ᠬᠠᠪᠤᠷ ᠤᠨ ᠬᠤᠭᠤᠰ ᠬᠦᠷᠴᠦ ᠢᠷᠡᠬᠦ ᠪᠠᠷ᠂ ᠭᠡᠷ ᠤᠨ ᠭᠠᠳᠠᠨ᠎ᠠ ᠬᠠᠪᠤᠷ ᠤᠨ ᠰᠠᠯᠬᠢ ᠬᠠᠪᠢᠷᠭ᠎ᠠ ᠨᠡᠪᠲᠡᠯᠦᠮᠡᠷ ᠦᠯᠢᠶᠡᠨ ᠲᠡᠭᠷᠢ ᠪᠦᠷᠳᠦᠶᠢᠵᠤ ᠪᠠᠶᠢᠬᠰᠠᠨ | ᠴᠤ ᠤᠲᠤᠭ ᠤᠨ ᠡᠮᠦᠨᠡᠲᠦ ᠬᠤᠰᠢᠭᠤᠨ ᠤ ᠪᠤᠷᠤᠪᠠᠯᠭᠠᠰᠤ ᠪᠠᠯᠭᠠᠰᠤᠨ ᠳᠠᠬᠢ ᠠᠷᠠᠳ ᠢ ᠲᠦᠪᠬᠢᠨᠡᠭᠦᠯᠦᠨ ᠰᠠᠭᠤᠯᠭᠠᠬᠰᠠᠨ ᠭᠤᠶᠤ ᠠᠰᠠᠷ ᠲᠤᠲᠤᠷ᠎ᠠ ᠬᠠᠯᠠᠭᠤᠨ | ᠲᠤᠯᠠᠭᠠᠨ ᠠᠭᠤᠷ ᠠᠮᠢᠰᠬᠤᠯ ᠪᠢᠯᠬᠠᠵᠤ ᠪᠠᠶᠢᠯ᠎ᠠ᠃ | ᠪᠤᠷᠤᠪᠠᠯᠭᠠᠰᠤ ᠨᠡᠶᠢᠬᠡᠮ ᠲᠤᠭᠤᠷᠢᠭ ᠤᠨ ᠴᠢᠶᠤᠤ ᠱᠤ᠋ ᠴᠦᠨ ᠤᠷᠴᠢᠮᠬᠠᠨ ᠲᠤᠬᠢᠯᠢᠭ ᠰᠠᠶᠢᠬᠠᠨ᠂ ᠲᠤᠨᠤᠭ ᠲᠦᠭᠦᠭᠡᠷᠦᠮᠵᠢ ᠪᠦᠷᠢᠨᠰᠢᠭᠰᠡᠨ ᠰᠢᠨ᠎ᠡ | ᠤᠷᠤᠨ ᠰᠠᠭᠤᠴᠠ ᠳᠠᠭᠠᠨ ᠨᠡᠭᠦᠵᠤ ᠰᠢᠨ᠎ᠡ ᠠᠮᠢᠳᠤᠷᠠᠯ ᠢᠶᠠᠨ ᠡᠬᠢᠯᠡᠭᠦᠯᠦᠭᠰᠡᠨ ᠪᠠᠶᠢᠨ᠎ᠠ᠃ ᠲᠡᠭᠦᠨ ᠤ ᠬᠡᠯᠡᠬᠦ ᠪᠠᠷ ᠦᠡᠭᠭᠡᠷᠡᠭᠰᠡᠨ ᠤ ᠬᠠᠭᠤᠴᠢᠨ ᠬᠡᠷ ᠪᠠᠶᠢᠰᠢᠩ ᠲᠠᠢ | ᠬᠠᠷᠢᠴᠠᠭᠤᠯᠪᠠᠯ᠂ ᠡᠨᠡ ᠬᠦ ᠰᠢᠨ᠎ᠡ ᠤᠷᠤᠨ ᠰᠠᠭᠤᠴᠠ ᠨᠢ ᠤᠰᠤ ᠴᠠᠬᠢᠯᠭᠠᠨ ᠬᠡᠢ ᠵᠡᠷᠭᠡ ᠰᠠᠭᠤᠷᠢ ᠨᠦᠬᠦᠴᠡᠯ ᠪᠦᠷᠢᠨ ᠪᠤᠯᠵᠤ᠂ ᠲᠤᠯᠠᠭᠠᠯᠠᠭ᠎ᠠ ᠶᠢ ᠨᠢᠬᠡᠳᠦᠯ ᠲᠠᠢ | ᠬᠠᠨᠭ᠍ᠭᠠᠵᠤ᠂ ᠬᠤᠭᠤᠯᠠ ᠪᠤᠳᠠᠭᠠᠨ ᠭᠡᠷ᠂ ᠬᠤᠨᠤᠵᠤ ᠬᠡᠪᠲᠡᠬᠦ ᠤᠷᠤᠨ ᠪᠦᠷ ᠬᠤᠪᠢ ᠬᠤᠪᠢ ᠤ ᠪᠠᠨ ᠪᠠᠶᠢᠵᠤ᠂ ᠲᠡᠳᠡᠨ ᠤ ᠠᠮᠢᠳᠤᠷᠠᠯ ᠤᠨ ᠴᠢᠨᠠᠷ ᠴᠢᠨᠰᠠᠭ᠎ᠠ ᠳᠤ | ᠲᠤᠩ ᠶᠡᠭᠡ ᠬᠤᠪᠢᠷᠠᠯᠲᠠ ᠭᠠᠷᠭᠠᠯ᠎ᠠ ᠬᠡᠵᠤ ᠪᠠᠶᠢᠯ᠎ᠠ ᠃ | | | | | | ᠤᠶᠢᠯᠠᠭᠠᠬᠰᠠᠨ ᠢᠶᠠᠷ᠂ ᠪᠤᠷᠤᠪᠠᠯᠭᠠᠰᠤ ᠪᠠᠯᠭᠠᠰᠤᠨ ᠤ ᠬᠠᠭᠤᠴᠢᠨ ᠭᠡᠷ ᠪᠠᠶᠢᠰᠢᠩ ᠢ ᠰᠢᠨᠡᠳᠬᠡᠨ ᠵᠠᠰᠠᠬᠤ ᠲᠦᠷᠦᠯ ᠵᠦᠢᠯ ᠪᠤᠯ ᠬᠦᠨᠵᠤᠵᠠᠭᠠᠨ ᠬᠤᠪᠢᠰᠬᠠᠯᠲᠤ | ᠰᠤᠶᠤᠯ ᠲᠠᠢ ᠪᠤᠷᠤᠪᠠᠯᠭᠠᠰᠤ ᠶᠢ ᠰᠠᠶᠢᠲᠤᠷ ᠪᠦᠲᠦᠭᠡᠨ ᠪᠠᠶᠢᠭᠤᠯᠬᠤ ᠠᠷᠠᠳ ᠲᠤ ᠠᠰᠢᠭ ᠬᠦᠷᠲᠡᠭᠡᠬᠦ ᠲᠦᠷᠦᠯᠵᠦ᠋ᠢᠯ ᠤᠨ ᠨᠢᠬᠡ ᠨᠢ ᠪᠤᠯᠤᠨ᠎ᠠ᠃ ᠲᠦᠷᠦᠯ ᠵᠦᠢᠯ ᠤᠨ | ᠶᠡᠷᠦᠩᠭᠡᠢ ᠲᠠᠯᠠᠪᠠᠢ 7 ᠲᠦᠮᠡ ᠭᠠᠷᠤᠢ ᠲᠡᠭᠰᠢ ᠲᠦᠷᠪᠡᠯᠵᠢᠨ ᠮᠧᠲᠷ ᠪᠠᠶᠢᠵᠤ᠂ᠤᠰᠤ ᠴᠠᠬᠢᠯᠭᠠᠨ ᠰᠦᠯᠵᠢᠶ᠎ᠡ ᠲᠤᠯᠠᠭᠠᠯᠠᠭ᠎ᠠ ᠵᠡᠷᠭᠡ ᠶᠢ ᠢᠵᠢ ᠪᠦᠷᠢᠳᠦᠭᠦᠯᠦᠨ | ᠪᠠᠶᠢᠭᠤᠯᠬᠤ ᠶᠡᠷᠦᠩᠭᠡᠢ ᠪᠡᠯᠡ ᠤᠷᠤᠭᠤᠯᠤᠯᠲᠠ ᠨᠢ 1.5ᠳ᠋ᠦᠡᠭᠰᠢᠭᠤᠷ ᠲᠦᠭᠦᠷᠢᠭ ᠲᠤ ᠬᠦᠷᠴᠦ᠂ 320 ᠡᠷᠦᠬᠡ ᠶᠢ ᠲᠦᠪᠬᠢᠨᠡᠭᠦᠯᠦᠨ ᠰᠠᠭᠤᠯᠭᠠᠵᠤ ᠲᠡᠶᠢᠯᠬᠦ | ᠪᠤᠯᠤᠨ᠎ᠠ᠃ ᠤᠳᠤᠬᠠᠨ ᠳᠤ ᠨᠢᠬᠡᠨᠲᠡ80 ᠭᠠᠷᠤᠢ ᠡᠷᠦᠬᠡ ᠰᠢᠨ᠎ᠡ ᠰᠠᠭᠤᠴᠠᠨ ᠳᠠᠭᠠᠨ ᠰᠠᠭᠤᠵᠤ᠂ 40 ᠭᠠᠷᠤᠢ ᠡᠷᠦᠬᠡ ᠨᠢ ᠶᠠᠭ ᠰᠠᠶᠢᠬᠠᠨ ᠦᠷᠦᠭᠡ ᠪᠠᠨ ᠵᠠᠰᠠᠨ | ᠴᠢᠮᠡᠭᠯᠡᠵᠤ᠂ᠡᠨᠡ ᠵᠢᠯ ᠪᠦᠬᠦᠨ ᠢᠶᠠᠷ ᠢᠶᠠᠨ ᠨᠡᠭᠦᠨ ᠤᠷᠤᠬᠤ ᠪᠤᠯᠤᠨ᠎ᠠ᠃ | | | | | |