ᠤᠶᠢᠷ᠎ᠠ ᠶᠢᠨ ᠡᠳᠦᠷ᠂ ᠤᠷᠳᠤᠰ ᠬᠤᠳᠠ ᠶᠢᠨ ᠬᠢᠨ ᠬᠤᠯᠪᠣᠭᠳᠠᠯ ᠪᠦᠬᠦᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢ ᠵᠣᠬᠢᠶᠠᠨ ᠪᠠᠶᠢᠭᠤᠯᠤᠨ | ᠱᠠᠨᠰᠢ ᠶᠢᠨ ᠪᠠᠭᠰᠢ ᠶᠢᠨ ᠶᠡᠭᠡ ᠰᠤᠷᠭᠠᠭᠤᠯᠢ ᠳᠤ ᠬᠦᠷᠴᠦ ᠥᠷᠭᠡᠨ ᠤᠯᠠᠨ ᠰᠤᠷᠤᠭᠴᠢᠳ ᠲᠤ ᠬᠠᠶᠢᠷ᠎ᠠ ᠬᠠᠯᠠᠮᠵᠢᠳᠤ ᠬᠤᠳᠠ ᠶᠢᠨ ᠤᠷᠢᠯᠭ᠎ᠠ ᠲᠡᠯᠪᠢᠵᠤ᠂ | ᠬᠤᠳᠠ ᠶᠢᠨ ᠨᠠᠮ ᠤᠨ ᠬᠤᠷᠢᠶᠡᠨ ᠤ ᠳᠡᠳ᠋ ᠱᠦᠵᠢ᠂ ᠬᠤᠳᠠ ᠶᠢᠨ ᠳᠠᠷᠤᠭ᠎ᠠ ᠳ᠋ᠦ᠋ ᠬᠤᠢ ᠯᠢᠶᠠᠩ ᠸᠢᠳᠢᠣ᠋ ᠪᠠᠷ ᠪᠠᠶᠠᠷ ᠤᠨ ᠦᠭᠡ ᠬᠡᠯᠡᠪᠡ᠃ ᠬᠤᠲᠠ ᠶᠢᠨ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠵᠢᠶᠠᠩ ᠪᠥᠸᠧ ᠪᠣᠯᠤᠨ ᠱᠠᠨᠰᠢ ᠶᠢᠨ ᠪᠠᠭᠰᠢ ᠶᠢᠨ ᠶᠡᠭᠡ ᠰᠤᠷᠭᠠᠭᠤᠯᠢ ᠶᠢᠨ ᠨᠠᠮ ᠤᠨ | ᠬᠤᠷᠢᠶᠠᠨ ᠤ ᠳᠡᠳ᠋ ᠱᠦᠵᠢ ᠯᠦ ᠱᠧᠩ ᠯᠢ ᠱᠠᠨᠰᠢ ᠵᠢᠨᠪᠠᠭᠰᠢ ᠶᠢᠨ ᠶᠡᠭᠡ ᠰᠤᠷᠭᠠᠭᠤᠯᠢ ᠶᠢᠨ ᠰᠤᠷᠤᠭᠴᠢᠳ ᠤᠨ ᠠᠵᠢᠯ ᠣᠯᠭᠤᠬᠤ ᠳᠠᠳᠤᠯᠭ᠎ᠠ ᠶᠢᠨ ᠰᠠᠭᠤᠷᠢᠨ | ᠭᠠᠵᠠᠷ ᠤᠨ ᠫᠠᠶᠢᠰᠡ ᠶᠢ ᠰᠡᠭᠦᠪᠡ᠃ | ᠲᠣᠰ ᠤᠳᠠᠭᠠᠨ ᠤ ︽ᠬᠠᠶᠢᠷ᠎ᠠ ᠬᠠᠯᠠᠮᠵᠢᠳᠤ ᠬᠤᠲᠠ ᠶᠢᠨ ᠤᠷᠢᠯᠭ᠎ᠠ︾ ᠶᠢᠨ ᠴᠢᠳᠠᠪᠤᠷᠢᠲᠠᠨ ᠡᠯᠰᠡᠬᠦ ᠤᠬᠠᠭᠤᠯᠭ᠎ᠠ ᠶᠢᠨ ᠬᠤᠷᠠᠯ ᠳᠤ ᠣᠷᠳᠣᠰ ᠬᠤᠲᠠ ᠶᠢᠨ | 14 ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠠᠶᠢᠵᠤ᠂ ᠨᠡᠶᠢᠲᠡ 138 ᠠᠵᠢᠯ ᠤᠨ ᠪᠠᠶᠢᠷᠢ ᠶᠢᠨ ᠤᠷᠢᠯᠭ᠎ᠠ ᠲᠡᠯᠪᠢᠵᠡᠢ᠃ ᠠᠵᠢᠯᠯᠠᠭ᠎ᠠ ᠶᠢᠨ ᠠᠬᠤᠢ | ᠳᠠᠯᠠᠪᠠᠢ ᠳᠤ᠂ ᠡᠯ᠎ᠡ ᠬᠥᠮᠦᠨ ᠬᠡᠷᠡᠭᠯᠡᠬᠦ ᠨᠢᠭᠡᠴᠢ ᠨᠡᠶᠢᠲᠡ 112 ᠬᠤᠪᠢ ᠲᠣᠪᠴᠢ ᠨᠠᠮᠲᠠᠷ ᠢ ᠬᠤᠷᠢᠶᠠᠨ ᠣᠯᠵᠠᠶ᠂ ᠡᠭᠦᠨ ᠳᠤ ᠵᠢᠩᠬᠢᠨᠢ ᠠᠩᠭᠢ ᠶᠢᠨ 28 ᠬᠥᠮᠦᠨ᠂ | ᠠᠰᠫᠢᠷᠠᠨᠲ 84 ᠬᠥᠮᠦᠨ ᠪᠠᠶᠢᠵᠤ᠂ 63 ᠬᠥᠮᠦᠨ ᠲᠠᠢ ᠠᠩᠬ᠎ᠠ ᠠᠯᠬᠤᠮ ᠤᠨ ᠰᠠᠨᠠᠮᠵᠢ ᠶᠢᠨ ᠪᠢᠴᠢᠭ ᠲᠤᠬᠳᠠᠵᠤ᠂ ᠡᠭᠦᠨ ᠳᠤ ᠵᠢᠩᠬᠢᠨᠢ ᠠᠩᠭᠢ ᠶᠢᠨ 12 | ᠬᠥᠮᠦᠨ᠂ ᠠᠰᠫᠢᠷᠠᠨᠲ 51 ᠬᠥᠮᠦᠨ ᠪᠠᠭᠳᠠᠨ᠎ᠠ᠃ |