ᠤᠶᠢᠷ᠎ᠠ ᠶᠢᠨ ᠡᠳᠤᠷ᠂ ᠬᠤᠳᠠ ᠶᠢᠨ ᠬᠥᠭᠵᠢᠯᠲᠡ ᠶᠢᠨ ᠰᠢᠨ᠎ᠡ ᠬᠦᠴᠦᠨ — ᠲᠠᠲᠠᠬᠤ ᠬᠦᠴᠦᠨ ᠲᠠᠢ ᠬᠤᠳᠠ ᠶᠢᠨ ᠨᠠᠷ᠎ᠡ ᠲᠡᠮᠳᠡᠭᠲᠦ ᠶᠢᠨ IP bt365备用网址_365国际体育官网_365bet体育在线投注官网 | ᠳᠠᠮᠵᠢᠭᠤᠯᠭ᠎ᠠ ᠶᠢᠨ ᠲᠦᠷᠦᠭᠦᠴᠦᠳ ᠤᠨ ᠬᠤᠷᠠᠯ ᠵᠢᠴᠢ ᠬᠤᠳᠠᠯᠳᠤᠭ᠎ᠠ ᠡᠷᠬᠢᠯᠡᠬᠦ ᠣᠷᠴᠢᠨ ᠠᠬᠤᠢ ᠶᠢ ᠰᠢᠯᠢᠳᠡᠭᠵᠢᠭᠦᠯᠬᠦ ᠲᠠᠨᠢᠯᠴᠠᠭᠤᠯᠭ᠎ᠠ ᠶᠢᠨ ᠬᠤᠷᠠᠯ ᠬᠠᠩᠵᠧᠦ | ᠬᠤᠳᠠ ᠳᠤ ᠶᠠᠪᠤᠭᠳᠠᠪᠠ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠰᠤ᠋ ᠵᠥᠩ ᠱᠧᠩ ᠬᠤᠷᠠᠯ ᠳᠤ ᠣᠷᠣᠯᠴᠠᠭᠰᠠᠨ ᠤ ᠬᠠᠮᠲᠦ ᠬᠤᠲᠠ | ᠶᠢᠨ ᠲᠠᠨᠢᠯᠴᠠᠭᠤᠯᠭ᠎ᠠ ᠬᠢᠪᠠ᠃ | ᠰᠤ᠋ ᠵᠦᠩ ᠱᠧᠩ ᠲᠠᠨᠢᠯᠴᠠᠭᠤᠯᠭ᠎ᠠ ᠶᠢᠨ ᠶᠠᠷᠢᠶᠠᠨ ᠳᠠᠭᠠᠨ᠂ ᠤᠷᠳᠤᠰ ᠪᠣᠯ ᠡᠬᠢ ᠪᠠᠶᠠᠯᠢᠭ ᠢᠶᠠᠷ ᠡᠯᠪᠡᠭ ᠡᠨᠧᠷᠭᠢ ᠶᠢᠨ ᠬᠤᠳᠠ᠂ ᠪᠣᠬᠢᠷᠲᠤᠯ ᠦᠭᠡᠢ ᠳᠤᠤᠷ᠎ᠠ | ᠨᠡᠭᠦᠷᠡᠰᠦᠲᠥ᠋ᠷᠥᠭᠴᠢᠲᠦ᠂ ᠦᠩᠭᠡ ᠦᠵᠡᠮᠵᠢ ᠭᠤᠶᠤ ᠰᠠᠶᠢᠬᠠᠨ ᠠᠵᠤ ᠦᠢᠯᠡᠰ ᠤᠨ ᠬᠤᠳᠠ᠂ ᠰᠢᠨ᠎ᠡ ᠶᠢ ᠡᠭᠦᠳᠦᠨ ᠬᠥᠭᠵᠢᠭᠰᠡᠨ᠂ ᠪᠣᠳᠠᠲᠤ ᠬᠦᠴᠦᠨ ᠢᠶᠠᠷ ᠶᠡᠷᠦ | ᠪᠤᠰᠤ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠤᠳᠠ᠂ ᠳᠡᠯᠡᠬᠡᠢ ᠳ᠋ᠠᠬᠢᠨ ᠳᠤ ᠨᠡᠪᠲᠡᠷᠡᠭᠰᠡᠨ ᠠᠮᠢᠵᠢᠷᠠᠯ ᠤᠨ ᠬᠦᠴᠦᠨ ᠲᠠᠢ ᠬᠤᠳᠠ᠂ | ᠣᠷᠣᠰᠢᠨ ᠠᠮᠢᠳᠤᠷᠠᠬᠤ ᠳᠤ ᠳᠠᠭᠠᠯᠠᠮᠵᠢᠳᠠᠢ᠂ ᠠᠷᠠᠯᠵᠢᠶ᠎ᠠ ᠬᠤᠳᠠᠯᠳᠤᠭ᠎ᠠ ᠶᠢ ᠴᠢᠬᠤᠯᠠᠴᠢᠯᠠᠭᠰᠠᠨ ᠵᠣᠯ ᠵᠢᠷᠭᠠᠯᠲᠤ ᠬᠤᠳᠠ ᠪᠣᠯᠤᠨ᠎ᠠ᠃ ᠤᠯᠠᠨ ᠢᠶᠠᠷ ᠢᠶᠠᠨ | ᠤᠷᠳᠤᠰ ᠲᠤ ᠬᠦᠷᠴᠦ ᠲᠣᠭᠤᠷᠢᠨ ᠵᠤᠭᠠᠴᠠᠵᠤ᠂ ᠪᠡᠯᠡ ᠣᠷᠣᠭᠤᠯᠤᠨ ᠦᠢᠯᠡᠰ ᠢᠶᠠᠨ ᠬᠥᠭᠵᠢᠭᠦᠯᠵᠦ᠂ ᠠᠵᠢᠯᠯᠠᠵᠤ ᠠᠮᠢᠳᠤᠷᠠᠨ᠂ ᠬᠥᠭᠵᠢᠯᠲᠡ ᠶᠢᠨ ᠠᠵᠠ | ᠲᠣᠬᠢᠶᠠᠯ ᠢ ᠬᠠᠮᠲᠤ ᠪᠠᠷ ᠡᠳ᠋ᠯᠡᠵᠦ᠂ ᠰᠠᠶᠢᠨ ᠰᠠᠶᠢᠬᠠᠨ ᠢᠷᠡᠭᠡᠳᠦᠢ ᠪᠠᠨ ᠬᠠᠮᠲᠤ ᠪᠠᠷ ᠴᠣᠭᠴᠠᠯᠠᠬᠤ ᠶᠢ ᠴᠢᠩ ᠰᠡᠳᠭᠢᠯ ᠠᠴᠠ ᠪᠠᠨ ᠤᠷᠢᠵᠤ ᠪᠠᠶᠢᠨ᠎ᠠ ᠭᠡᠪᠡ᠃ | ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠨ ᠡᠯ᠎ᠡ ᠲᠠᠯ᠎ᠠ ᠶᠢᠨ ᠬᠢᠨ ︽ᠲᠠᠲᠠᠬᠤ ᠬᠦᠴᠦᠨ ᠲᠠᠢ ᠬᠤᠲᠠ ᠶᠢᠨ ᠨᠠᠷ᠎ᠡ ᠲᠡᠮᠳᠡᠭᠲᠦ ᠶᠢ ᠬᠠᠮᠲᠤ ᠪᠠᠷ ᠪᠠᠶᠢᠭᠤᠯᠵᠤ᠂ | ᠬᠤᠲᠠ ᠶᠢᠨ ᠬᠠᠮᠲᠤᠷᠠᠯᠴᠠᠭ᠎ᠠ ᠬᠢᠵᠦ ᠬᠠᠮᠲᠤ ᠪᠠᠷ ᠠᠰᠢᠭ ᠭᠥᠷᠳᠡᠬᠦ ᠶᠢ ᠬᠠᠮᠲᠤ ᠪᠠᠷ ᠠᠬᠢᠭᠤᠯᠤᠶ᠎ᠠ︾ ᠭᠡᠬᠦ ᠨᠥᠬᠦᠷᠰᠡᠭ ᠰᠠᠨᠠᠭᠠᠴᠢᠯᠠᠭ᠎ᠠ ᠶᠢ ᠬᠠᠮᠲᠦ ᠪᠠᠷ | ᠰᠠᠨᠠᠭᠠᠴᠢᠯᠠᠪᠠ᠃ | ᠲᠣᠰ ᠤᠳᠠᠭᠠᠨ ᠤ ᠠᠵᠢᠯᠯᠠᠭ᠎ᠠ ᠶᠢ ᠣᠷᠳᠣᠰ ᠬᠤᠲᠠ᠂ ᠪᠠᠶᠠᠨᠨᠠᠭᠤᠷ ᠬᠤᠲᠠ᠂ ᠺᠠᠷᠠᠮᠠᠢ ᠬᠤᠲᠠ᠂ ᠵᠢᠦ ᠵᠠᠶ ᠭᠸᠦ ᠰᠢᠶᠠᠨ᠂ ᠹᠸᠡᠭ ᠬᠤᠸᠠ ᠲᠣᠭᠤᠷᠢᠭ᠂ ᠴᠠᠩ | ᠱᠠᠨ ᠰᠢᠶᠠᠨ ᠬᠠᠮᠲᠤᠷᠠᠨ ᠡᠷᠭᠢᠯᠡᠵᠦ᠂ ᠬᠤᠲᠠ ᠶᠢᠨ ᠨᠠᠷ᠎ᠡ ᠲᠡᠮᠲᠡᠭᠲᠦ ᠪᠠ ᠠᠵᠤ ᠠᠬᠤᠶᠢᠯᠠᠯ ᠤᠨ ᠨᠠᠷ᠎ᠡ ᠲᠡᠮᠲᠡᠭᠲᠦ ᠶᠢᠨ ᠴᠢᠨᠠᠷ ᠰᠠᠶᠢᠲᠠᠶ ᠬᠥᠭᠵᠢᠯᠲᠡ ᠶᠢᠨ ᠶᠡᠭᠡ | ᠪᠣᠳᠣᠯᠭ᠎ᠠ ᠶᠢ ᠬᠠᠮᠲᠤ ᠪᠠᠷ ᠵᠥᠪᠳᠡᠯᠴᠡᠨ᠂ ᠠᠵᠤ ᠠᠬᠤᠶᠢᠯᠠᠯ᠂ ᠬᠤᠲᠠ ᠶᠢᠨ ᠬᠠᠮᠲᠤ ᠶᠢᠨ ᠬᠥᠭᠵᠢᠯᠲᠡ ᠶᠢ ᠠᠬᠢᠭᠤᠯᠬᠤ ᠪᠠᠷ ᠵᠤᠷᠢᠯᠭ᠎ᠠ ᠪᠠᠨ ᠪᠤᠯᠭᠠᠵᠠᠢ᠃ |