︵ᠨᠢᠭᠡ︶ ᠳᠡᠭᠡᠷ᠎ᠡ ᠬᠠᠭᠠᠰ ᠵᠢᠯ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠡᠨᠧᠷᠭᠢ ᠶᠢᠨ ᠬᠡᠷᠡᠭᠯᠡᠭᠡᠨ ᠤ ᠪᠠᠶᠢᠳᠠᠯ | 2022 ᠣᠨ ᠤ ᠳᠡᠭᠡᠷ᠎ᠡ ᠬᠠᠭᠠᠰ ᠵᠢᠯ ᠳᠤ᠂ ᠳ᠋ᠦᠩᠱᠧᠩ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠡᠨᠧᠷᠭᠢ ᠶᠢᠨ | ᠶᠡᠷᠦᠩᠬᠡᠶᠢᠯᠡᠭᠰᠡᠨ ᠬᠡᠷᠡᠭᠯᠡᠭᠡᠨ ᠤ ᠬᠡᠮᠵᠢᠶ᠎ᠡ ︵ᠢᠵᠢᠯᠢ ᠥᠷᠲᠡᠭ ᠤᠨ︶ ᠠᠳᠠᠯᠢ ᠬᠤᠭᠤᠴᠠᠭᠠᠨ ᠤ ᠬᠢ ᠠᠴᠠ 1.77% ᠪᠠᠷ ᠨᠡᠮᠡᠭᠳᠡᠪᠡ᠃ ᠡᠭᠦᠨ ᠳᠤ᠄ ᠴᠠᠭᠢᠯᠭᠠᠨ | ᠬᠦᠴᠦᠨ᠂ ᠢᠯᠴᠢ ᠶᠢᠨ ᠬᠦᠴᠦᠨ᠂ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠡᠨᠧᠷᠭᠢ ᠶᠢᠨ ᠬᠤᠷᠣᠭᠳᠠᠯ ᠨᠢ ᠠᠳᠠᠯᠢ | ᠬᠤᠭᠤᠴᠠᠭᠠᠨ ᠤ ᠬᠢ ᠠᠴᠠ 0.25% ᠪᠠᠷ ᠪᠠᠭᠤᠷᠠᠵᠤ᠂ ᠳ᠋ᠦᠩᠱᠧᠩ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠡᠨᠧᠷᠭᠢ ᠶᠢᠨ | ᠬᠤᠷᠣᠭᠳᠠᠯ ᠤᠨ 45.99% ᠶᠢ ᠡᠵᠡᠯᠡᠪᠡ︔ ᠦᠶᠯᠡᠳᠭᠦ ᠦᠢᠯᠡᠰ ᠤᠨ ᠡᠨᠧᠷᠭᠢ ᠶᠢᠨ ᠬᠤᠷᠣᠭᠳᠠᠯ ᠨᠢ ᠠᠳᠠᠯᠢ ᠬᠤᠭᠤᠴᠠᠭᠠᠨ ᠤ ᠬᠢ ᠠᠴᠠ 3.62% | ᠨᠡᠮᠡᠭᠳᠡᠵᠦ᠂ ᠳ᠋ᠦᠩᠱᠧᠩ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠡᠨᠧᠷᠭᠢ ᠶᠢᠨ ᠬᠤᠷᠣᠭᠳᠠᠯ ᠤᠨ 35.32% ᠢ ᠡᠵᠡᠯᠡᠪᠡ︔ | ᠠᠭᠤᠷᠬᠠᠢ ᠮᠠᠯᠲᠠᠬᠤ ᠦᠢᠯᠡᠰ ᠤᠨ ᠡᠨᠧᠷᠭᠢ ᠶᠢᠨ ᠬᠤᠷᠣᠭᠳᠠᠯ ᠨᠢ ᠠᠳᠠᠯᠢ ᠬᠤᠭᠤᠴᠠᠭᠠᠨ ᠤ ᠬᠢ ᠠᠴᠠ 3.42% ᠨᠡᠮᠡᠭᠳᠡᠵᠦ᠂ ᠳ᠋ᠦᠩᠱᠧᠩ | ᠲᠣᠭᠤᠷᠢᠭ ᠤᠨᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠡᠨᠧᠷᠭᠢ ᠶᠢᠨ ᠬᠤᠷᠣᠭᠳᠠᠯ ᠤᠨ 18.71% ᠶᠢ ᠡᠵᠡᠯᠡᠪᠡ᠃ | ︵ᠬᠤᠶᠠᠷ︶ ᠡᠨᠧᠷᠭᠢ ᠶᠢᠨ ᠬᠡᠷᠡᠭᠯᠡᠭᠡᠨ ᠤ ᠪᠦᠲᠦᠴᠡ ᠨᠢ ᠨᠡᠭᠦᠷᠡᠰᠦ ᠪᠠᠷ ᠭᠤᠤᠯᠯᠠᠨ᠎ᠠ | ᠳᠡᠭᠡᠷ᠎ᠡ ᠬᠠᠭᠠᠰ ᠵᠢᠯ ᠳᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ 379.13 ᠲᠦᠮᠡᠨ ᠲᠣᠨ ᠨᠡᠭᠦᠷᠡᠰᠦ ᠵᠠᠷᠤᠴᠠᠭᠤᠯᠵᠤ᠂ ᠡᠨᠧᠷᠭᠢ ᠶᠢᠨ | ᠣᠷᠣᠭᠤᠯᠤᠯᠲᠠ ᠶᠢᠨ ᠬᠡᠮᠵᠢᠶᠡᠨ ᠤ 91.98% ᠶᠢ ᠡᠵᠡᠯᠡᠪᠡ︔ 125035.75 ᠲᠦᠮᠡᠨ ᠺᠢᠯᠣᠸᠠᠲ ᠴᠠᠭ ᠤᠨ ᠴᠠᠬᠢᠯᠭᠠᠨ ᠵᠠᠷᠤᠴᠠᠭᠤᠯᠵᠤ᠂ ᠡᠨᠧᠷᠭᠢ ᠶᠢᠨ | ᠣᠷᠣᠭᠤᠯᠤᠯᠲᠠ ᠶᠢᠨ ᠬᠡᠮᠵᠢᠶᠡᠨ ᠤ 7.1% ᠶᠢ ᠡᠵᠡᠯᠡᠪᠡ︔ ᠢᠯᠴᠢ ᠶᠢᠨ ᠬᠦᠴᠦ ᠶᠢ 109459 ᠵᠠᠭᠤᠨ ᠲᠦᠮᠡᠨ ᠺᠢᠯᠤᠵᠦ᠋ᠯ ᠵᠠᠷᠤᠴᠠᠭᠤᠯᠵᠤ᠂ ᠡᠨᠧᠷᠭᠢ ᠶᠢᠨ bt365备用网址_365国际体育官网_365bet体育在线投注官网 | ᠣᠷᠣᠭᠤᠯᠤᠯᠲᠠ ᠶᠢᠨ ᠬᠡᠮᠵᠢᠶ᠎ᠡ ᠶᠢᠨ 0.17% ᠶᠢ ᠡᠵᠡᠯᠡᠪᠡ︔ ᠴᠠᠶᠢᠶ᠋ᠢᠦ 1901. 25 ᠲᠣᠨ ᠵᠠᠷᠤᠴᠠᠭᠤᠯᠵᠤ᠂ ᠡᠨᠧᠷᠭᠢ ᠶᠢᠨ ᠣᠷᠣᠭᠤᠯᠤᠯᠲᠠ ᠶᠢᠨ | ᠬᠡᠮᠵᠢᠶ᠎ᠡ ᠶᠢᠨ 0.13% ᠶᠢ ᠡᠵᠡᠯᠡᠪᠡ︔ 10695.28 ᠲᠣᠨ ᠴᠢᠯᠠᠭᠤᠨ ᠲᠤᠰᠤᠨ ᠤ ᠬᠡᠦᠷᠡᠰᠦ ᠶᠢ ᠵᠠᠷᠤᠴᠠᠭᠤᠯᠵᠤ᠂ ᠡᠨᠧᠷᠭᠢ ᠶᠢᠨ ᠣᠷᠣᠭᠤᠯᠤᠯᠲᠠ ᠶᠢᠨ | ᠬᠡᠮᠵᠢᠶᠡᠨ ᠤ 0.54% ᠶᠢ ᠡᠵᠡᠯᠡᠪᠡ︔ 124.4 ᠲᠦᠮᠡᠨ ᠪᠣᠰᠤᠭ᠎ᠠ ᠳᠥᠷᠪᠡᠯᠵᠢᠨ ᠮᠧᠲᠷ ᠤᠨ ᠪᠠᠶᠢᠭᠠᠯᠢ ᠶᠢᠨ ᠰᠢᠲᠠᠮᠠᠬᠠᠢ ᠬᠡᠢ ᠶᠢ ᠵᠠᠷᠤᠴᠠᠭᠤᠯᠵᠤ᠂ | ᠡᠨᠧᠷᠭᠢ ᠶᠢᠨ ᠣᠷᠣᠭᠤᠯᠤᠯᠲᠠ ᠶᠢᠨ ᠬᠡᠮᠵᠢᠶ᠎ᠡ ᠶᠢᠨ 0.08% ᠶᠢ ᠡᠵᠡᠯᠡᠪᠡ︔ ᠨᠡᠭᠦᠷᠡᠰᠦ ᠨᠢ ᠡᠨᠧᠷᠭᠢ ᠶᠢᠨ ᠰᠤᠷᠪᠤᠯᠵᠢ ᠶᠢᠨ ᠪᠦᠭᠦ ᠣᠷᠣᠭᠤᠯᠤᠯᠲᠠ ᠶᠢᠨ | ᠬᠡᠮᠵᠢᠶᠡᠨ ᠤ ᠶᠢᠰᠦᠨ ᠬᠤᠪᠢ ᠠᠴᠠ ᠳᠡᠭᠡᠭᠰᠢᠬᠢ ᠶᠢ ᠡᠵᠡᠯᠡᠪᠡ᠃ | ︵ᠭᠤᠷᠪᠠ︶ ᠡᠨᠧᠷᠭᠢ ᠶᠢᠨ ᠪᠤᠯᠪᠠᠰᠤᠷᠠᠭᠤᠯᠤᠨ ᠬᠤᠪᠢᠷᠠᠭᠤᠯᠬᠤ ᠦᠷ᠎ᠡ ᠪᠦᠲᠦᠮᠵᠢ ᠲᠣᠭᠲᠠᠭᠤᠨ ᠢᠶᠠᠷ ᠳᠡᠭᠡᠭᠰᠢᠯᠡᠪᠡ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠡᠨᠧᠷᠭᠢ ᠶᠢ ᠪᠤᠯᠪᠠᠰᠤᠷᠠᠭᠤᠯᠤᠨ ᠬᠤᠪᠢᠷᠠᠭᠤᠯᠬᠤ ᠳᠤ 196.29 ᠲᠦᠮᠡᠨ ᠲᠣᠨ ᠪᠠᠷᠢᠮᠵᠢᠶᠠᠲᠤ | ᠨᠡᠭᠦᠷᠡᠰᠦ ᠤᠷᠤᠭᠤᠯᠵᠤ᠂ 124.8 ᠲᠦᠮᠡᠨ ᠲᠣᠨ ᠪᠠᠷᠢᠮᠵᠢᠶᠠᠲᠤ ᠨᠡᠭᠦᠷᠡᠰᠦ ᠭᠠᠷᠭᠠᠵᠤ᠂ ᠡᠨᠧᠷᠭᠢ ᠶᠢᠨ ᠪᠣᠯᠪᠠᠰᠤᠷᠠᠭᠤᠯᠤᠨ ᠬᠤᠪᠢᠷᠠᠭᠤᠯᠬᠤ ᠠᠰᠢᠭᠯᠠᠮᠵᠢ ᠨᠢ 63. | 6% ᠳᠤ ᠬᠦᠷᠪᠡ︔ ᠭᠠᠯ ᠤᠨ ᠬᠦᠴᠦᠨ ᠤ ᠴᠠᠭᠢᠯᠭᠠᠨ ᠭᠠᠷᠭᠠᠯᠲᠠ ᠶᠢᠨ ᠠᠰᠢᠭᠯᠠᠮᠵᠢ ᠨᠢ 44.1% ᠬᠦᠷᠴᠤ᠂ ᠳᠡᠭᠡᠷ᠎ᠡ ᠵᠢᠯ ᠤᠨ ᠬᠢ ᠠᠴᠠ ᠵᠠᠭᠤᠨ ᠤ ᠬᠤᠪᠢ | ᠶᠢᠨ ᠬᠠᠷᠢᠴᠠᠯ ᠢᠶᠠᠷ 1.2 ᠳᠡᠭᠡᠭᠰᠢᠯᠡᠪᠡ︔ ᠢᠯᠴᠢ ᠬᠠᠩᠭᠠᠬᠤ ᠠᠰᠢᠭᠯᠠᠮᠵᠢ ᠨᠢ 81.5% ᠬᠦᠷᠴᠤ᠂ ᠳᠡᠭᠡᠷ᠎ᠡ ᠵᠢᠯ ᠬᠢ ᠠᠴᠠ ᠵᠠᠭᠤᠨ ᠤ ᠬᠤᠪᠢ ᠶᠢᠨ ᠬᠠᠷᠢᠴᠠᠯ | ᠢᠶᠠᠷ 2.4 ᠪᠠᠭᠤᠷᠠᠪᠠ︔ ᠢᠯᠴᠢ ᠴᠠᠭᠢᠯᠭᠠᠨ ᠤ ᠬᠤᠯᠪᠤᠭᠠᠯᠠᠨ ᠦᠢᠯᠡᠳᠪᠦᠷᠢᠯᠡᠬᠦ ᠠᠰᠢᠭᠯᠠᠮᠵᠢ ᠨᠢ 53.5% ᠬᠦᠷᠴᠤ᠂ ᠳᠡᠭᠡᠷ᠎ᠡ ᠵᠢᠯ ᠤᠨ ᠬᠢ ᠠᠴᠠ ᠵᠠᠭᠤᠨ ᠤ | ᠬᠤᠪᠢ ᠶᠢᠨ ᠬᠠᠷᠢᠴᠠᠯ ᠢᠶᠠᠷ ᠠᠴᠠ 1. 3 ᠳᠡᠭᠡᠭᠰᠢᠯᠡᠪᠡ᠃ |