鄂尔多斯市人民政府蒙古文网站 bt365备用网址_365国际体育官网_365bet体育在线投注官网

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        bt365备用网址_365国际体育官网_365bet体育在线投注官网

        1 — 2 ᠰᠠᠷ᠎ᠠ ᠳᠤ ᠮᠠᠨ ᠤ ᠬᠤᠳᠠ ᠶᠢᠨ ᠭᠡᠪᠴᠢᠶᠡᠵᠢᠯ ᠠᠴᠠ ᠲᠡᠭᠡᠭᠰᠢᠭᠢ ᠠᠵᠤ ᠦᠢᠯᠡᠳᠪᠤᠷᠢ ᠶᠢᠨ ᠠᠵᠤ ᠠᠬᠤᠢ ᠲᠤᠬᠳᠠᠭᠤᠨ ᠡᠭᠢᠯᠡᠯᠳᠡ ᠲᠠᠢ ᠪᠤᠯᠪᠡ
        ᠨᠡᠶᠢᠲᠡᠯᠡᠭᠰᠡᠨ ᠴᠠᠭ᠄
        2023/4/3
               1 — 2 ᠰᠠᠷ᠎ᠠ ᠳᠤ᠂ ᠤᠷᠳᠤᠰ ᠬᠤᠳᠠ ᠲᠣᠭᠲᠠᠭᠤᠨ ᠤ ᠳᠤᠮᠳᠠ ᠤᠷᠤᠭᠰᠢᠯᠠᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠲᠣᠭᠲᠠᠭᠤᠨ ᠡᠷᠭᠢᠯᠳᠡ ᠶᠢ ᠪᠠᠶᠠᠯᠡᠭᠦᠯᠪᠡ᠃ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ 587 ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 5.8%᠎ ᠪᠠᠷ ᠨᠡᠮᠡᠭᠳᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠨᠡᠮᠡᠭᠳᠡᠯ ᠤᠨ ᠬᠤᠷᠳᠤᠴᠠ ᠠᠴᠠ ᠵᠠᠭᠤᠨ ᠤ ᠬᠤᠪᠢ ᠶᠢᠨ ᠬᠠᠷᠢᠴᠡᠯ ᠢᠶᠠᠷ 0.4 ᠦᠨᠳᠤᠷ ᠪᠤᠯᠵᠤ᠂ ᠪᠥᠬᠦ ᠤᠯᠤᠰ ᠤᠨ ᠨᠡᠮᠡᠭᠳᠡᠯ ᠤᠨ ᠬᠤᠷᠳᠤᠴᠠ ᠠᠴᠠ ᠵᠠᠭᠤᠨ ᠤ ᠬᠤᠪᠢ ᠶᠢᠨ ᠬᠠᠷᠢᠴᠡᠯ ᠢᠶᠠᠷ 3.4 ᠥᠨᠳᠥᠷ ᠪᠣᠯᠵᠣ᠂ ᠶᠡᠷᠦᠩᠬᠡᠶ ᠨᠡᠮᠡᠭᠳᠡᠯ ᠤᠨ ᠬᠤᠷᠳᠤᠴᠠ ᠲᠣᠭᠲᠠᠭᠤᠨ ᠨᠡᠮᠡᠭᠳᠡᠯ ᠢᠶᠠᠨ ᠪᠠᠲᠤᠯᠠᠪᠠ᠃       ᠭᠤᠷᠪᠠᠨ ᠶᠡᠭᠡ ᠲᠦᠷᠦᠯ ᠠᠴᠠ ᠦᠵᠡᠪᠡᠯ᠂ ᠠᠭᠤᠷᠬᠠᠢ ᠮᠠᠯᠲᠠᠬᠤ ᠦᠢᠯᠡᠰ ᠤᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 7.4%᠎ ᠪᠠᠷ ᠨᠡᠮᠡᠭᠳᠡᠵᠦ᠂ ᠤᠷᠳᠤᠰ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠢ ᠶᠢᠨ ᠲᠣᠭᠲᠠᠭᠤᠨ ᠢᠶᠠᠷ ᠨᠡᠮᠡᠭᠳᠡᠬᠦ ᠶᠢ ᠳᠠᠶᠢᠴᠢᠯᠠᠬᠤ ᠭᠤᠣᠯ ᠬᠥᠳᠡᠯᠭᠡᠬᠦ ᠬᠦᠴᠦᠨ ᠪᠣᠯᠪᠠ︔ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠶ ᠬᠡᠶ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 7.7%᠎ ᠪᠠᠷ ᠨᠡᠮᠡᠭᠳᠡᠵᠦ᠂ ᠶᠡᠷᠦᠩᠬᠡᠶ ᠳᠡᠭᠡᠨ ᠲᠣᠭᠲᠠᠭᠤᠨ ᠤ ᠲᠤᠮᠳᠡ ᠤᠷᠤᠭᠰᠢᠯᠠᠬᠤ ᠬᠥᠭᠵᠢᠯᠲᠡ ᠶᠢᠨ ᠪᠠᠶᠢᠳᠠᠯ ᠢ ᠪᠠᠲᠤᠯᠠᠪᠠ︔ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 4.1%᠎ ᠪᠠᠷ ᠪᠠᠭᠤᠷᠠᠵᠡᠢ᠃           ᠭᠤᠣᠯ ᠪᠣᠯᠬᠤ ᠠᠵᠢᠯ ᠲᠥᠷᠥᠯ ᠤᠭᠢ ᠰᠠᠶᠢᠨ ᠭᠦᠭᠵᠢᠯᠳᠡ ᠲᠠᠢ ᠪᠤᠯᠪᠡ᠃ ᠠᠵᠢᠯ ᠲᠥᠷᠥᠯ ᠤᠨ ᠲᠠᠯ᠎ᠠ ᠠᠴᠠ ᠦᠵᠡᠪᠡᠯ᠂ 1 — 2 ᠰᠠᠷ᠎ᠠ ᠳᠤ᠂ ᠪᠥᠬᠦ ᠬᠤᠲᠠ ᠶᠢᠨ 30 ᠶᠡᠭᠡ ᠠᠵᠢᠯ ᠲᠥᠷᠥᠯ ᠤᠨ ᠳᠣᠲᠣᠷᠠᠬᠢ 16 ᠠᠵᠢᠯ ᠲᠥᠷᠥᠯ ᠤᠨ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ ᠨᠡᠮᠡᠭᠳᠡᠯ ᠢᠶᠠᠨ ᠪᠠᠲᠤᠯᠠᠵᠤ᠂ ᠨᠡᠮᠡᠭᠳᠡᠯ ᠤᠨ ᠬᠡᠪᠴᠢᠶ᠎ᠡ ᠨᠢ 53.3%᠎ ᠳᠤ ᠬᠦᠷᠴᠡᠶ᠃ ᠡᠭᠦᠨ ᠳᠤ᠂ ᠬᠢᠮᠢ ᠶᠢᠨ ᠲᠦᠭᠦᠬᠡᠶ ᠮᠠᠲ᠋ᠧᠷᠢᠶᠠᠯ ᠵᠢᠴᠢ ᠬᠢᠮᠢ ᠶᠢᠨ ᠤᠶᠢᠯᠡᠳᠬᠦᠨ ᠤ ᠦᠢᠯᠡᠰ 5.9%᠎ ᠪᠠᠷ ᠨᠡᠮᠡᠭᠳᠡᠵᠦ᠂ ᠮᠠᠰᠢᠨ ᠲᠡᠷᠭᠡ ᠦᠢᠯᠡᠳᠬᠦ ᠦᠢᠯᠡᠰ 90.7%᠎ ᠪᠠᠷ ᠨᠡᠮᠡᠭᠳᠡᠵᠦ᠂ ᠡᠮ ᠡᠮᠨᠡᠯᠭᠡ ᠶᠢᠨ ᠦᠢᠯᠡᠳᠬᠦ ᠦᠢᠯᠡᠰ 5.3%᠎ ᠪᠠᠷ ᠨᠡᠮᠡᠭᠳᠡᠵᠦ᠂ ᠪᠠᠶᠢᠭᠠᠯᠢ ᠶᠢᠨ ᠰᠢᠲᠠᠮᠠᠬᠠᠶ ᠬᠡᠶ ᠶᠢᠨ ᠠᠵᠢᠯ ᠲᠥᠷᠥᠯ 0.1%᠎ ᠪᠠᠷ ᠨᠡᠮᠡᠭᠳᠡᠵᠦ᠂ ᠴᠠᠬᠢᠯᠭᠠᠨ ᠬᠦᠴᠦᠨ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ 9. 5%᠎ ᠪᠠᠷ ᠨᠡᠮᠡᠭᠳᠡᠪᠡ︔ ᠨᠡᠭᠦᠷᠡᠰᠦᠨ ᠤ ᠠᠵᠢᠯ ᠲᠥᠷᠥᠯ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 8%᠎ ᠪᠠᠷ ᠨᠡᠮᠡᠭᠳᠡᠵᠦ᠂ ᠪᠥᠬᠦ ᠬᠤᠲᠠ ᠶᠢᠨ ᠠᠵᠤ ᠦᠢᠯᠡᠳᠪᠦᠷᠢ ᠶᠢᠨ ᠠᠵᠤ ᠠᠬᠤᠶ ᠶᠢᠨ ᠬᠥᠭᠵᠢᠯᠲᠡ ᠳᠤ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃           ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠠᠮᠢᠵᠢᠷᠠᠯ ᠤᠨ ᠬᠥᠴᠥᠨ ᠢᠯᠡᠳᠳᠡ ᠲᠡᠭᠡᠭᠰᠢᠯᠡᠪᠡ᠃ 1 — 2 ᠰᠠᠷ᠎ᠠ ᠳᠤ᠂ ᠪᠦᠬᠦ ᠬᠤᠳᠠ ᠶᠢᠨ ᠠᠵᠤ ᠠᠬᠤᠢ ᠶᠢᠨ ᠪᠦᠬᠦ ᠪᠠᠶᠢᠳᠡᠯ ᠢ ᠬᠦᠴᠦᠯᠡᠨ ᠲᠣᠭᠲᠠᠪᠤᠷᠢᠵᠢᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠲᠣᠭᠲᠠᠭᠤᠨ ᠤ ᠳᠤᠮᠳᠠ ᠰᠠᠶᠢᠵᠢᠷᠠᠪᠠ᠃ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠳᠣᠲᠣᠷ᠎ᠠ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ 461 ᠪᠤᠯᠵᠤ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠶᠡᠷᠦᠩᠬᠡᠶ ᠲᠣᠭᠠᠨ ᠤ 73.3%᠎ ᠶᠢ ᠡᠵᠡᠯᠡᠪᠡ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 10. 7%᠎ ᠪᠠᠷ ᠨᠡᠮᠡᠭᠳᠡᠵᠦ᠂ ᠪᠦᠬᠦ ᠬᠤᠳᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠤᠨ 50.6%᠎ ᠶᠢ ᠡᠵᠡᠯᠡᠵᠦ᠂ ᠬᠡᠪᠴᠢᠶᠠᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠤᠷᠮ᠎ᠠ 87. 5%᠎ ᠳᠤ ᠬᠦᠷᠴᠦ᠂ ᠪᠦᠬᠦ ᠬᠤᠳᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠤᠨ ᠨᠡᠮᠡᠭᠳᠡᠯ ᠢ ᠵᠠᠭᠤᠨ ᠤ ᠬᠤᠪᠢ ᠶᠢᠨ ᠬᠠᠷᠢᠴᠠᠯ ᠢᠶᠠᠷ 5.1 ᠲᠠᠶᠢᠴᠢᠯᠡᠪᠠ᠃       ᠪᠠᠭ᠎ᠠ ᠵᠢᠵᠢᠭ ᠠᠵᠤ ᠠᠬᠤᠶᠢᠯᠠᠯ ᠤᠨ ᠨᠡᠮᠡᠭᠳᠡᠯ ᠨᠡᠯᠢᠶᠡᠳ ᠲᠦᠷᠭᠡᠨ ᠪᠤᠯᠪᠡ᠃ 1 — 2 ᠰᠠᠷ᠎ᠠ ᠳᠤ᠂ ᠪᠥᠬᠦ ᠬᠤᠲᠠ ᠶᠢᠨ ᠬᠡᠪᠴᠢᠶᠡᠵᠢᠯ ᠠᠴᠠ ᠲᠡᠭᠡᠭᠰᠢᠬᠢ ᠪᠠᠭ᠎ᠠ ᠵᠢᠵᠢᠭ ᠠᠵᠤ ᠠᠬᠤᠶᠢᠯᠠᠯ 438 ᠪᠣᠯᠵᠣ᠂ ᠠᠳᠠᠯᠢ ᠬᠤᠭᠤᠴᠠᠭᠠᠨ ᠤ ᠬᠢ ᠠᠴᠠ 53 ᠨᠡᠮᠡᠭᠳᠡᠨ᠂ ᠬᠡᠪᠴᠢᠶᠡᠵᠢᠯ ᠠᠴᠠ ᠲᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠣᠭᠠᠨ ᠤ 74.6%᠎ ᠶᠢ ᠡᠵᠡᠯᠡᠪᠡ᠃ ᠡᠭᠦᠨ ᠳᠤ᠂ ᠪᠠᠭ᠎ᠠ ᠬᠡᠯᠪᠡᠷᠢ ᠶᠢᠨ ᠠᠵᠤ ᠠᠬᠤᠶᠢᠯᠠᠯ 371᠂ ᠵᠢᠵᠢᠭ ᠬᠡᠯᠪᠡᠷᠢ ᠶᠢᠨ ᠠᠵᠤ ᠠᠬᠤᠶᠢᠯᠠᠯ 67 ᠪᠣᠶ᠃ ᠮᠠᠨ ᠤ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠪᠠᠭ᠎ᠠ ᠵᠢᠵᠢᠭ ᠠᠵᠤ ᠦᠢᠯᠡᠳᠪᠦᠷᠢ ᠶᠢᠨ ᠠᠵᠤ ᠠᠬᠤᠶᠢᠯᠠᠯ ᠨᠢᠭᠡᠨᠲᠡ 27 ᠠᠵᠢᠯ ᠲᠥᠷᠥᠯ ᠢ ᠬᠠᠮᠤᠷᠪᠠ᠃ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠪᠠᠭ᠎ᠠ ᠵᠢᠵᠢᠭ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠨᠡᠮᠡᠭᠳᠡᠯ ᠨᠡᠯᠢᠶᠡᠳ ᠲᠦᠷᠭᠡᠨ ᠪᠠᠶᠢᠵᠤ᠂ ᠨᠡᠮᠡᠭᠳᠡᠯ ᠥᠷᠲᠡᠭ ᠨᠢ ᠬᠡᠪᠴᠢᠶᠡᠵᠢᠭᠰᠡᠨ ᠠᠵᠤ ᠦᠢᠯᠡᠳᠪᠦᠷᠢ ᠶᠢᠨ ᠶᠡᠷᠦᠩᠬᠡᠶ ᠬᠡᠮᠵᠢᠶᠡᠨ ᠤ 29.5%᠎ ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 10.5%᠎ ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ ᠬᠡᠪᠴᠢᠶᠡᠵᠢᠯ ᠠᠴᠠ ᠲᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠤᠨ ᠬᠤᠷᠳᠤᠴᠠ ᠠᠴᠠ ᠵᠠᠭᠤᠨ ᠤ ᠬᠤᠪᠢ ᠶᠢᠨ ᠬᠠᠷᠢᠴᠡᠯ ᠢᠶᠠᠷ 4.7 ᠥᠨᠳᠥᠷ ᠪᠣᠯᠵᠣ᠂ ᠬᠡᠪᠴᠢᠶᠡᠵᠢᠯ ᠠᠴᠠ ᠲᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ 49.9%᠎ ᠳᠤ ᠬᠦᠷᠴᠦ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠢ ᠵᠠᠭᠤᠨ ᠤ ᠬᠤᠪᠢ ᠶᠢᠨ ᠬᠠᠷᠢᠴᠡᠯ ᠢᠶᠠᠷ 2.9 ᠳᠠᠶᠢᠴᠢᠯᠠᠪᠠ᠃        ᠬᠤᠰᠢᠭᠤ ᠲᠤᠭᠤᠷᠢᠭ ᠤᠨ ᠨᠡᠮᠡᠭᠳᠡᠯ ᠤᠨ ᠬᠤᠷᠳᠤᠴᠠ ︽ᠳᠥᠷᠪᠡ ᠲᠡᠭᠡᠭᠰᠢᠯᠡᠵᠦ ᠲᠠᠪᠤ ᠪᠠᠭᠤᠷᠠᠭᠰᠠᠨ︾ ᠪᠠᠶᠢᠨ᠎ᠠ᠃ ᠮᠠᠨ ᠤ ᠬᠤᠲᠠ ᠶᠢᠨ ᠳᠥᠷᠪᠡᠨ ᠬᠤᠰᠢᠭᠤ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠨᠡᠮᠡᠭᠳᠡᠬᠦ ᠬᠠᠨᠳᠤᠰᠢ ᠲᠠᠢ ᠪᠠᠶᠢᠨ᠎ᠠ᠂ ᠡᠭᠦᠨ ᠳᠤ᠂ ᠲᠠᠯᠠᠳ ᠬᠤᠰᠢᠭᠤ᠂ ᠵᠡᠭᠦᠨᠭᠠᠷ ᠬᠤᠰᠢᠭᠤ᠂ ᠬᠢᠶ᠎ᠠ ᠪᠠᠭᠰᠢ ᠲᠣᠭᠤᠷᠢᠭ ᠤᠨ ᠨᠡᠶᠢᠲᠡ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠬᠤᠶᠠᠷ ᠣᠷᠣᠨᠲᠤ ᠲᠤᠭ᠎ᠠ ᠪᠠᠷ ᠨᠡᠮᠡᠭᠳᠡᠬᠦ ᠶᠢ ᠪᠠᠳᠤᠯᠠᠪᠠ︔ ᠡᠵᠡᠨ ᠬᠤᠷᠤᠭ᠎ᠠ ᠬᠤᠰᠢᠭᠤ᠂ ᠬᠠᠩᠭᠢᠨ ᠬᠤᠰᠢᠭᠤ᠂ ᠤᠳᠤᠭ ᠬᠤᠰᠢᠭᠤ᠂ ᠣᠲᠤᠭ ᠤᠨ ᠡᠮᠦᠨᠡᠲᠦ ᠬᠤᠰᠢᠭᠤ ᠪᠠ ᠳ᠋ᠦᠩᠱᠧᠩ ᠲᠣᠭᠤᠷᠢᠭ ᠵᠡᠷᠭᠡ ᠲᠠᠪᠤᠨ ᠬᠤᠰᠢᠭᠤ ᠲᠤᠭᠤᠷᠢᠭ ᠤᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠪᠠᠭᠤᠷᠠᠬᠤ ᠬᠠᠨᠳᠤᠰᠢ ᠲᠠᠢ ᠪᠣᠯᠪᠠ᠃ ᠡᠭᠦᠨ ᠳᠤ᠂ ᠳᠠᠯᠠᠳ ᠬᠤᠰᠢᠭᠤ ᠪᠥᠬᠦ ᠬᠤᠲᠠ ᠳᠤ ᠳᠡᠷᠢᠬᠦᠯᠡᠨ᠂ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠨᠢ 23.7%᠎ ᠳᠤ ᠬᠥᠷᠪᠡ︔ ᠨᠡᠮᠡᠭᠳᠡᠯ ᠥᠷᠲᠡᠭ ᠤᠨ ᠶᠡᠷᠦᠩᠬᠡᠶ ᠬᠡᠮᠵᠢᠶ᠎ᠡ ᠨᠢ ᠡᠮᠦᠨ᠎ᠡ ᠬᠤᠶᠠᠷ ᠲᠤ ᠵᠢᠭᠰᠠᠭᠠᠭᠳᠠᠭᠰᠠᠨ ᠡᠵᠡᠨ ᠬᠤᠷᠤᠭ᠎ᠠ ᠬᠤᠰᠢᠭᠤ᠂ ᠵᠡᠭᠦᠨᠭᠠᠷ ᠬᠤᠰᠢᠭᠤᠨ ᠤ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠨᠢ ᠣᠷᠳᠣᠰ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ 53.3%᠎ ᠶᠢ ᠡᠵᠡᠯᠡᠵᠦ᠂ ᠣᠷᠳᠣᠰ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠤᠨ ᠬᠤᠷᠳᠤᠴᠠ ᠶᠢ ᠵᠠᠭᠤᠨ ᠤ ᠬᠤᠪᠢ ᠶᠢᠨ ᠬᠠᠷᠢᠴᠠᠯ ᠢᠶᠠᠷ 4.8 ᠳᠠᠶᠢᠴᠢᠯᠠᠪᠠ᠃ 
        ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ