠎ᠡ᠃ ᠡᠬᠢᠯᠡᠭᠦᠯᠬᠦ ᠨᠥᠬᠦᠴᠡᠯ ᠢ ᠨᠢᠭᠡᠨᠲᠡ ᠵᠣᠬᠢᠰᠲᠠᠢ ᠪᠠᠭᠤᠷᠠᠭᠤᠯᠤᠭᠰᠠᠨ | ᠭᠠᠵᠠᠷ ᠣᠷᠣᠨ ᠨᠢ᠂ ᠲᠤᠬᠠᠢ ᠶᠢᠨ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠡᠬᠢᠯᠡᠭᠦᠯᠬᠦ ᠨᠥᠬᠦᠴᠡᠯ ᠢ ᠱᠠᠲᠤᠴᠢ ᠴᠢᠨᠠᠷᠲᠠᠢ ᠪᠠᠷ ᠤᠯᠠᠮ ᠨᠢᠭᠡ | ᠠᠯᠬᠤᠮ ᠪᠠᠭᠤᠷᠠᠭᠤᠯᠵᠤ ᠪᠣᠯᠣᠨ᠎ᠠ᠃ | Q3 | Q᠄ ᠦᠨ᠎ᠡ ᠬᠠᠩᠰᠢ ᠶᠢᠨ ᠨᠥᠬᠦᠪᠦᠷᠢ ᠶᠢᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠳᠤ ᠱᠠᠲᠤᠴᠢ ᠴᠢᠨᠠᠷᠲᠠᠢ ᠲᠣᠬᠢᠷᠠᠭᠤᠯᠤᠯᠲᠠ ᠬᠢᠵᠦ᠂ ᠬᠦᠴᠢᠷᠳᠡᠯᠲᠡᠢ | ᠣᠯᠠᠨ ᠲᠦᠮᠡᠨ ᠳᠤ ᠥᠭᠬᠦ ᠪᠠᠷᠠᠭᠠᠨ ᠤ ᠦᠨ᠎ᠡ ᠶᠢᠨ ᠨᠥᠬᠦᠪᠦᠷᠢ ᠶᠢᠨ ᠡᠷᠴᠢᠮ ᠢ ᠴᠢᠩᠭᠠᠷᠠᠭᠤᠯᠬᠤ ᠳᠤ ᠬᠡᠳᠦᠢ ᠨᠥᠬᠦᠪᠦᠷᠢ ᠮᠥᠩᠭᠦ ᠨᠡᠮᠡᠬᠦ ᠴᠢᠬᠤᠯᠠᠲᠠᠢ ᠪᠣᠶ︖ | ᠨᠡᠮᠡᠭᠳᠡᠬᠦ ᠵᠠᠷᠤᠯᠭ᠎ᠠ ᠶᠢᠨ ᠪᠡᠯᠡ ᠮᠥᠩᠭᠦ ᠶᠢ ᠬᠡᠷᠬᠢᠨ ᠪᠠᠲᠤᠯᠠᠬᠤ ᠪᠤᠢ︖ | A᠄ ᠦᠨ᠎ᠡ ᠬᠠᠩᠰᠢ ᠶᠢᠨ ᠨᠥᠬᠦᠪᠦᠷᠢ ᠶᠢᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠡᠯ᠎ᠡ ᠭᠠᠵᠠᠷ ᠤᠨ ᠪᠠᠷᠠᠭᠠᠨ ᠤ ᠦᠨ᠎ᠡ ᠶᠢᠨ ᠥᠰᠦᠯᠲᠡ ᠶᠢᠨ | ᠬᠡᠮᠵᠢᠶ᠎ᠡ ᠶᠢ ᠦᠨᠳᠦᠰᠦᠯᠡᠨ ᠡᠬᠢᠯᠡᠭᠦᠯᠦᠭᠰᠡᠨ ᠶᠤᠮ᠂ ᠨᠥᠬᠦᠪᠦᠷᠢ ᠶᠢᠨ ᠪᠠᠷᠢᠮᠵᠢᠶ᠎ᠠ ᠶᠢ ᠴᠤ ᠲᠤᠬᠠᠢ ᠶᠢᠨ ᠭᠠᠵᠠᠷ ᠤᠨ ᠪᠠᠷᠠᠭᠠᠨ ᠤ ᠦᠨ᠎ᠡ ᠶᠢᠨ ᠥᠰᠦᠯᠲᠡ ᠶᠢᠨ | ᠬᠡᠮᠵᠢᠶ᠎ᠡ ᠲᠠᠢ ᠬᠤᠯᠪᠣᠭᠳᠠᠭᠤᠯᠤᠭᠰᠠᠨ ᠶᠤᠮ᠃ ᠨᠥᠬᠦᠪᠦᠷᠢ ᠶᠢᠨ ᠪᠡᠯᠡ ᠮᠥᠩᠭᠦ ᠶᠢᠨ ᠵᠣᠭᠤᠰ ᠤᠨ ᠲᠤᠭ᠎ᠠ ᠶᠢ ᠡᠯ᠎ᠡ ᠭᠠᠵᠠᠷ ᠤᠨ ᠪᠠᠷᠠᠭᠠᠨ ᠤ ᠦᠨ᠎ᠡ ᠶᠢᠨ | ᠥᠰᠥᠯᠲᠡ ᠶᠢᠨ ᠬᠡᠮᠵᠢᠶ᠎ᠡ ᠲᠠᠢ ᠬᠤᠯᠪᠣᠭᠳᠠᠭᠤᠯᠵᠤ ᠪᠣᠳᠣᠬᠤ ᠴᠢᠬᠤᠯᠠ ᠲᠠᠢ᠃ | ᠬᠤᠶᠢᠰᠢᠳᠠ ᠶᠢᠨ ᠨᠢᠭᠡ ᠬᠤᠭᠤᠴᠠᠭᠠᠨ ᠤ ᠤᠯᠤᠰ ᠤᠨ ᠳᠣᠲᠣᠭᠠᠳᠤ ᠶᠢᠨ ᠪᠠᠷᠠᠭᠠᠨ ᠤ ᠦᠨ᠎ᠡ ᠶᠢᠨ ᠥᠰᠥᠯᠲᠡ ᠶᠢ ᠦᠨᠳᠦᠰᠦᠯᠡᠵᠦ᠂ ᠦᠨ᠎ᠡ ᠬᠠᠩᠰᠢ ᠶᠢᠨ | ᠨᠥᠬᠦᠪᠦᠷᠢ ᠶᠢᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠳᠤ ᠱᠠᠲᠤ ᠦᠶ᠎ᠡ ᠶᠢᠨ ᠴᠢᠨᠠᠷᠲᠠᠢ ᠲᠣᠬᠢᠷᠠᠭᠤᠯᠤᠯᠲᠠ ᠬᠢᠭᠰᠡᠨ ᠤ ᠳᠠᠷᠠᠭ᠎ᠠ᠂ ᠣᠯᠭᠤᠬᠤ ᠴᠢᠬᠤᠯᠠᠲᠠᠢ | ᠨᠥᠬᠦᠪᠦᠷᠢ ᠶᠢᠨ ᠪᠡᠯᠡ ᠮᠥᠩᠭᠦ ᠵᠢᠴᠢ ᠨᠡᠮᠡᠭᠳᠡᠭᠰᠡᠨ ᠵᠠᠷᠤᠯᠭ᠎ᠠ ᠶᠢᠨ ᠵᠣᠭᠤᠰ ᠤᠨ ᠲᠤᠭ᠎ᠠ ᠶᠢ ᠠᠩᠬ᠎ᠠ ᠠᠯᠬᠤᠮ ᠵᠢᠱᠢᠨ ᠪᠣᠳᠣᠪᠠ᠃ ᠵᠢᠱᠢᠯᠲᠡ ᠪᠠᠷ ᠡᠨᠡ ᠵᠢᠯ ᠤᠨ 9 | ᠳ᠋ᠦ᠋ᠭᠡᠷ ᠰᠠᠷ᠎ᠠ ᠠᠴᠠ ᠢᠷᠡᠬᠦ ᠵᠢᠯ ᠤᠨ 3 ᠳ᠋ᠤᠭᠠᠷ ᠰᠠᠷ᠎ᠠ ᠪᠣᠯᠲᠠᠯ᠎ᠠ᠂ ᠡᠯ᠎ᠡ ᠭᠠᠵᠠᠷ ᠤᠨ ᠬᠢᠨ ᠬᠦᠴᠢᠷᠳᠡᠯᠲᠡᠢ ᠣᠯᠠᠨ ᠲᠦᠮᠡᠨ ᠳᠤ ᠪᠠᠷᠤᠭ 200 ᠳ᠋ᠦᠩᠰᠢᠭᠤᠷ | ᠲᠥᠭᠦᠷᠢᠭ ᠤᠨ ᠦᠨ᠎ᠡ ᠬᠠᠩᠰᠢ ᠶᠢᠨ ᠲᠦᠷ ᠴᠠᠭ ᠤᠨ ᠨᠥᠬᠦᠪᠦᠷᠢ ᠥᠭᠬᠦ ᠪᠣᠯᠣᠨ᠎ᠠ᠂ ᠡᠭᠦᠨ ᠳᠤ ᠪᠠᠲᠤᠯᠠᠭ᠎ᠠ ᠶᠢᠨ ᠬᠡᠪᠴᠢᠶ᠎ᠡ ᠶᠢ ᠥᠷᠭᠡᠳᠬᠡᠭᠰᠡᠨ᠂ ᠡᠬᠢᠯᠡᠭᠦᠯᠬᠦ | ᠨᠥᠬᠦᠴᠡᠯ ᠢ ᠪᠠᠭᠤᠷᠠᠭᠤᠯᠤᠭᠰᠠᠨ ᠠᠴᠠ ᠪᠣᠯᠵᠤ ᠣᠯᠭᠤᠬᠤ ᠨᠥᠬᠦᠪᠦᠷᠢ ᠶᠢ ᠪᠠᠷᠤᠭ 70 ᠳ᠋ᠦᠩᠰᠢᠭᠤᠷ ᠲᠥᠭᠦᠷᠢᠭ ᠨᠡᠮᠡᠭᠳᠡᠭᠦᠯᠦᠨ᠎ᠡ᠃ | ᠨᠡᠮᠡᠭᠳᠡᠬᠦ ᠵᠠᠷᠤᠯᠭ᠎ᠠ ᠶᠢᠨ ᠪᠡᠯᠡ ᠮᠥᠩᠭᠦ ᠶᠢ ᠪᠠᠲᠤᠯᠠᠬᠤ ᠠᠷᠭ᠎ᠠ ᠵᠠᠮ ᠤᠨ ᠲᠠᠯ᠎ᠠ ᠪᠠᠷ᠂ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠠᠪᠴᠤ ᠪᠠᠶᠢᠭ᠎ᠠ | ᠬᠥᠮᠥᠰ ᠪᠠ ᠠᠵᠢᠯ ᠠᠯᠳᠠᠯᠲᠠ ᠶᠢᠨ ᠲᠤᠰᠠᠯᠠᠮᠵᠢ ᠶᠢᠨ ᠮᠥᠩᠭᠦ ᠠᠪᠴᠤ ᠪᠠᠶᠢᠭ᠎ᠠ ᠬᠥᠮᠥᠰ ᠤᠨ ᠨᠡᠮᠡᠭᠳᠡᠬᠦ ᠵᠠᠷᠤᠯᠭ᠎ᠠ ᠶᠢᠨ ᠪᠡᠯᠡ ᠮᠥᠩᠭᠦ ᠶᠢ ᠠᠵᠢᠯ ᠠᠯᠳᠠᠯᠲᠠ ᠶᠢᠨ | ᠳᠠᠭᠠᠳᠬᠠᠯ ᠤᠨ ᠰᠠᠭᠤᠷᠢ ᠮᠥᠩᠭᠦ ᠶᠢᠨ ᠳᠣᠲᠣᠷ᠎ᠠ ᠠᠴᠠ ᠭᠠᠷᠭᠠᠬᠤ ᠶᠢ ᠭᠠᠷᠭᠠᠪᠠᠯ᠂ ᠪᠤᠰᠤᠳ ᠬᠦᠴᠢᠷᠳᠡᠯᠲᠡᠢ ᠤᠯᠠᠨ ᠲᠦᠮᠡᠨ ᠳᠤ ᠨᠡᠮᠡᠵᠦ ᠥᠭᠬᠦ ᠨᠥᠬᠦᠪᠦᠷᠢ ᠶᠢᠨ | ᠪᠡᠯᠡ ᠮᠥᠩᠭᠦ ᠶᠢ ᠲᠥᠪ ᠤᠨ ᠡᠳ᠋ ᠤᠨ ᠵᠠᠰᠠᠭ ᠠᠴᠠ ᠭᠠᠵᠠᠷ ᠣᠷᠣᠨ ᠬᠤᠪᠢᠶᠠᠨ ᠨᠥᠬᠦᠪᠦᠷᠢᠯᠡᠨ᠎ᠡ᠂ ᠡᠭᠦᠨ ᠳᠤ ᠵᠡᠭᠦᠨ ᠪᠡᠶ᠎ᠡ ᠶᠢᠨ ᠭᠠᠵᠠᠷ ᠣᠷᠣᠨ ᠳᠤ 30% ᠶᠢᠨ | ᠨᠥᠬᠦᠪᠦᠷᠢ ᠥᠭᠴᠦ᠂ ᠳᠤᠮᠳᠠ ᠪᠡᠶ᠎ᠡ ᠶᠢᠨ ᠭᠠᠵᠠᠷ ᠣᠷᠣᠨ ᠳᠤ 60% ᠶᠢᠨ ᠨᠥᠬᠦᠪᠦᠷᠢ ᠥᠭᠴᠦ᠂ ᠪᠠᠷᠠᠭᠤᠨ ᠪᠡᠶ᠎ᠡ ᠶᠢᠨ ᠭᠠᠵᠠᠷ ᠣᠷᠣᠨ ᠳᠤ 80% ᠶᠢᠨ | ᠨᠥᠬᠦᠪᠦᠷᠢ ᠥᠭᠭᠦᠨ᠎ᠡ᠃ ᠦᠨ᠎ᠡ ᠬᠠᠩᠰᠢ ᠶᠢᠨ ᠲᠦᠷ ᠴᠠᠭ ᠤᠨ ᠨᠥᠬᠦᠪᠦᠷᠢ ᠶᠢ ᠣᠷᠣᠨ ᠨᠤᠲᠤᠭ ᠤᠷᠢᠳ ᠢᠶᠠᠷ ᠣᠯᠭᠤᠵᠤ᠂ ᠲᠥᠪ ᠤᠨ ᠡᠳ᠋ ᠤᠨ ᠵᠠᠰᠠᠭ ᠠᠴᠠ | ᠲᠡᠷᠠᠭ᠎ᠠ ᠪᠠᠷ ᠳ᠋ᠦᠩᠨᠡᠨ ᠪᠤᠳᠦᠨ᠎ᠡ᠃ | Q4 | Q᠄ ᠪᠠᠷᠢᠮᠵᠢᠶ᠎ᠠ ᠳᠤ ᠨᠡᠶᠢᠴᠡᠬᠦ ᠬᠥᠮᠥᠨ ᠠᠮᠠ ᠶᠢ ᠴᠠᠭ ᠲᠤᠬᠠᠢ ᠲᠤ ᠨᠢ ᠨᠠᠭᠠᠲᠤ ᠵᠠᠬ᠎ᠠ ᠶᠢᠨ ᠪᠠᠲᠤᠯᠠᠭ᠎ᠠ ᠳᠤ ᠣᠷᠣᠭᠤᠯᠬᠤ ᠶᠢ ᠶᠠᠮᠠᠷ ᠶᠠᠮᠠᠷ ᠠᠷᠭ᠎ᠠ ᠪᠠᠷ | ᠪᠠᠲᠤᠯᠠᠬᠤ ᠪᠤᠢ︖ | A᠄ ᠨᠢᠭᠡ ᠳᠤ᠂ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠡᠷᠴᠢᠮ ᠢ ᠴᠢᠩᠭᠠᠯᠠᠨ᠎ᠠ᠃ ᠨᠠᠭᠠᠲᠤ ᠵᠠᠬ᠎ᠠ ᠶᠢᠨ bt365备用网址_365国际体育官网_365bet体育在线投注官网 | ᠪᠠᠲᠤᠯᠠᠭ᠎ᠠ ᠶᠢᠨ ᠬᠦᠷᠢᠶ᠎ᠡ ᠬᠡᠪᠴᠢᠶ᠎ᠡ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠤᠨ | ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠤᠰᠠᠳᠠ ᠠᠷᠠᠳ ᠤᠨ ᠶᠠᠪᠤᠳᠠᠯ ᠤᠨ ᠶᠠᠮᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠳᠦᠷᠢᠮ ᠢ ᠪᠦᠷᠢᠨᠰᠢᠭᠦᠯᠬᠦ | ᠲᠠᠯ᠎ᠠ ᠪᠠᠷ ᠳᠦᠷᠢᠮ ᠤᠨ ᠲᠠᠯ᠎ᠠ ᠶᠢᠨ ᠰᠢᠨᠡᠴᠢᠯᠡᠯᠲᠡ ᠬᠢᠪᠡ᠃ ᠵᠢᠱᠢᠶᠡᠯᠡᠪᠡᠯ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠶᠢᠨ | ᠳᠣᠲᠣᠷᠠᠬᠢ ᠬᠦᠨᠳᠦ ᠡᠪᠡᠳᠴᠢᠨ ᠲᠠᠢ ᠬᠦᠨᠳᠦ ᠵᠡᠮᠳᠡᠭ ᠬᠥᠮᠥᠰ ᠢ ᠠᠰ ᠢᠶᠠᠷ ᠨᠢ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠳᠤ ᠣᠷᠣᠭᠤᠯᠵᠤ᠂ | ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠶᠢᠨ ᠬᠦᠨᠳᠦ ᠡᠪᠡᠳᠴᠢᠨ ᠲᠠᠢ ᠬᠦᠨᠳᠦ ᠵᠡᠮᠳᠡᠭ ᠬᠥᠮᠥᠰ ᠢ ᠠᠰ ᠢᠶᠠᠷ ᠨᠢ | ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠳᠤ ᠣᠷᠣᠭᠤᠯᠬᠤ ᠳᠤ ᠪᠠᠨ ᠳᠠᠷᠤᠢ ᠡᠷᠦᠬᠡ ᠪᠠᠷ ᠪᠠᠲᠤᠯᠠᠬᠤ ᠪᠠ ᠬᠥᠮᠥᠨ ᠢᠶᠠᠷ ᠪᠠᠲᠤᠯᠠᠬᠤ ᠶᠢ | ᠤᠶᠠᠯᠳᠤᠭᠤᠯᠤᠭᠰᠠᠨ ᠠᠴᠠ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠳᠦᠷᠢᠮ ᠢ ᠨᠠᠩ ᠪᠠᠭᠲᠠᠭᠠᠮᠵᠢ ᠲᠠᠢ ᠪᠣᠯᠭᠠᠪᠠ︔ ᠡᠯ᠎ᠡ ᠭᠠᠵᠠᠷ ᠤᠨ ᠬᠢᠨ ᠤ | ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠬᠢᠨᠠᠨ ᠬᠠᠷᠭᠤᠭᠤᠯᠵᠤ ᠨᠤᠲᠠᠯᠠᠬᠤ ᠡᠷᠬᠡ ᠶᠢᠨ ᠬᠢᠵᠠᠭᠠᠷ ᠢ ᠥᠩᠭᠡᠷᠡᠭᠰᠡᠨ ᠤ ᠰᠢᠶᠠᠨ ᠠᠴᠠ ᠵᠡᠭᠡᠯᠢ ᠭᠤᠳᠤᠮᠵᠢ | ᠪᠠ ᠰᠢᠶᠠᠩ ᠪᠠᠯᠭᠠᠰᠤᠨ ᠳᠤ ᠪᠠᠭᠤᠯᠭᠠᠬᠤ ᠶᠢ ᠵᠣᠷᠢᠭᠵᠢᠭᠤᠯᠵᠤ᠂ ᠡᠭᠦᠨ ᠤ ᠤᠯᠠᠮ ᠠᠴᠠ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠬᠢᠨᠠᠨ | ᠬᠠᠷᠭᠤᠭᠤᠯᠵᠤ ᠨᠤᠲᠠᠯᠠᠬᠤ ᠴᠠᠭ ᠤᠨ ᠬᠢᠵᠠᠭᠠᠷ ᠢ ᠪᠣᠭᠤᠨᠢᠰᠬᠠᠪᠠ᠃ ᠭᠡᠷ ᠪᠦᠯᠢ ᠶᠢᠨ ᠣᠷᠣᠯᠭ᠎ᠠ ᠶᠢ ᠲᠣᠭᠠᠴᠠᠯᠠᠬᠤ ᠳᠤ ᠪᠠᠨ᠂ ᠲᠣᠭᠲᠠᠭᠠᠯ ᠶᠣᠰᠣᠭᠠᠷ ᠵᠠᠷᠢᠮ | ᠵᠠᠶᠢᠯᠠᠰᠢ ᠦᠭᠡᠢ ᠵᠠᠷᠤᠯᠭ᠎ᠠ ᠪᠠ ᠴᠢᠬᠤᠯᠠ ᠪᠦᠬᠦᠢ ᠠᠵᠢᠯ ᠣᠯᠭᠤᠯᠲᠠ ᠶᠢᠨ ᠥᠪᠡᠷ ᠤᠨ ᠦᠷᠲᠡᠭ ᠢ ᠵᠣᠬᠢᠰᠲᠠᠢ ᠬᠠᠰᠤᠵᠤ᠂ ᠠᠵᠢᠯ ᠣᠯᠣᠭᠰᠠᠨ ᠤ ᠳᠠᠷᠠᠭᠠᠬᠢ ᠭᠡᠷ | ᠪᠦᠯᠢ ᠶᠢᠨ ᠬᠥᠮᠥᠨ ᠳᠤᠮᠳᠠᠴᠢ ᠶᠢᠨ ᠣᠷᠣᠯᠭ᠎ᠠ ᠨᠢ ᠲᠤᠬᠠᠢ ᠶᠢᠨ ᠭᠠᠵᠠᠷ ᠤᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠠᠴᠠ ᠬᠡᠲᠦᠷᠡᠭᠰᠡᠨ | ᠡᠳᠡᠭᠡᠷ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠶᠢ ᠴᠦ ᠲᠡᠷᠡ ᠳᠠᠷᠤᠢ ᠳᠤ ᠨᠢ ᠪᠤᠴᠠᠭᠠᠵᠤ ᠭᠠᠷᠭᠠᠬᠤ ᠦᠭᠡᠢ᠂ ᠲᠡᠭᠦᠨ ᠳᠤ ᠬᠠᠭᠠᠰ | ᠵᠢᠯ ᠠᠴᠠ ᠨᠢᠭᠡ ᠵᠢᠯ ᠤᠨ ᠠᠭᠠᠵᠢᠮ ᠢᠶᠠᠷ ᠪᠤᠴᠠᠵᠤ ᠭᠠᠷᠬᠤ ᠬᠤᠭᠤᠴᠠᠭ᠎ᠠ ᠥᠭᠴᠦ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢ ᠨᠡᠩ ᠤᠯᠠᠨ | ᠬᠦᠴᠢᠷᠳᠡᠯ ᠲᠠᠢ ᠤᠯᠠᠨ ᠲᠦᠮᠡᠨ ᠢ ᠬᠠᠮᠤᠷᠤᠭᠤᠯᠵᠤ᠂ ︽ᠪᠠᠲᠤᠯᠠᠪᠠᠰᠤ ᠵᠣᠬᠢᠬᠤ ᠶᠢ ᠨᠢ ᠪᠦᠬᠦᠨ ᠢ ᠪᠠᠲᠤᠯᠠᠵᠤ᠂ ᠬᠠᠪᠰᠤᠷᠪᠠᠰᠤ ᠵᠣᠬᠢᠬᠤ ᠶᠢ ᠨᠢ ᠪᠦᠬᠦᠨ ᠢ | ᠬᠠᠪᠰᠤᠷᠬᠤ︾ ᠶᠢ ᠴᠢᠷᠮᠠᠶᠢᠨ ᠪᠡᠶᠡᠯᠡᠭᠦᠯᠦᠨ᠎ᠡ᠃ | ᠬᠤᠶᠠᠷ ᠲᠤ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠳᠤ ᠬᠠᠪᠢᠳᠠᠭᠰᠠᠨ ᠭᠡᠷ ᠪᠦᠯᠢ ᠶᠢ ᠮᠠᠭᠠᠳᠯᠠᠨ ᠲᠣᠭᠲᠠᠭᠠᠬᠤ ᠠᠵᠢᠯ ᠢ ᠴᠢᠩᠭᠠᠳᠬᠠᠨ᠎ᠠ᠃ | ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ︽ᠭᠠᠭᠴᠠ ᠬᠥᠮᠥᠨ ᠤ ᠪᠠᠲᠤᠯᠠᠭ᠎ᠠ︾ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠳᠤ᠂ | ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠳᠤ ᠬᠠᠪᠢᠳᠠᠭᠰᠠᠨ ᠭᠡᠷ ᠪᠦᠯᠢ ᠶᠢ ᠲᠣᠭᠲᠠᠭᠠᠬᠤ ᠴᠢᠬᠤᠯᠠ ᠲᠠᠢ᠃ ᠨᠠᠭᠠᠲᠤ ᠵᠠᠬ᠎ᠠ ᠶᠢᠨ ᠪᠠᠲᠤᠯᠠᠭ᠎ᠠ ᠳᠤ | ᠬᠠᠪᠢᠳᠠᠭᠰᠠᠨ ᠭᠡᠷ ᠪᠦᠯᠢ ᠭᠡᠳᠡᠭ ᠨᠢ ᠡᠩ ᠤᠨ ᠪᠠᠶᠢᠳᠠᠯ ᠳᠤ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠨᠥᠬᠦᠴᠡᠯ ᠳᠤ ᠨᠡᠶᠢᠴᠡᠬᠦ ᠦᠭᠡᠢ᠂ ᠬᠠᠮᠲᠤ ᠠᠮᠢᠳᠤᠷᠠᠵᠤ ᠪᠠᠶᠢᠭ᠎ᠠ | ᠭᠡᠷ ᠪᠦᠯᠢ ᠶᠢᠨ ᠪᠦᠷᠢᠯᠳᠦᠭᠦᠨ ᠤ ᠬᠥᠮᠥᠨ ᠪᠦᠷᠢ ᠶᠢᠨ ᠳᠤᠮᠳᠠᠴᠢ ᠣᠷᠣᠯᠭ᠎ᠠ ᠨᠢ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠠᠴᠠ ᠳᠠᠪᠠᠭᠰᠠᠨ ᠪᠣᠯᠪᠠᠴᠤ | ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢᠨ 1.5 ᠳᠠᠬᠢᠨ ᠠᠴᠠ ᠳᠣᠣᠷ᠎ᠠ ᠪᠠᠶᠢᠵᠤ᠂ ᠵᠠᠷᠢᠮ ᠭᠠᠵᠠᠷ ᠣᠷᠣᠨ ᠳᠤ 2 ᠳᠠᠬᠢᠨ ᠠᠴᠠ ᠳᠣᠣᠷ᠎ᠠ ᠪᠠᠶᠢᠬᠤ ᠶᠢᠨ | ᠬᠠᠮᠲᠤ ᠭᠡᠷ ᠪᠦᠯᠢ ᠶᠢᠨ ᠡᠳ᠋ ᠬᠥᠷᠥᠩᠭᠡ ᠶᠢᠨ ᠪᠠᠶᠢᠳᠠᠯ ᠨᠢ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠬᠦ ᠭᠡᠷ ᠪᠦᠯᠢ ᠶᠢ ᠵᠢᠭᠠᠵᠤ ᠪᠣᠶ᠃ ᠣᠳᠣᠬᠠᠨ ᠳᠤ ᠡᠯ᠎ᠡ | ᠱᠠᠲᠤᠨ ᠤ ᠠᠷᠠᠳ ᠤᠨ ᠶᠠᠪᠤᠳᠠᠯ ᠤᠨ ᠰᠢᠰᠲ᠋ᠧᠮ ᠤᠳ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠳᠤ ᠬᠠᠪᠢᠳᠠᠭᠰᠠᠨ 570 ᠭᠠᠷᠤᠢ ᠲᠦᠮᠡᠨ ᠬᠥᠮᠥᠨ | ᠠᠮᠠ ᠶᠢ ᠨᠢᠭᠡᠨᠲᠡ ᠮᠠᠭᠠᠳᠯᠠᠨ ᠲᠣᠭᠲᠠᠭᠠᠭᠰᠠᠨ ᠪᠠᠶᠢᠨ᠎ᠠ᠂ ᠡᠨᠡ ᠬᠦ ᠠᠵᠢᠯ ᠢ ᠪᠠᠰᠠ ᠤᠯᠠᠮ ᠨᠢᠭᠡ ᠠᠯᠬᠤᠮ ᠴᠢᠩᠭᠠᠳᠬᠠᠬᠤ ᠪᠠᠷ ᠪᠤᠢ᠃ | Q5 | Q᠄ ᠬᠦᠴᠢᠷᠳᠡᠯᠲᠡᠢ ᠣᠯᠠᠨ ᠲᠦᠮᠡᠨ ᠦᠷᠭᠦᠯᠵᠢᠯᠡᠨ ᠨᠡᠮᠡᠭᠳᠡᠵᠦ ᠮᠡᠳᠡᠬᠦ ᠪᠠᠶᠢᠳᠠᠯ ᠳᠤ ᠴᠢᠭᠯᠡᠭᠦᠯᠦᠨ᠂ ᠲᠠᠷᠠᠭᠠᠴᠢ ᠶᠢᠨ ᠠᠯᠬᠤᠮ ᠳᠤ ᠬᠦᠴᠢᠷᠳᠡᠯᠲᠡᠢ ᠣᠯᠠᠨ | ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢ ᠬᠡᠷᠬᠢᠨ ᠴᠢᠩᠭᠠᠳᠬᠠᠬᠤ ᠪᠣᠶ︖ | A᠄ ᠬᠥᠳᠡᠯᠦᠩᠭᠦᠢ ᠪᠠᠷ ᠬᠢᠨᠠᠨ ᠬᠡᠮᠵᠢᠬᠦ ᠪᠠ ᠶᠡᠷᠦᠩᠬᠡᠶᠢᠯᠡᠨ ᠬᠠᠪᠰᠤᠷᠤᠨ ᠲᠡᠳᠬᠦᠬᠦ ᠡᠨᠡ ᠬᠤᠶᠠᠷ ᠲᠠᠯ᠎ᠠ ᠪᠠᠷ ᠭᠤᠣᠯᠳᠠᠯᠭ᠎ᠠ ᠪᠣᠯᠭᠠᠵᠤ᠂ ᠬᠦᠴᠢᠷᠳᠡᠯᠲᠡᠢ | ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢ ᠴᠢᠩᠭᠠᠷᠠᠭᠤᠯᠤᠨ᠎ᠠ᠃ | ᠬᠥᠳᠡᠯᠦᠩᠭᠦᠢ ᠪᠠᠷ ᠬᠢᠨᠠᠨ ᠬᠡᠮᠵᠢᠬᠦ ᠭᠡᠳᠡᠭ ᠨᠢ ᠳᠠᠷᠤᠢ ᠪᠦᠬᠦ ᠤᠯᠤᠰ ᠤᠨ ᠣᠷᠣᠯᠭ᠎ᠠ ᠪᠠᠭᠠᠲᠠᠢ ᠬᠥᠮᠥᠨ ᠠᠮᠠ ᠶᠢ ᠬᠥᠳᠡᠯᠦᠩᠭᠦᠢ ᠪᠠᠷ ᠬᠢᠨᠠᠨ ᠬᠡᠮᠵᠢᠬᠦ ᠮᠡᠳᠡᠭᠡ | ᠵᠠᠩᠭᠢ ᠶᠢᠨ ᠲᠠᠪᠴᠠᠩ ᠢ ᠤᠯᠠᠮ ᠨᠢᠭᠡ ᠠᠯᠬᠤᠮ ᠪᠦᠷᠢᠨᠰᠢᠭᠦᠯᠵᠦ᠂ ᠣᠷᠣᠯᠭ᠎ᠠ ᠪᠠᠭᠠᠲᠠᠢ ᠨᠡᠩ ᠤᠯᠠᠨ ᠬᠦᠴᠢᠷᠳᠡᠯᠲᠡᠢ ᠤᠯᠠᠨ ᠲᠦᠮᠡᠨ ᠢ ᠬᠢᠨᠠᠨ ᠬᠡᠮᠵᠢᠬᠦ | ᠬᠡᠪᠴᠢᠶᠡᠨ ᠳᠤ ᠣᠷᠣᠭᠤᠯᠬᠤ ᠶᠠᠪᠤᠳᠠᠯ ᠪᠣᠯᠣᠨ᠎ᠠ᠃ ᠣᠳᠣᠬᠠᠨ ᠳᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠪᠠᠶᠢᠭᠤᠯᠤᠭᠰᠠᠨ ᠪᠥᠬᠦ ᠤᠯᠤᠰ ᠤᠨ | ᠣᠷᠣᠯᠭ᠎ᠠ ᠪᠠᠭᠠᠲᠠᠢ ᠬᠥᠮᠥᠨ ᠠᠮᠠ ᠶᠢ ᠬᠢᠨᠠᠨ ᠬᠡᠮᠵᠢᠬᠦ ᠮᠡᠳᠡᠭᠡ ᠵᠠᠩᠭᠢ ᠶᠢᠨ ᠲᠠᠪᠴᠠᠩ ᠳᠤ ᠨᠢᠭᠡᠨᠲᠡ 6200 ᠲᠦᠮᠡᠨ ᠣᠷᠣᠯᠭ᠎ᠠ ᠪᠠᠭᠠᠲᠠᠢ ᠬᠦᠮᠦᠰ ᠤᠨ ᠮᠡᠳᠡᠭᠡ | ᠵᠠᠩᠭᠢ ᠶᠢ ᠲᠡᠮᠳᠡᠭᠯᠡᠵᠦ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠦᠷᠲᠡᠵᠦ ᠪᠠᠶᠢᠭ᠎ᠠ ᠬᠦᠮᠦᠰ᠂ ᠣᠨᠴᠠ ᠬᠦᠴᠢᠷᠳᠡᠯᠲᠡᠢ ᠬᠥᠮᠥᠰ᠂ ᠵᠠᠷᠤᠯᠭ᠎ᠠ ᠶᠢᠨ | ᠬᠡᠯᠪᠡᠷᠢ ᠶᠢᠨ ᠬᠦᠴᠢᠷᠳᠡᠯᠲᠡᠢ ᠣᠯᠠᠨ ᠲᠦᠮᠡᠨ᠂ ᠠᠮᠠᠷᠬᠠᠨ ᠳᠠᠬᠢᠨ ᠶᠠᠳᠠᠭᠤᠷᠠᠬᠤ ᠪᠤᠶᠤ ᠶᠠᠳᠠᠭᠤᠷᠠᠬᠤ ᠬᠥᠮᠥᠰ ᠪᠠ ᠨᠠᠭᠠᠲᠤ ᠵᠠᠬ᠎ᠠ ᠶᠢᠨ ᠠᠮᠢᠳᠤᠷᠠᠯ ᠤᠨ | ᠪᠠᠲᠤᠯᠠᠭ᠎ᠠ ᠳᠤ ᠬᠠᠪᠢᠳᠠᠭᠰᠠᠨ ᠬᠥᠮᠥᠨ ᠠᠮᠠ ᠶᠢ ᠪᠠᠭᠲᠠᠭᠠᠭᠰᠠᠨ ᠪᠥᠭᠡᠳ ᠪᠠᠰᠠ ᠨᠠᠩ ᠣᠯᠠᠨ ᠬᠦᠴᠢᠷᠳᠡᠯᠲᠡᠢ ᠣᠯᠠᠨ ᠲᠦᠮᠡᠨ ᠢ ᠬᠢᠨᠠᠨ ᠬᠡᠮᠵᠢᠬᠦ ᠬᠡᠪᠴᠢᠶᠡᠨ ᠳᠤ | ᠣᠷᠣᠭᠤᠯᠬᠤ ᠪᠠᠷ ᠪᠠᠶᠢᠨ᠎ᠠ᠃ ᠡᠭᠦᠨ ᠤ ᠵᠡᠷᠭᠡ ᠳᠤ ᠲᠠᠪᠴᠠᠩ ᠤᠨ ᠴᠢᠳᠠᠮᠵᠢ ᠶᠢᠨ ᠬᠡᠷᠡᠭᠯᠡᠯᠲᠡ ᠶᠢ ᠥᠷᠭᠡᠳᠬᠡᠨ᠎ᠡ᠂ ᠵᠢᠱᠢᠶᠡᠯᠡᠪᠡᠯ ᠰᠤᠷᠭᠠᠨ ᠬᠥᠮᠦᠵᠢᠯ᠂ ᠬᠥᠮᠥᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠡᠮ ᠡᠮᠨᠡᠯᠭᠡ ᠶᠢᠨ ᠳᠠᠭᠠᠳᠬᠠᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠪᠠᠴᠢᠮ ᠪᠠᠶᠢᠳᠠᠯ ᠢ ᠠᠷᠭᠠᠴᠠᠭᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠵᠢᠯᠴᠢᠨ ᠤ | ᠶᠡᠷᠦᠩᠬᠡᠢ ᠡᠪᠯᠡᠯ᠂ ᠵᠡᠮᠳᠡᠭᠴᠦᠳ ᠤᠨ ᠬᠤᠯᠪᠣᠭ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠲᠤᠭ᠎ᠠ ᠪᠠᠷᠢᠮᠲᠠ ᠲᠠᠢ ᠠᠳᠠᠯᠢᠳᠬᠠᠬᠤ ᠶᠢ ᠴᠢᠩᠭᠠᠳᠬᠠᠵᠤ᠂ | ᠬᠦᠨᠳᠦ ᠡᠪᠡᠳᠴᠢᠨ᠂ ᠵᠡᠮᠳᠡᠭ᠂ ᠠᠵᠢᠯ ᠣᠯᠬᠤ᠂ ᠰᠤᠷᠭᠠᠭᠤᠯᠢ ᠳᠤ ᠣᠷᠣᠬᠤ ᠵᠡᠷᠭᠡ ᠪᠠᠶᠢᠳᠠᠯ ᠳᠤ ᠴᠢᠭᠯᠡᠭᠦᠯᠦᠨ ᠤᠷᠢᠳᠴᠢᠯᠠᠨ ᠰᠡᠷᠡᠮᠵᠢᠯᠡᠭᠦᠯᠬᠦ ᠭᠦᠢᠴᠡᠳᠬᠡᠯ | ᠲᠤᠭ᠎ᠠ ᠭᠠᠷᠭᠠᠵᠤ᠂ ᠵᠣᠬᠢᠴᠠᠩᠭᠤᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠤᠨ᠎ᠠ᠃ | ᠶᠡᠷᠦᠩᠬᠡᠶᠢᠯᠡᠨ ᠬᠠᠪᠰᠤᠷᠤᠨ ᠲᠡᠳᠬᠦᠬᠦ ᠭᠡᠳᠡᠭ ᠨᠢ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠳᠠᠯᠢ ᠪᠤᠰᠤ ᠬᠦᠴᠢᠷᠳᠡᠯ ᠲᠠᠢ ᠣᠯᠠᠨ | ᠲᠦᠮᠡᠨ ᠳᠤ ᠴᠢᠭᠯᠡᠭᠦᠯᠦᠭᠰᠡᠨ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠠᠪᠤᠷᠠᠨ | ᠲᠤᠰᠠᠯᠠᠬᠤ ᠬᠦᠷᠢᠶ᠎ᠡ ᠬᠡᠪᠴᠢᠶ᠎ᠡ ᠶᠢ ᠪᠠᠶᠢᠭᠤᠯᠵᠤ᠂ ᠴᠠᠭ ᠲᠤᠬᠠᠢ ᠳᠤ ᠨᠢ ᠬᠠᠨᠳᠤᠯᠭ᠎ᠠ ᠲᠠᠢ ᠪᠠᠷ ᠠᠪᠤᠷᠠᠨ ᠲᠤᠰᠠᠯᠠᠵᠤ ᠬᠠᠪᠰᠤᠷᠤᠨ ᠳᠡᠳᠬᠦᠨ᠎ᠡ᠃ ᠵᠢᠱᠢᠶᠡᠯᠡᠪᠡᠯ | ᠠᠮᠢᠳᠤᠷᠠᠯ ᠨᠢ ᠬᠦᠴᠢᠷᠳᠡᠯ ᠲᠠᠢ ᠪᠣᠯ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠪᠤᠶᠤ ᠲᠦᠷ ᠴᠠᠭ ᠤᠨ ᠠᠪᠤᠷᠠᠨ ᠲᠤᠰᠠᠯᠠᠯᠲᠠ ᠣᠯᠭᠤᠵᠤ᠂ ᠡᠪᠡᠳᠴᠢᠯᠡᠪᠡᠯ | ᠡᠮᠴᠢᠯᠡᠭᠡᠨ ᠤ ᠠᠪᠤᠷᠠᠨ ᠲᠤᠰᠠᠯᠠᠯᠲᠠ ᠣᠯᠭᠤᠬᠤ᠂ ᠰᠤᠷᠭᠠᠭᠤᠯᠢ ᠳᠤ ᠣᠷᠣᠬᠤ ᠳᠤ ᠬᠦᠴᠢᠷᠳᠡᠯ ᠲᠠᠢ ᠪᠣᠯ ᠰᠤᠷᠭᠠᠨ ᠬᠥᠮᠦᠵᠢᠯ ᠤᠨ ᠠᠪᠤᠷᠠᠨ ᠲᠤᠰᠠᠯᠠᠯᠲᠠ | ᠣᠯᠭᠤᠵᠤ᠂ ᠣᠷᠣᠨ ᠰᠠᠭᠤᠴᠠ ᠨᠢ ᠬᠦᠴᠢᠷᠳᠡᠯ ᠲᠠᠢ ᠪᠣᠯ ᠣᠷᠣᠨ ᠰᠠᠭᠤᠴᠠ ᠶᠢᠨ ᠠᠪᠤᠷᠠᠨ ᠲᠤᠰᠠᠯᠠᠯᠲᠠ ᠣᠯᠭᠤᠵᠤ᠂ ᠳᠡᠰ ᠲᠥᠷᠥᠯ ᠬᠤᠪᠢᠶᠠᠨ ᠶᠡᠷᠦᠩᠬᠡᠶᠢᠯᠡᠨ | ᠠᠪᠤᠷᠠᠨ ᠲᠤᠰᠠᠯᠠᠬᠤ ᠪᠠᠶᠢᠳᠠᠯ ᠢ ᠪᠤᠢ ᠪᠣᠯᠭᠠᠵᠤ᠂ ᠡᠭᠦᠨ ᠤ ᠤᠯᠠᠮ ᠢᠶᠠᠷ ᠨᠡᠶᠢᠭᠡᠮ ᠤᠨ ᠠᠪᠤᠷᠠᠨ ᠲᠤᠰᠠᠯᠠᠬᠤ ᠲᠣᠭᠲᠠᠯᠴᠠᠭ᠎ᠠ ᠪᠠᠷ ᠳᠠᠮᠵᠢᠭᠤᠯᠤᠨ ᠠᠪᠤᠷᠠᠨ | ᠲᠤᠰᠠᠯᠠᠬᠤ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠵᠦ᠂ ᠠᠪᠤᠷᠠᠨ ᠲᠤᠰᠠᠯᠠᠬᠤ ᠨᠡᠶᠢᠯᠡᠮᠡᠯ ᠬᠦᠴᠦᠨ ᠢ ᠨᠢᠭᠲᠠᠷᠠᠭᠤᠯᠵᠤ᠂ ᠬᠦᠴᠢᠷᠳᠡᠯ ᠲᠠᠢ ᠤᠯᠠᠨ ᠲᠦᠮᠡᠨ ᠳᠤ | ᠨᠡᠩ ᠬᠦᠴᠦᠨ ᠲᠠᠢ᠂ ᠨᠡᠩ ᠦᠷᠭᠦᠯᠵᠢᠯᠡᠬᠦᠶᠢᠴᠡ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠶᠢ ᠬᠠᠩᠭᠠᠨ᠎ᠠ᠃ | |